蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠮᠠᠯᠠᠶᠢᠰᠢᠶ᠎ᠠ ᠶᠢᠨ ᠵᠤᠴᠢᠨ ᠲᠠᠢ ᠠᠭᠤᠯᠵᠠᠪᠠ

2017-04-21 11:13

    4 ᠰᠠᠷ᠎ᠠ ᠶᠢᠨ 19 ᠤ ᠦᠳᠡ ᠶᠢᠨ ᠬᠤᠶᠢᠨ᠎ᠠ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠦᠬᠡᠬᠤᠳᠠ ᠳᠤ ᠮᠠᠯᠠᠶᠢᠰᠢᠶ᠎ᠠ ᠶᠢᠨ ᠯᠢᠤᠢ ᠶᠧ ᠪᠦᠯᠦᠭᠯᠡᠯ ᠤᠨ ᠬᠡᠷᠡᠭ ᠮᠡᠳᠡᠭᠴᠢᠳ ᠤᠨ ᠲᠠᠷᠤᠭ᠎ᠠ ᠯᠢ ᠶᠢᠨ ᠶᠢᠤ ᠨᠠᠷ ᠲᠠᠢ ᠠᠭᠤᠯᠵᠠᠪᠠ᠃

    ᠯᠢ ᠵᠢᠢ ᠾᠧᠩ ᠡᠩ ᠲᠠᠷᠢᠬᠦᠨ ᠳᠤ ᠯᠢ ᠶᠢᠨ ᠶᠢᠦ ᠨᠠᠷ ᠤᠨ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠬᠳᠤᠵᠤ ᠪᠠᠶᠢᠬᠤ ᠪᠠᠨ ᠢᠯᠡᠳᠭᠡᠪᠡ᠃ ᠯᠢ ᠵᠢᠢ ᠾᠧᠩ ᠦᠪᠦᠷ ᠮᠤᠩᠭᠤᠯ ᠤᠨ ᠦᠨᠳᠦᠰᠦᠨ ᠪᠠᠶᠢᠳᠠᠯ ᠢᠶᠠᠨ ᠲᠦᠭᠦᠮ ᠲᠠᠨᠢᠯᠴᠠᠭᠤᠯᠣᠭᠰᠠᠨ ᠤ ᠳᠠᠷᠠᠭ᠎ᠠ᠂ ᠤᠳᠤᠬᠠᠨ ᠳᠤ ᠮᠠᠨ ᠤ ᠤᠷᠤᠨ ᠤ ᠬᠦᠭᠵᠢᠯᠳᠡ ᠳᠤ ᠤᠯᠠᠨ ᠠᠰᠢᠬ ᠲᠠᠢ ᠠᠵᠠ ᠲᠤᠬᠢᠶᠠᠯ ᠲᠤᠬᠢᠶᠠᠯᠳᠤᠵᠤ ᠪᠤᠢ᠂ ᠤᠷᠤᠨ ᠲᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠠᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠬᠦᠭᠵᠢᠯᠳᠡ᠂ ᠠᠮᠢ ᠠᠬᠤᠢ ᠪᠠ ᠠᠷᠠᠳ ᠤᠨ ᠠᠮᠢᠳᠤᠷᠠᠯ ᠭᠤᠷᠪᠠᠨ ᠬᠤᠷᠢᠭ᠎ᠠ ᠱᠤᠭᠤᠮ ᠢ ᠡᠷᠡᠰ ᠰᠠᠬᠢᠵᠤ᠂ ᠰᠠᠭᠤᠷᠢ ᠲᠦᠭᠦᠭᠡᠷᠦᠮᠵᠢ ᠶᠢᠨ 《ᠲᠤᠯᠤᠭᠠᠨ ᠲᠤᠤᠷ》 ᠢ᠋ ᠬᠠᠮᠳᠤ ᠳᠤᠨᠢ ᠪᠠᠶᠢᠭᠤᠯᠬᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠨᠨᠳᠤᠵᠤ ᠪᠠᠶᠢᠭ᠎ᠠ ᠠᠵᠤ ᠦᠢᠯᠡᠰ ᠤᠨ 《ᠲᠤᠯᠤᠭᠠᠨ ᠦᠢᠯᠡᠰ》  ᠢ᠋ ᠵᠡᠷᠭᠡᠪᠡᠷ ᠮᠠᠨᠳᠤᠭᠤᠯᠬᠤ ᠶᠢ ᠶᠡᠭᠡᠪᠡᠷ ᠠᠬᠢᠭᠤᠯᠵᠤ᠂ ᠬᠤᠷᠢᠨᠬᠡᠷ ᠰᠢᠨ᠎ᠠ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠬᠦᠴᠦᠯᠡᠨ ᠰᠠᠶᠢᠳᠤᠷ ᠠᠳᠬᠤᠵᠤ᠂ ᠲᠤᠳᠤᠭᠠᠳᠤ ᠭᠠᠳᠠᠭᠠᠳᠦ ᠨᠡᠭᠡᠭᠡᠯᠳᠡ ᠪᠠᠨ ᠪᠦᠬᠦ ᠲᠠᠯ᠎ᠠ ᠪᠠᠷ ᠦᠷᠭᠡᠳᠭᠡᠨ᠂ ᠡᠳ᠋ ᠤᠨ ᠵᠠᠰᠠᠭ ᠤᠨ ᠵᠠᠭᠪᠤᠷ ᠢ ᠬᠤᠪᠢᠷᠠᠭᠤᠯᠤᠨ ᠵᠡᠷᠬᠡᠯᠡᠯ ᠲᠡᠪᠰᠢᠭᠦᠯᠬᠦ ᠠᠬᠢᠴᠠ ᠪᠠᠨ ᠲᠦᠷᠭᠡᠳᠭᠡᠵᠤ ᠪᠤᠢ᠃ ᠡᠨᠡ ᠨᠢ ᠯᠢᠤᠢ ᠶᠧ ᠪᠦᠯᠦᠭᠯᠡᠯ ᠤᠨ ᠦᠪᠦᠷ ᠮᠤᠩᠭᠤᠯ ᠳᠤ ᠢᠷᠡᠵᠤ ᠬᠦᠷᠦᠩᠬᠡ ᠤᠷᠤᠭᠤᠯᠤᠨ ᠦᠢᠯᠡᠰ ᠢᠶᠠᠨ ᠮᠠᠨᠳᠤᠭᠤᠯᠬᠤ ᠳᠤ ᠬᠤᠪᠤᠷ ᠨᠠᠨᠳᠢᠨ ᠠᠵᠠ ᠲᠤᠬᠢᠶᠠᠯ ᠪᠠ ᠦᠷᠭᠡᠨ ᠠᠭᠤᠳᠠᠮ ᠤᠷᠤᠨ ᠵᠠᠢ ᠬᠠᠩᠭᠠᠪᠠ᠃ ᠯᠢᠤᠢ ᠶᠧ ᠪᠦᠯᠦᠭᠯᠡᠯ ᠢ ᠪᠠᠭᠳᠠᠭᠠᠬᠰᠠᠨ ᠬᠤᠯᠠ ᠶᠢᠨ ᠪᠣᠳᠣᠯᠭ᠎ᠠ ᠠᠯᠣᠰ ᠤᠨ ᠬᠠᠷᠠᠴᠠ ᠲᠠᠢ ᠬᠦᠮᠦᠰ ᠦᠪᠦᠷ ᠮᠤᠩᠭᠤᠯ ᠤᠨ ᠪᠦᠳᠦᠭᠡᠨ ᠪᠠᠶᠢᠭᠤᠯᠤᠯᠳᠠ ᠪᠠ ᠬᠦᠭᠵᠢᠯᠳᠡ ᠳᠤ ᠤᠷᠤᠯᠴᠠᠬᠤ ᠶᠢ ᠬᠠᠯᠠᠭᠤᠨ ᠢᠶᠠᠷ ᠤᠬᠳᠤᠵᠤ ᠪᠠᠶᠢᠨ᠎ᠠ᠃ ᠦᠪᠦᠷ ᠮᠤᠩᠭᠤᠯ ᠬᠦᠷᠦᠩᠬᠡ ᠤᠷᠤᠭᠤᠯᠬᠤ ᠤᠷᠴᠢᠨ ᠢ ᠴᠢᠨᠠᠬᠰᠢᠳᠠ ᠰᠢᠯᠢᠳᠡᠭᠵᠢᠭᠦᠯᠵᠤ᠂ ᠡᠯ᠎ᠠ ᠲᠦᠷᠦᠯ ᠤᠨ ᠠᠵᠤ ᠠᠬᠤᠢᠢᠯᠠᠯ ᠳᠤ ᠨᠡᠩ ᠰᠢᠯᠢᠳᠡᠭ ᠦᠷ᠎ᠡ ᠪᠦᠳᠦᠮᠵᠢᠳᠡᠢ ᠦᠢᠯᠡᠴᠢᠯᠡᠭᠡ ᠬᠠᠩᠭᠠᠨ᠎ᠠ ᠬᠡᠪᠡ᠃

    ᠯᠢ ᠶᠢᠨ ᠶᠢᠦ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠨᠡᠶᠢᠭᠡᠮ ᠤᠨ ᠬᠦᠭᠵᠢᠯᠳᠡ ᠶᠢᠨ ᠤᠯᠤᠬᠰᠠᠨ ᠦᠷ᠎ᠡ ᠪᠦᠳᠦᠮᠵᠢ ᠶᠢ ᠮᠠᠬᠳᠠᠠ ᠰᠠᠶᠢᠰᠢᠶᠠᠪᠠ᠃ ᠳᠡᠷᠡ᠂ ᠦᠪᠦᠷ ᠮᠤᠩᠭᠤᠯ ᠪᠤᠯ 《ᠨᠢᠭᠡ ᠪᠦᠰᠡ ᠨᠢᠭᠡ ᠵᠠᠮ》 ᠤ᠋ᠨ ᠪᠠᠶᠢᠯᠳᠤᠬᠤ ᠪᠤᠳᠤᠯᠭ᠎ᠠ ᠶᠢᠨ ᠵᠠᠩᠬᠢᠯᠠᠭ᠎ᠠ ᠶᠢᠨ ᠭᠠᠵᠠᠷ ᠣᠷᠣᠨ ᠪᠣᠯᠣᠨ᠎ᠠ᠂ ᠤᠷᠤᠨ ᠪᠠᠶᠢᠷᠢ ᠶᠢᠨ ᠲᠠᠪᠠᠭᠤᠯᠢᠭ ᠢᠯᠡᠷᠬᠡᠢ᠂ ᠡᠬᠢ ᠪᠠᠶᠠᠯᠢᠭ ᠡᠯᠪᠡᠭ᠌ ᠲᠠᠯᠪᠡᠭ᠌᠂ ᠬᠦᠭᠵᠢᠯᠳᠡ ᠶᠢᠨ ᠲᠠᠯᠳᠠ ᠬᠦᠴᠦᠨ ᠯᠤᠳᠤ ᠶᠡᠭᠡ ᠪᠠᠶᠢᠵᠤ᠂ ᠦᠪᠡᠷᠳᠡᠭᠡᠨ ᠵᠠᠰᠠᠬᠤ ᠤᠷᠤᠨ ᠯᠤᠭ᠎ᠠ ᠬᠠᠷᠢᠯᠴᠠᠭ᠎ᠠ ᠬᠠᠮᠳᠤ ᠶᠢᠨ ᠠᠵᠢᠯᠯᠠᠭ᠎ᠠ ᠪᠡᠨ ᠴᠢᠩᠭᠠᠳᠬᠠᠵᠤ᠂ ᠬᠠᠮᠳᠤᠪᠡᠷ ᠰᠠᠶᠢᠨ ᠰᠠᠶᠢᠬᠠᠨ ᠢᠷᠡᠭᠡᠳᠦᠢ ᠶᠢ ᠴᠤᠬᠴᠠᠯᠠᠬᠤ ᠳᠣᠷᠠᠳᠠᠢ ᠪᠠᠶᠢᠨ᠎ᠠ ᠬᠡᠵᠡᠢ᠃

    ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠵᠢᠶᠠᠨ ᠮᠢᠨ᠂ ᠶᠦᠨ ᠭᠤᠸᠠᠩ ᠵᠦᠩ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠠᠭᠤᠯᠵᠠᠯᠳᠠ ᠳᠤ ᠤᠷᠤᠯᠴᠠᠪᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120701120850325