蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠬᠢᠩᠭᠠᠨ ᠠᠶᠢᠮᠠᠭ ᠲᠤ ᠠᠵᠢᠯ ᠰᠢᠯᠭᠠᠪᠠ

2017-04-19 11:50

    4 ᠰᠠᠷ᠎ᠠ ᠶᠢᠨ 15 ᠡᠴᠡ 17 ᠤ ᠡᠳᠦᠷ ᠪᠤᠯᠳᠠᠯ᠎ᠠ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ᠂ ᠲᠦᠴᠢᠤᠸᠠᠨ ᠰᠢᠶᠠᠨ᠂ ᠵᠠᠯᠠᠶᠢᠳ ᠬᠤᠰᠢᠭᠤ ᠪᠠᠷ ᠬᠦᠨᠵᠡᠭᠡᠶᠢᠷᠡᠨ ᠶᠠᠳᠠᠭᠤ ᠬᠦᠴᠢᠷᠳᠡᠯᠳᠡᠢ ᠤᠯᠠᠨ ᠲᠦᠮᠡᠨ ᠢ ᠡᠷᠬᠢᠨ ᠦᠵᠡᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠰᠤᠳᠤᠯᠪᠠ᠃ ᠲᠡᠷᠡ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠭᠦᠵᠤ ᠨᠡᠭᠡᠭᠡᠨ ᠬᠦᠭᠵᠢᠭᠦᠯᠭᠦ ᠴᠢᠬᠤᠯᠠ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ 《ᠲᠦᠷᠪᠡᠨ ᠤᠬᠠᠮᠰᠠᠷ》 ᠢ᠋ᠶᠠᠨ ᠴᠢᠨᠠᠬᠰᠢᠳᠠ ᠴᠢᠩᠭᠠᠳᠬᠠᠨ ᠠᠰᠠᠭᠤᠳᠠᠯ ᠢ ᠰᠢᠢᠳᠪᠦᠷᠢᠯᠡᠭᠦ ᠪᠠᠷ ᠰᠢᠪᠳᠤᠯᠤᠯᠳᠠ ᠪᠤᠯᠭᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠨ᠎ᠠ ᠢᠯᠠᠯᠳᠠ ᠶᠢ ᠲᠠᠰᠤᠷᠠᠯᠳᠠ ᠦᠭᠡᠢ ᠲᠡᠮᠡᠴᠡᠨ ᠤᠯᠬᠤ ᠬᠡᠷᠡᠭᠳᠡᠢ ᠬᠡᠵᠡᠢ᠃

    ᠬᠢᠩᠭᠠᠨ ᠠᠶᠢᠮᠠᠭ ᠪᠤᠯ ᠨᠡᠶᠢᠳᠡᠯᠢᠭ ᠪᠦᠬᠦᠢ ᠬᠤᠪᠢᠰᠬᠠᠯ ᠤᠨ ᠡᠷᠳᠡ ᠴᠢᠯᠦᠭᠡᠯᠡᠭᠳᠡᠭᠰᠡᠨ ᠣᠷᠣᠨ᠂ ᠴᠦᠭᠡᠨ ᠲᠤᠭᠠᠳᠦ ᠦᠨᠳᠦᠰᠦᠳᠡᠨ ᠤ ᠣᠷᠣᠨ᠂ ᠬᠢᠯᠢ ᠬᠢᠵᠠᠭᠠᠷ ᠤᠨ ᠶᠠᠳᠠᠭᠤ ᠬᠦᠴᠢᠷᠳᠡᠯᠳᠡᠢ ᠣᠷᠣᠨ ᠪᠠᠶᠢᠵᠤ᠂ ᠤᠯᠤᠰ ᠤᠨ ᠲᠦᠪᠯᠡᠷᠡᠨ ᠵᠠᠯᠭᠠᠯᠳᠤᠬᠰᠠᠨ ᠶᠠᠳᠠᠭᠤ ᠬᠦᠴᠢᠷᠳᠡᠯᠳᠡᠢ ᠤᠷᠤᠨ ᠪᠣᠯᠬᠤ ᠪᠦᠭᠡᠳ ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠭᠤᠤᠯ ᠲᠠᠶᠢᠨ ᠤ ᠲᠠᠯᠠᠪᠤᠷ ᠪᠤᠯᠤᠨ᠎ᠠ᠃ ᠬᠢᠩᠭᠠᠨ ᠠᠶᠢᠮᠠᠭ ᠲᠦᠪ ᠤᠨ ᠱᠠᠭᠠᠷᠳᠠᠯᠭ᠎ᠠ ᠶᠤᠰᠤᠭᠠᠷ ᠲᠤᠬᠳᠠᠬᠰᠠᠨ ᠬᠤᠭᠤᠴᠠᠭᠠᠨ ᠳᠤ ᠶᠠᠳᠠᠭᠤ ᠬᠦᠴᠢᠷᠳᠡᠯᠳᠠᠢ ᠬᠤᠰᠢᠭᠤ ᠰᠢᠶᠠᠨ ᠢᠶᠠᠨ ᠶᠠᠳᠠᠭᠤ ᠠᠴᠠ ᠠᠩᠬᠢᠵᠢᠷᠠᠭᠤᠯᠵᠤ ᠲᠠᠶᠢᠯᠬᠦ ᠡᠰᠡᠬᠦ᠂ ᠬᠦᠮᠦᠨ ᠠᠷᠠᠳ ᠢᠶᠠᠨ ᠶᠠᠳᠠᠭᠤ ᠠᠴᠠ ᠨᠢ ᠠᠩᠬᠢᠵᠢᠷᠠᠭᠤᠯᠵᠤ ᠲᠡᠶᠢᠯᠭᠦ ᠡᠰᠡᠭᠦ ᠶᠢᠨ ᠲᠤᠬᠠᠢ ᠯᠢ ᠵᠢᠢ ᠾᠧᠩ ᠲᠤᠩ ᠬᠠᠯᠠᠮᠵᠢᠯᠠᠨ᠎ᠠ᠃ 3 ᠡᠳᠦᠷ ᠤᠨ ᠲᠤᠷᠰᠢ᠂ ᠲᠡᠷᠡ ᠠᠶᠠᠨ ᠵᠠᠮ ᠤᠨ ᠠᠯᠵᠢᠶᠠᠯ ᠵᠦᠳᠡᠷᠡᠯ ᠢᠶᠠᠨ ᠦᠯᠦ ᠬᠠᠶᠢᠬᠤᠷᠤᠨ ᠬᠢᠩᠭᠠᠨ ᠠᠶᠢᠮᠠᠭ ᠤᠨ ᠬᠠᠮᠤᠭ ᠤᠨ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ᠢᠶᠠᠷ ᠬᠦᠨᠵᠡᠭᠡᠶᠢᠷᠡᠵᠤ᠂ ᠭᠠᠴᠠᠭ᠎ᠠ ᠲᠤᠰᠬᠤᠨ ᠳᠤ ᠬᠦᠷᠴᠤ ᠠᠶᠢᠯ ᠡᠷᠦᠭᠡ ᠪᠠᠷ ᠤᠷᠤᠵᠤ ᠂ ᠶᠠᠳᠠᠭᠤᠷᠠᠭᠰᠠᠨ ᠪᠠᠶᠢᠳᠠᠯ ᠢ ᠨᠢ ᠣᠢᠢᠯᠠᠭᠠᠨ ᠬᠦᠴᠢᠷᠳᠡᠯ ᠢ ᠨᠢ ᠠᠰᠠᠭᠤᠵᠤ᠂ ᠺᠠᠳ᠋ᠷ ᠤᠯᠠᠨ ᠲᠦᠮᠡᠨ ᠲᠠᠢ ᠪᠤᠳᠤᠯ ᠰᠠᠨᠠᠯ ᠢᠶᠠᠨ ᠬᠦᠨᠵᠡᠭᠡᠢ ᠰᠤᠯᠢᠯᠴᠠᠵᠤ᠂ ᠠᠷᠭ᠎ᠠ ᠬᠡᠮᠵᠢᠶ᠎ᠠ ᠪᠣᠳᠣᠯᠬᠢᠯᠠᠨ ᠠᠷᠭᠠᠴᠠᠭᠠᠬᠤ ᠪᠤᠳᠤᠯᠭ᠎ᠠ ᠰᠦᠪᠡᠭᠴᠢᠯᠡᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠡᠭᠡ ᠪᠤᠳᠤᠯᠭ᠎ᠠ ᠶᠢ ᠬᠠᠮᠳᠤᠪᠡᠷ ᠵᠦᠪᠯᠡᠵᠡᠢ᠃

    《ᠶᠡᠷᠦᠩᠬᠡᠢ ᠱᠦᠵᠢ ᠰᠢ ᠶᠢᠨ ᠫᠢᠩ ᠤᠯᠠᠨ ᠤ ᠦᠢᠯᠡᠳᠪᠦᠷᠢᠯᠡᠯ ᠠᠮᠢᠳᠤᠷᠠᠯ ᠢ ᠲᠦᠢᠯ ᠢᠶᠠᠷ ᠬᠠᠯᠠᠮᠵᠢᠯᠠᠵᠤ ᠪᠤᠢ᠃ ᠤᠯᠠᠨ ᠢᠶᠠᠷ ᠢᠶᠠᠨ ᠢᠳᠡᠭᠡᠯ ᠵᠤᠷᠢᠭ ᠢᠶᠠᠨ ᠪᠠᠳᠤᠳᠬᠠᠨ᠂ ᠨᠠᠮ ᠪᠤᠯᠤᠠ ᠵᠠᠰᠠᠭ ᠤᠨ ᠤᠷᠳᠤᠨ ᠤ ᠲᠠᠭᠠᠭᠤᠯᠭ᠎ᠠ ᠲᠤᠤᠷ᠎ᠠ ᠳᠡᠰᠪᠦᠷᠢ ᠬᠠᠳᠠᠭᠤᠵᠢᠯᠳᠡᠢ ᠲᠡᠮᠡᠴᠡᠵᠤ᠂ ᠲᠤᠬᠳᠠᠬᠰᠠᠨ ᠬᠤᠭᠤᠴᠠᠭᠠᠨ ᠳᠤ ᠶᠠᠳᠠᠭᠤ ᠠᠴᠠ ᠠᠩᠬᠢᠵᠢᠷᠠᠵᠤ ᠴᠢᠨᠡᠭᠡᠯᠢᠭᠵᠢᠯ ᠤᠨ ᠵᠠᠮ ᠢᠶᠠᠷ ᠵᠠᠮᠨᠠᠬᠤ ᠬᠡᠷᠡᠭᠳᠡᠢ》 ᠬᠡᠵᠤ ᠯᠢ ᠵᠢᠢ ᠾᠧᠩ ᠤᠷᠢᠳ ᠬᠤᠵᠢᠳ 7 ᠶᠠᠳᠠᠭᠤ ᠬᠦᠴᠢᠷᠳᠡᠯᠳᠡᠢ ᠡᠷᠦᠭᠡ ᠪᠠᠷ ᠬᠦᠷᠴᠦ ᠰᠤᠷᠪᠤᠯᠵᠢᠯᠠᠨ ᠣᠢᠢᠯᠠᠭᠠᠪᠠ᠃ ᠳᠡᠷᠡ ᠬᠦᠷᠦᠭᠰᠡᠨ ᠡᠷᠦᠭᠡ ᠪᠤᠯᠭᠠᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠠ ᠶᠠᠳᠠᠭᠤᠷᠠᠬᠰᠠᠨ ᠰᠢᠯᠳᠠᠭᠠᠨ ᠢ ᠨᠠᠷᠢᠨ ᠨᠢᠮᠪᠠᠢ ᠠᠰᠠᠭᠤᠨ ᠤᠢᠢᠯᠠᠭᠠᠵᠤ᠂ ᠮᠡᠨᠳᠦ ᠰᠠᠶᠢᠨ ᠢ ᠨᠢ ᠠᠰᠠᠭᠤᠵᠣ᠂ ᠨᠠᠮ ᠤᠨ ᠲᠦᠪ ᠬᠤᠷᠢᠶ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠶᠢ ᠶᠠᠳᠠᠭᠤ ᠬᠦᠴᠢᠷᠳᠡᠯᠳᠡᠢ ᠮᠠᠯᠴᠢᠨ ᠲᠠᠷᠢᠶᠠᠴᠢᠨ ᠤ ᠰᠡᠳᠬᠢᠯ ᠳᠤ ᠬᠦᠷᠭᠡᠪᠡ᠃ ᠤᠯᠠᠩᠬᠢ ᠶᠠᠳᠠᠭᠤ ᠬᠦᠴᠢᠷᠳᠡᠯᠳᠡᠢ ᠡᠷᠦᠭᠡ ᠡᠪᠡᠳᠴᠢᠨ ᠠᠴᠠ ᠪᠤᠯᠵᠤ ᠶᠠᠳᠠᠭᠤᠷᠠᠬᠰᠠᠨ ᠪᠠ ᠡᠪᠡᠳᠴᠢᠨ ᠠᠴᠠ ᠪᠤᠯᠵᠤ ᠲᠠᠬᠢᠨ ᠶᠠᠳᠠᠭᠤᠷᠠᠬᠰᠠᠨ ᠪᠠᠶᠢᠳᠠᠯ ᠢ ᠤᠯᠵᠤ ᠮᠡᠳᠡᠭᠰᠡᠨ ᠤ ᠲᠠᠷᠠᠭ᠎ᠠ ᠲᠡᠷᠡ᠂ ᠠᠷᠠᠳ ᠲᠦᠮᠡᠨ ᠤ ᠡᠷᠡᠭᠦᠯ ᠡᠩᠬᠡ ᠦᠭᠡᠢ ᠪᠤᠯ ᠠᠷᠠᠳ ᠲᠦᠮᠡᠨ ᠤ ᠴᠢᠨᠡᠭᠡᠯᠢᠭ ᠪᠠᠶᠢᠵᠤ ᠴᠢᠳᠠᠬᠤ ᠦᠭᠡᠢ᠂ ᠡᠷᠡᠭᠦᠯ ᠡᠩᠬᠡ ᠪᠠᠷ ᠶᠠᠳᠠᠭᠤ ᠶᠢ ᠲᠡᠳᠭᠦᠭᠦ ᠡᠷᠴᠢᠮ ᠢᠶᠠᠨ ᠦᠨᠡᠨᠭᠦ ᠴᠢᠩᠭᠠᠷᠠᠭᠤᠯᠵᠤ᠂ ᠶᠠᠳᠠᠭᠤ ᠬᠦᠴᠢᠷᠳᠡᠯᠳᠡᠢ ᠡᠷᠦᠭᠡ ᠶᠢ ᠬᠠᠪᠰᠤᠷᠤᠨ ᠬᠦᠴᠢᠷᠳᠡᠯᠲᠠᠢ ᠪᠠᠶᠢᠳᠡᠯ ᠠᠴᠠ ᠨᠢ ᠲᠦᠷᠭᠡᠨ ᠠᠩᠬᠢᠵᠢᠷᠠᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃

    ᠬᠦᠷᠦᠭᠰᠡᠨ ᠭᠠᠴᠠᠭ᠎ᠠ ᠲᠤᠰᠬᠤᠨ ᠪᠦᠷᠢ ᠶᠢᠨ 《ᠬᠤᠶᠠᠷ ᠵᠦᠪᠯᠡᠯ》 ᠪᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠲᠠᠰᠤᠭ ᠲᠤ᠂ ᠯᠢ ᠵᠢᠢ ᠾᠧᠩ ᠦᠨᠳᠦᠰᠦᠨ ᠱᠠᠳᠤᠨ ᠤ ᠺᠠᠳ᠋ᠷᠴᠤᠳ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠲᠦᠯᠦᠭᠡᠯᠡᠭᠴᠢᠳ ᠲᠠᠢ ᠶᠠᠷᠢᠯᠴᠠᠵᠤ ᠪᠤᠳᠤᠯ ᠰᠠᠨᠠᠯ ᠢᠶᠠᠨ ᠰᠤᠯᠢᠯᠴᠠᠬᠤ ᠳᠠᠭᠠᠨ ᠱᠠᠭᠠᠷᠳᠠᠭᠰᠠᠨ ᠨᠢ᠂ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠤᠳ ᠴᠢᠩ ᠦᠨᠡᠨ ᠰᠡᠳᠬᠢᠯ ᠠᠴᠠ ᠪᠠᠨ ᠪᠤᠳᠠᠳᠠᠢ ᠠᠷᠭ᠎ᠠ ᠭᠠᠷᠭᠠᠨ ᠪᠦᠬᠦ ᠬᠦᠴᠦᠨ ᠢᠶᠠᠨ ᠰᠢᠪᠬᠠᠵᠣ᠂ ᠠᠷᠭ᠎ᠠ ᠪᠦᠬᠦᠨ ᠢ ᠰᠦᠪᠡᠭᠴᠢᠯᠡᠨ ᠶᠠᠳᠠᠭᠤ ᠬᠦᠴᠢᠷᠳᠡᠯᠳᠡᠢ ᠤᠯᠠᠨ ᠲᠦᠮᠡᠨ ᠢ ᠬᠠᠪᠰᠤᠷᠴᠤ ᠶᠠᠳᠠᠭᠤ ᠠᠴᠠ ᠨᠢ ᠠᠩᠬᠢᠵᠢᠷᠠᠭᠤᠯᠬᠤ ᠬᠡᠷᠡᠭᠳᠡᠢ ᠬᠡᠪᠠ᠃

    ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠰᠠᠭᠤᠭ᠎ᠠ ᠭᠠᠵᠠᠷ ᠲᠤ᠂ ᠯᠢ ᠵᠢᠢ ᠾᠧᠩ ᠲᠤᠰᠬᠤᠨ ᠳᠤ ᠰᠠᠭᠤᠭ᠎ᠠ ᠺᠠᠳ᠋ᠷᠴᠤᠳ  ᠢ ᠰᠡᠳᠬᠢᠯ ᠰᠠᠨᠠᠭ᠎ᠠ ᠪᠠᠨ ᠲᠦᠪᠯᠡᠷᠡᠭᠦᠯᠦᠨ ᠯᠠᠪᠳᠠᠭᠤᠨ ᠰᠠᠭᠤᠵᠤ᠂ ᠲᠤᠬᠳᠠᠪᠤᠷᠢ ᠲᠠᠢ ᠠᠵᠢᠯᠯᠠᠨ ᠰᠠᠶᠢᠳᠤᠷ ᠬᠠᠪᠰᠤᠷᠴᠣ᠂ ᠤᠯᠠᠨ ᠲᠦᠮᠡᠨ ᠯᠦᠭᠡ ᠬᠠᠮᠳᠤ ᠠᠵᠢᠯᠯᠠᠨ ᠬᠠᠮᠳᠤᠪᠡᠷ ᠴᠢᠷᠮᠠᠶᠢᠵᠤ᠂ ᠨᠢᠭᠡ ᠰᠡᠳᠬᠢᠯ ᠨᠢᠭᠡ ᠵᠤᠷᠢᠭ ᠢᠶᠠᠷ ᠤᠯᠠᠨ ᠲᠦᠮᠡᠨ ᠢ ᠶᠠᠳᠠᠭᠤ ᠠᠴᠠ ᠠᠩᠬᠢᠵᠢᠷᠠᠭᠤᠯᠬᠤ ᠠᠷᠭ᠎ᠠ ᠬᠡᠮᠵᠢᠶ᠎ᠠ ᠶᠢ ᠰᠦᠪᠡᠭᠴᠢᠯᠡᠨ ᠭᠠᠷᠬᠤ ᠵᠠᠮ ᠢ ᠡᠷᠢᠯᠬᠢᠯᠡᠭᠦ ᠬᠡᠷᠡᠭᠳᠡᠢ ᠬᠡᠵᠤ ᠱᠠᠭᠠᠷᠳᠠᠵᠠᠢ᠃ ᠯᠢ ᠵᠢᠢ ᠾᠧᠩ ᠪᠠᠰᠠ 5 ᠮᠠᠯ ᠠᠵᠤ ᠠᠬᠤᠢ ᠲᠠᠷᠢᠶᠠᠯᠠᠩ ᠤᠨ ᠲᠠᠭᠠᠭᠤᠯᠤᠭᠴᠢ ᠠᠵᠤ ᠠᠬᠤᠢᠢᠯᠠᠯ ᠪᠠ ᠲᠤᠰᠬᠠᠢ ᠬᠤᠷᠰᠢᠶ᠎ᠠ ᠶᠢᠨ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠪᠠ᠃ ᠲᠡᠷᠡ ᠵᠢᠭᠠᠵᠤ ᠭᠠᠷᠭᠠᠬᠰᠠᠨ ᠨᠢ᠂ ᠠᠵᠤ ᠦᠢᠯᠡᠰ ᠢ ᠬᠦᠭᠵᠢᠭᠦᠯᠭᠦ ᠪᠣᠯ 《ᠶᠠᠳᠠᠭᠤ ᠶᠢᠨ ᠦᠨᠳᠦᠰᠦ》 ᠶ᠋ᠢ ᠠᠷᠢᠯᠭᠠᠬᠤ᠂ ᠲᠤᠬᠳᠠᠭᠤᠨ ᠢᠶᠠᠷ ᠶᠠᠳᠠᠭᠤ ᠠᠴᠠ ᠨᠢ ᠠᠩᠬᠢᠵᠢᠷᠠᠭᠤᠯᠬᠤ ᠶᠢᠨ 《ᠠᠯᠳᠠᠨ ᠲᠦᠯᠬᠢᠭᠦᠷ》 ᠪᠣᠯᠣᠨ᠎ᠠ᠃ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠨ ᠤᠨᠴᠠᠯᠢᠬᠳᠦ ᠠᠵᠤ ᠦᠢᠯᠡᠰ ᠢ ᠬᠦᠭᠵᠢᠭᠦᠯᠵᠤ᠂ ᠺᠤᠮᠫᠠᠨᠢ + ᠮᠠᠯᠵᠢᠬᠤ ᠲᠠᠷᠢᠶᠠᠯᠠᠬᠤ ᠡᠷᠦᠭᠡ᠂ ᠨᠡᠶᠢᠭᠡᠮᠯᠢᠭ + ᠮᠠᠯᠵᠢᠬᠤ ᠲᠠᠷᠢᠶᠠᠯᠠᠬᠤ ᠡᠷᠦᠭᠡ ᠶᠢᠨ ᠶᠠᠳᠠᠭᠤ ᠶᠢ ᠲᠡᠳᠭᠦᠭᠦ ᠵᠠᠬᠪᠤᠷ ᠢ ᠶᠡᠭᠡᠪᠡᠷ ᠲᠡᠯᠭᠡᠷᠡᠭᠦᠯᠵᠤ᠂ ᠠᠵᠤ ᠠᠬᠤᠢᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ ᠳᠣᠰᠠ ᠶᠢᠨ ᠬᠤᠯᠪᠤᠭᠠᠨ ᠤ ᠲᠤᠬᠳᠠᠴᠠ ᠶᠢ ᠲᠡᠭᠦᠯᠳᠡᠷᠵᠢᠭᠦᠯᠵᠤ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠤᠷᠤᠯᠭ᠎ᠠ ᠶᠢᠨ ᠲᠤᠬᠳᠠᠭᠤᠨ ᠢᠶᠠᠷ ᠨᠡᠮᠡᠭᠳᠡᠭᠦ ᠶᠢ ᠠᠬᠢᠭᠤᠯᠬᠤ ᠬᠡᠷᠡᠭᠳᠡᠢ ᠬᠡᠵᠡᠢ᠃

    ᠪᠠᠶᠢᠴᠠᠭᠠᠨ ᠰᠤᠳᠤᠯᠤᠯᠳᠠ ᠬᠢᠭᠰᠡᠨ ᠬᠤᠭᠤᠴᠠᠭᠠᠨ ᠳᠠᠭᠠᠨ᠂ ᠯᠢ ᠵᠢᠢ ᠾᠧᠩ ᠬᠢᠩᠭᠠᠨ ᠠᠶᠢᠮᠠᠭ ᠤᠨ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠬᠤ ᠶᠢᠨ ᠬᠠᠮᠳᠤ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠬᠰᠠᠨ ᠨᠢ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠪᠤᠯ ᠨᠠᠮ ᠪᠤᠯᠤᠨ ᠤᠯᠤᠰ ᠠᠴᠠ ᠠᠷᠠᠳ ᠲᠦᠮᠡᠨ ᠳᠤ ᠠᠮᠠᠯᠳᠠᠬᠰᠠᠨ ᠲᠦᠪ ᠴᠢᠩᠭ᠎ᠠ ᠠᠮᠠᠯᠠᠯᠳᠠ ᠪᠣᠯᠣᠨ᠎ᠠ᠃ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠰᠠᠭᠤᠳᠠᠯ ᠤᠨ ᠤᠬᠠᠮᠰᠠᠷ ᠢᠶᠠᠨ ᠴᠢᠩᠭᠠᠳᠬᠠᠨ ᠠᠰᠠᠭᠤᠳᠠᠯ ᠤᠨ ᠤᠳᠤᠷᠢᠳᠤᠮᠵᠢ ᠶᠢ ᠲᠤᠪᠤᠶᠢᠯᠭᠠᠵᠤ᠂ ᠠᠵᠢᠯ ᠢ ᠠᠬᠢᠭᠤᠯᠬᠤ ᠳᠣᠮᠳᠠᠬᠢ ᠪᠣᠳᠠᠳᠠᠢ ᠠᠰᠠᠭᠤᠳᠠᠯ ᠢ ᠴᠢᠭᠯᠡᠭᠦᠯᠦᠯᠳᠦ ᠴᠢᠨᠠᠷᠳᠠᠢ ᠪᠠᠷ ᠰᠤᠳᠤᠯᠣᠨ ᠰᠢᠢᠳᠪᠦᠷᠢᠯᠡᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠬᠦᠨᠵᠡᠭᠡᠢ ᠬᠢᠵᠤ ᠤᠨᠤᠪᠴᠢᠳᠠᠢ ᠬᠢᠵᠤ ᠪᠤᠳᠠᠳᠠᠢ ᠬᠢᠵᠤ ᠰᠠᠶᠢᠳᠤᠷ ᠬᠢᠭᠦ ᠬᠡᠷᠡᠭᠳᠡᠢ᠃ ᠦᠵᠡᠯ ᠰᠠᠨᠠᠭ᠎ᠠ ᠲᠠᠨᠢᠯᠳᠠ ᠪᠠᠨ ᠬᠦᠨᠵᠡᠭᠡᠶᠢᠷᠡᠭᠦᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ ᠤᠨᠢᠨ ᠲᠡᠭᠡᠷ᠎ᠡ ᠨᠢ ᠠᠷᠭ᠎ᠠ ᠪᠤᠳᠤᠯᠭ᠎ᠠ ᠲᠤᠭᠳᠠᠭᠠᠨ ᠬᠡᠷᠡᠭᠵᠢᠭᠦᠯᠭᠦ ᠶᠢ ᠪᠠᠷᠢᠮᠳᠠᠯᠠᠵᠤ᠂ ᠪᠡᠯᠡ ᠤᠷᠤᠭᠤᠯᠬᠤ ᠡᠷᠴᠢᠮ ᠢᠶᠠᠨ ᠴᠢᠩᠭᠠᠷᠠᠭᠤᠯᠵᠣ᠂ ᠨᠡᠩ ᠴᠢᠩᠭ᠎ᠠ ᠪᠠᠷ ᠱᠠᠯᠠᠪᠳᠠᠭᠤᠯᠤᠨ ᠪᠠᠶᠢᠴᠠᠭᠠᠵᠤ ᠰᠢᠯᠭᠠᠨ ᠪᠠᠶᠢᠴᠠᠭᠠᠵᠤ᠂ ᠤᠯᠠᠨ ᠲᠦᠮᠡᠨ ᠤ ᠭᠤᠤᠯ ᠴᠤᠬᠴᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠡᠷᠡᠰ ᠰᠢᠭᠤᠷᠬᠠᠢ ᠤᠪᠤᠷ ᠪᠤᠯᠤᠨ ᠡᠷᠴᠢ ᠵᠤᠷᠢᠭ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠲᠡᠮᠡᠴᠡᠨ ᠤᠯᠬᠤ ᠪᠠᠷ ᠬᠦᠴᠦᠯᠡᠨ ᠴᠢᠷᠮᠠᠶᠢᠬᠤ ᠬᠡᠷᠡᠭᠳᠡᠢ ᠬᠡᠵᠡᠢ᠃

    ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠸᠠᠩ ᠬᠤᠸᠠᠨ ᠴᠧᠩ ᠵᠢᠴᠢ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠤᠯᠳᠠ ᠬᠢᠬᠦ ᠳᠤ ᠤᠷᠤᠯᠴᠠᠵᠠᠢ᠃ 

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701120836843