蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠪᠤᠭᠤᠳᠤ ᠬᠤᠳᠠ ᠳᠤ ᠪᠠᠶᠢᠴᠠᠭᠠᠨ ᠰᠤᠳᠤᠯᠤᠯᠳᠠ ᠬᠢᠪᠡ

2017-04-26 15:20

    4 ᠰᠠᠷ᠎ᠠ ᠶᠢᠨ 24 ᠤ ᠡᠳᠦᠷ ᠠᠴᠠ 25 ᠤ ᠡᠳᠦᠷ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠪᠤᠭᠤᠳᠤ ᠬᠤᠳᠠ ᠳᠤ ᠪᠠᠶᠢᠴᠠᠭᠠᠨ ᠰᠤᠳᠤᠯᠤᠯᠳᠠ ᠬᠢᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠤᠷᠤᠨ ᠳᠤ ᠰᠢᠨᠵᠢᠯᠡᠨ ᠪᠠᠶᠢᠴᠠᠭᠠᠬᠤ ᠦᠶ᠎ᠠ ᠳᠤ ᠲᠤᠷᠠᠳᠤᠬᠰᠠᠨ ᠦᠨᠳᠦᠷ ᠲᠤ ᠵᠤᠬᠰᠤᠨ ᠠᠯᠤᠰ ᠢ ᠪᠠᠷᠠᠯᠠᠬᠤ ᠴᠢᠬᠤᠯᠠ ᠱᠠᠭᠠᠷᠳᠠᠯᠭ᠎ᠠ ᠶᠢ ᠬᠦᠨᠵᠡᠭᠡᠢ ᠲᠤᠤᠱᠯᠠᠭᠤᠯᠵᠤ᠂ ᠰᠢᠨ᠎ᠡ ᠶᠢ ᠡᠭᠦᠳᠭᠦ ᠪᠠᠷ ᠬᠦᠳᠡᠯᠭᠡᠭᠦᠷ ᠪᠣᠯᠭᠠᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠶᠡᠭᠡ ᠪᠠᠷ ᠬᠡᠷᠡᠭᠵᠢᠭᠦᠯᠵᠤ᠂ ᠴᠡᠷᠢᠭ ᠠᠷᠠᠳ ᠤᠨ ᠬᠡᠷᠡᠭᠯᠡᠭᠡ ᠶᠢ ᠬᠦᠨᠵᠡᠭᠡᠢ ᠠᠭᠤᠰᠤᠯᠴᠠᠭᠤᠯᠤᠨ ᠬᠦᠭᠵᠢᠭᠦᠯᠭᠦ ᠶᠢ ᠲᠠᠰᠤᠷᠠᠯᠳᠠ ᠦᠭᠡᠢ ᠬᠦᠨᠵᠡᠭᠡᠶᠢᠷᠡᠭᠦᠯᠵᠤ᠂ ᠬᠤᠳᠠ ᠲᠠᠶᠠᠭᠠᠷ ᠤᠨ ᠡᠳ᠋ ᠤᠨ ᠵᠠᠰᠠᠭ ᠨᠡᠶᠢᠭᠡᠮ ᠤᠨ ᠬᠦᠭᠵᠢᠯᠳᠡ ᠶᠢᠨ ᠲᠠᠬᠢᠨ ᠰᠢᠨ᠎ᠠ ᠲᠡᠭᠳᠡᠷ ᠲᠤ ᠭᠠᠷᠬᠤ ᠶᠢ ᠠᠬᠢᠭᠤᠯᠬᠤ ᠬᠡᠷᠡᠭᠳᠡᠢ ᠬᠡᠵᠡᠢ᠃

    ᠪᠤᠭᠤᠳᠤ ᠪᠤᠯ ᠤᠯᠤᠰ ᠤᠨ ᠰᠢᠨᠵᠢᠯᠡᠭᠦ ᠤᠬᠠᠭᠠᠨ ᠲᠧᠭᠨᠤᠯᠤᠬᠢ ᠶᠢᠨ ᠲᠠᠪᠰᠢᠯᠳᠠ ᠶᠢᠨ ᠵᠢᠱᠢᠶ᠎ᠡ ᠦᠵᠡᠭᠦᠯᠭᠦ ᠬᠤᠳᠠ ᠪᠠ ᠤᠯᠤᠰ ᠲᠠᠶᠠᠭᠠᠷ ᠤᠨ ᠲᠦᠷᠦᠭᠦᠦ ᠪᠦᠯᠦᠭ ᠤᠨ 20 ᠰᠢᠨ᠎ᠠ ᠶᠢ ᠡᠭᠦᠳᠭᠦ ᠬᠡᠯᠪᠡᠷᠢ ᠶᠢᠨ ᠲᠤᠷᠰᠢᠯᠳᠠ ᠶᠢᠨ ᠴᠢᠭ᠋ ᠤᠨ ᠬᠤᠳᠠ ᠶᠢᠨ ᠨᠢᠭᠡ ᠪᠤᠯᠤᠨ᠎ᠠ᠂ ᠬᠡᠷᠬᠢᠨ ᠤᠷᠤᠨ ᠲᠠᠶᠠᠭᠠᠷ ᠲᠤ ᠲᠦᠷᠦᠭᠦᠯᠡᠨ ᠰᠢᠨ᠎ᠠ ᠶᠢ ᠡᠭᠦᠳᠭᠦ ᠪᠠᠷ ᠬᠦᠳᠡᠯᠭᠡᠭᠦᠷ ᠪᠣᠯᠭᠠᠭᠰᠠᠨ ᠬᠦᠭᠵᠢᠯᠳᠡ ᠶᠢᠨ ᠵᠠᠮ ᠢᠶᠠᠷ ᠵᠠᠮᠨᠠᠬᠤ ᠶᠢ ᠯᠢ ᠵᠢᠢ ᠾᠧᠩ ᠲᠦᠢᠯ ᠢᠶᠠᠷ ᠬᠠᠯᠠᠮᠵᠢᠯᠠᠵᠤ ᠪᠠᠶᠢᠯ᠎ᠠ᠃ ᠬᠤᠸᠠ ᠶᠦᠨ ᠬᠠᠶᠢᠯᠤᠰᠢ ᠬᠦᠩᠭᠡᠨᠴᠡᠭᠠᠨ ᠤ ᠲᠦᠷᠦᠯ ᠵᠦᠢᠯ᠂ ᠪᠤᠭᠤᠳᠤ ᠶᠢᠨ ᠱᠧᠨ ᠬᠤᠸᠠ ᠪᠦᠯᠦᠭᠯᠡᠯ ᠤᠨ ᠨᠡᠭᠦᠷᠡᠰᠦ ᠪᠠᠷ ᠠᠯᠺᠧᠨ ᠦᠢᠯᠡᠳᠬᠦ ᠶᠢ ᠵᠡᠷᠬᠡᠯᠡᠯ ᠲᠡᠪᠰᠢᠭᠦᠯᠬᠦ ᠵᠢᠱᠢᠶ᠎ᠠ ᠦᠵᠡᠭᠦᠯᠭᠦ ᠲᠦᠷᠦᠯ ᠵᠦᠢᠯ ᠪᠠ ᠮᠢᠩ ᠲᠦᠸᠧ ᠪᠦᠯᠦᠭᠯᠡᠯ ᠤᠨ ᠦᠨᠳᠦᠷ ᠨᠡᠭᠦᠷᠡᠰᠦᠳᠦ᠋ᠷᠦᠭᠴᠢᠳᠦ ᠾᠷᠦᠮᠳᠦ ᠲᠡᠮᠦᠷ ᠤᠨ ᠲᠦᠷᠦᠯ ᠵᠦᠢᠯ ᠢ ᠬᠡᠷᠡᠭᠵᠢᠭᠦᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ᠂ ᠪᠤᠭᠤᠳᠤ ᠶᠢᠨ ᠲᠢᠶᠠᠨ ᠾᠧ ᠰᠤᠷᠢᠨᠵᠢᠨ ᠮᠠᠲ᠋ᠧᠷᠢᠶᠠᠯ ᠤᠨ ᠲᠧᠭᠨᠤᠯᠤᠬᠢ ᠶᠢᠨ ᠬᠢᠵᠠᠭᠠᠷᠳᠦ ᠺᠤᠮᠫᠠᠨᠢ᠂ ᠪᠠᠶᠠᠠᠠᠣᠪᠣᠭ᠎ᠠ ᠲᠡᠮᠤᠷ ᠤᠨ ᠠᠭᠤᠷᠬᠠᠢ ᠵᠢᠴᠢ ᠪᠤᠤ ᠱᠠᠨ ᠠᠭᠤᠷᠬᠠᠢ ᠶᠢᠨ ᠦᠢᠯᠡᠰ ᠤᠨ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠬᠰᠠᠨ ᠤ ᠲᠠᠷᠠᠭ᠎ᠠ ᠲᠡᠷᠡ᠂ ᠪᠤᠭᠤᠳᠤ ᠬᠤᠳᠠ ᠰᠢᠨ᠎ᠠ ᠶᠢ ᠡᠭᠦᠳᠭᠦ ᠶᠢ ᠬᠦᠭᠵᠢᠯᠳᠡ ᠶᠢᠨ ᠪᠦᠬᠦ ᠲᠠᠯ᠎ᠠ ᠶᠢᠨ ᠭᠤᠤᠯᠯᠠᠭᠴᠢ ᠪᠠᠶᠢᠷᠢᠨ ᠳᠤ ᠲᠠᠯᠪᠢᠵᠤ᠂ ᠡᠳ᠋ ᠤᠨ ᠵᠠᠰᠠᠭ ᠨᠡᠶᠢᠭᠡᠮ ᠤᠨ ᠬᠦᠭᠵᠢᠯᠳᠡ ᠶᠢᠨ ᠭᠤᠤᠯ ᠲᠠᠶᠢᠨ ᠤ ᠲᠠᠯᠠᠪᠤᠷ ᠲᠤ ᠬᠠᠨᠳᠤᠨ ᠢᠳᠡᠪᠬᠢᠳᠡᠢ ᠪᠠᠷ ᠰᠢᠨ᠎ᠠ ᠶᠢ ᠡᠭᠦᠳᠴᠤ᠂ ᠵᠠᠬ᠎ᠠ ᠲᠡᠯᠭᠡᠭᠦᠷ ᠢ ᠰᠢᠨ᠎ᠠ ᠶᠢ ᠡᠭᠦᠳᠭᠦ ᠡᠬᠢ ᠪᠠᠶᠠᠯᠢᠭ ᠢ ᠲᠤᠬᠢᠷᠠᠭᠤᠯᠬᠤ ᠰᠢᠢᠳᠪᠦᠷᠢᠯᠡᠭᠴᠢ ᠴᠢᠨᠠᠷᠳᠠᠢ ᠬᠦᠴᠦᠨ ᠪᠤᠯᠭᠠᠵᠤ᠂ ᠡᠯ᠎ᠠ ᠵᠦᠢᠯ ᠤᠨ ᠰᠢᠨ᠎ᠠ ᠶᠢ ᠡᠭᠦᠳᠭᠦ ᠭᠤᠤᠯ ᠴᠤᠬᠴᠠ ᠶᠢᠨ ᠬᠠᠮᠵᠢᠯᠴᠠᠨ ᠰᠢᠨ᠎ᠡ ᠶᠢ ᠡᠭᠦᠳᠭᠦ ᠶᠢ ᠠᠬᠢᠭᠤᠯᠵᠤ᠂ ᠰᠢᠨ᠎ᠠ ᠶᠢ ᠡᠭᠦᠳᠭᠦ ᠪᠠᠷ ᠬᠦᠳᠡᠯᠭᠡᠭᠦᠷ ᠪᠣᠯᠭᠠᠬᠤ ᠶᠢᠨ ᠴᠢᠳᠠᠪᠤᠷᠢᠳᠠᠨ ᠤ ᠲᠤᠯᠭᠠᠭᠤᠷᠢᠯᠠᠯ ᠢ ᠴᠢᠩᠭᠠᠷᠠᠭᠤᠯᠵᠤ᠂ ᠰᠢᠨᠵᠢᠯᠡᠭᠦ ᠤᠬᠠᠭᠠᠨ ᠲᠧᠭᠨᠤᠯᠤᠬᠢ ᠶᠢᠨ ᠰᠢᠨ᠎ᠠ ᠶᠢ ᠡᠭᠦᠳᠭᠦ ᠬᠦᠷᠢᠶᠡᠨ ᠳᠠᠬᠢ ᠦᠭᠡᠷᠡᠴᠢᠯᠡᠯᠳᠡ ᠨᠡᠭᠡᠭᠡᠯᠳᠡ ᠶᠢ ᠬᠦᠨᠵᠡᠬᠡᠶᠢᠷᠡᠭᠦᠯᠵᠤ᠂ ᠬᠠᠳᠤᠨ ᠭᠤᠤᠯ ᠲᠠᠭᠠᠤ ᠡᠳ᠋ ᠤᠨ ᠵᠠᠰᠠᠭ ᠤᠨ ᠪᠦᠰᠡ ᠶᠢᠨ ᠲᠦᠯᠦᠪᠵᠢᠭᠦᠯᠭᠡ ᠪᠦᠳᠦᠭᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠤ᠂ ᠬᠤᠪᠤᠷ ᠰᠢᠷᠤᠢ ᠶᠢᠨ ᠰᠢᠨ᠎ᠠ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠠᠳᠬᠤᠵᠤ᠂ ᠰᠢᠨ᠎ᠠ ᠶᠢ ᠡᠭᠦᠳᠭᠦ ᠪᠠᠷ ᠬᠦᠳᠡᠯᠭᠡᠭᠦᠷ ᠪᠣᠯᠭᠠᠬᠤ ᠪᠠᠷ ᠲᠠᠮᠵᠢᠭᠤᠯᠣᠨ ᠤᠯᠠᠮᠵᠢᠯᠠᠯᠳᠦ ᠠᠵᠤ ᠦᠢᠯᠡᠰ ᠤᠨ ᠰᠢᠨ᠎ᠠ ᠠᠮᠢᠵᠢᠷᠠᠯ ᠤᠨ ᠬᠦᠴᠦᠨ ᠢ ᠬᠦᠭᠵᠢᠭᠡᠨ᠂ ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ ᠤᠨ ᠦᠷᠢᠰᠦᠯᠳᠦᠭᠦ ᠬᠦᠴᠦᠨ ᠢ ᠴᠢᠩᠭᠠᠷᠠᠭᠤᠯᠵᠣ᠂ ᠡᠳ᠋ ᠤᠨ ᠵᠠᠰᠠᠭ ᠤᠨ ᠬᠡᠯᠪᠡᠷᠢ ᠪᠠᠨ ᠬᠤᠪᠢᠷᠠᠭᠤᠯᠤᠨ ᠵᠡᠷᠬᠡᠯᠡᠯ ᠲᠡᠪᠰᠢᠭᠦ ᠠᠯᠬᠤᠴᠠ ᠪᠠᠨ ᠲᠦᠷᠭᠡᠳᠭᠡᠭᠦ ᠬᠡᠷᠡᠭᠳᠡᠢ ᠬᠡᠪᠡ᠃

    ᠯᠢ ᠵᠢᠢ ᠾᠧᠩ ᠪᠸᠢ ᠹᠠᠩ ᠪᠧᠨ ‍ᠤᠤᠢ ᠬᠦᠨᠳᠦ ᠠᠴᠢᠶᠠᠨ ᠤ ᠮᠠᠰᠢᠨ ᠲᠡᠷᠭᠡᠨ ᠤ ᠪᠦᠯᠦᠭᠯᠡᠯ ᠺᠤᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠬᠦᠷᠴᠤ᠂ ᠴᠡᠷᠢᠭ ᠠᠷᠠᠳ ᠤᠨ ᠬᠡᠷᠡᠭᠯᠡᠭᠡ ᠶᠢ ᠬᠦᠨᠵᠡᠭᠡᠢ ᠠᠭᠤᠰᠤᠯᠴᠠᠭᠤᠯᠤᠨ ᠬᠦᠭᠵᠢᠭᠦᠯᠵᠤ ᠪᠠᠶᠢᠭ᠎ᠠ ᠪᠠᠶᠢᠳᠠᠯ ᠢ ᠨᠠᠷᠢᠨ ᠤᠢᠢᠯᠠᠭᠠᠵᠠᠢ᠃ ᠠᠵᠤ ᠠᠬᠤᠢᠢᠯᠠᠯ ᠤᠨ ᠦᠢᠯᠡᠳᠪᠦᠷᠢᠯᠡᠯ ᠪᠤᠷᠤᠯᠠᠭᠤᠯᠭ᠎ᠠ ᠪᠦᠷ ᠰᠠᠶᠢᠨ᠂ ᠦᠢᠯᠡᠳᠭᠦᠨ ᠨᠢ ᠵᠠᠬ᠎ᠠ ᠲᠡᠯᠭᠡᠭᠦᠷ ᠲᠤ ᠬᠠᠯᠠᠭᠤᠨ ᠢᠶᠠᠷ ᠬᠦᠷᠢᠶᠡᠯᠡᠭᠳᠡᠵᠤ ᠪᠠᠶᠢᠬᠤ ᠶᠢ ᠰᠤᠨᠤᠰᠴᠣ᠂ ᠮᠦᠷ ᠮᠦᠷ ᠢᠶᠠᠷ ᠵᠢᠬᠰᠠᠭᠠᠬᠰᠠᠨ ᠦᠢᠯᠡᠳᠪᠦᠷᠢ ᠠᠴᠠ ᠭᠠᠷᠭᠠᠬᠤ ᠪᠠᠷ ᠪᠠᠶᠢᠭ᠎ᠠ ᠰᠢᠨ᠎ᠠ ᠡᠨᠧᠷᠬᠢ ᠤᠨ ᠠᠶᠠᠨᠴᠢᠨ ᠤ ᠮᠠᠰᠢᠨ ᠳᠡᠷᠭᠡ ᠪᠠ ᠤᠯᠠᠨ ᠬᠡᠯᠪᠡᠷᠢ ᠶᠢᠨ ᠤᠨᠴᠠ ᠲᠦᠷᠦᠯ ᠤᠨ ᠮᠠᠰᠢᠨ ᠲᠡᠷᠭᠡ ᠶᠢ ᠬᠠᠷᠠᠭᠠᠳ ᠲᠡᠷᠡ ᠮᠠᠰᠢ ᠪᠠᠶᠠᠷ ᠲᠠᠢ ᠪᠠᠶᠢᠯ᠎ᠠ᠃

    ᠯᠢ ᠵᠢᠢ ᠾᠧᠩ᠂ ᠴᠡᠷᠢᠭ ᠠᠷᠠᠳ ᠤᠨ ᠬᠡᠷᠡᠭᠯᠡᠭᠡ ᠶᠢ ᠬᠦᠨᠵᠡᠭᠡᠢ ᠠᠭᠤᠰᠤᠯᠴᠠᠭᠤᠯᠤᠨ ᠬᠦᠭᠵᠢᠭᠦᠯᠭᠦ ᠪᠣᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠬᠳᠠᠭᠠᠬᠰᠠᠨ ᠴᠢᠬᠤᠯᠠ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠳᠦ ᠪᠤᠳᠤᠯᠭ᠎ᠠ ᠪᠤᠯᠤᠨ᠎ᠠ᠃ ᠪᠤᠭᠤᠳᠤ ᠬᠤᠳᠠ ᠪᠦᠬᠦ ᠬᠦᠴᠦᠨ ᠵᠦᠢᠯ ᠢ ᠠᠭᠤᠰᠤᠯᠴᠠᠭᠤᠯᠬᠤ᠂ ᠤᠯᠠᠨ ᠬᠦᠷᠢᠶ᠎ᠠ ᠶᠢ ᠠᠭᠤᠰᠤᠯᠴᠠᠭᠤᠯᠬᠤ᠂ ᠦᠨᠳᠦᠷ ᠦᠷ᠎ᠠ ᠠᠰᠢᠭ ᠲᠠᠢ ᠠᠭᠤᠰᠤᠯᠴᠠᠭᠤᠯᠬᠤ ᠶᠢ ᠪᠠᠷᠢᠮᠳᠠᠯᠠᠵᠤ᠂ ᠠᠵᠤ ᠦᠢᠯᠡᠰ ᠢ ᠬᠠᠮᠳᠣᠪᠠᠷ ᠠᠭᠤᠰᠤᠯᠴᠠᠭᠤᠯᠬᠤ᠂ ᠰᠢᠨᠵᠢᠯᠡᠭᠦ ᠤᠬᠠᠭᠠᠨ ᠲᠧᠭᠨᠤᠯᠤᠬᠢ ᠶᠢ ᠬᠠᠮᠳᠤᠪᠡᠷ ᠮᠠᠨᠳᠤᠭᠤᠯᠬᠤ᠂ ᠲᠤᠨᠤᠭ ᠲᠦᠭᠦᠭᠡᠷᠦᠮᠵᠢ ᠶᠢ ᠬᠠᠮᠳᠤᠪᠡᠷ ᠪᠠᠶᠢᠭᠤᠯᠬᠤ᠂ ᠦᠢᠯᠡᠴᠢᠯᠡᠭᠡ ᠶᠢ ᠬᠠᠮᠳᠤᠪᠡᠷ ᠡᠳ᠋ᠯᠡᠭᠦ ᠶᠢ ᠦᠨᠡᠨᠭᠦ ᠠᠬᠢᠭᠤᠯᠵᠤ᠂ ᠡᠳ᠋ ᠤᠨ ᠵᠠᠰᠠᠭ ᠤᠨ ᠪᠦᠳᠦᠭᠡᠨ ᠪᠠᠶᠢᠭᠤᠯᠤᠯᠳᠠ ᠪᠠ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠬᠠᠷᠢᠯᠴᠠᠨ ᠠᠬᠢᠭᠤᠯᠵᠤ ᠬᠠᠮᠳᠤᠪᠡᠷ ᠠᠰᠢᠭ ᠬᠦᠷᠳᠡᠭᠦ ᠶᠢ ᠠᠬᠢᠭᠤᠯᠬᠤ ᠬᠡᠷᠡᠭᠳᠡᠢ ᠬᠡᠵᠡᠢ᠃

    ᠪᠸᠢ ᠯᠢᠶᠠᠩ ᠤᠨ ᠨᠢᠰᠤᠯᠳᠠ ᠶᠢᠨ ᠲᠤᠭᠤᠷᠢᠭ ᠤᠨ ᠭᠤᠤᠯᠳᠠᠯᠭ᠎ᠠ ᠲᠠᠢ ᠪᠦᠳᠦᠭᠡᠨ ᠪᠠᠶᠢᠭᠤᠯᠣᠯᠳᠠ ᠶᠢᠨ ᠲᠦᠷᠦᠯ ᠵᠦᠢᠯ᠂ ᠪᠤᠭᠤᠳᠤ ᠬᠤᠳᠠ ᠶᠢᠨ ᠪᠤᠰᠤᠭ᠎ᠠ ᠴᠤᠬᠴᠠᠳᠦ ᠶᠡᠷᠦᠩᠬᠡᠶᠢᠯᠡᠭᠰᠠᠨ ᠵᠠᠮ ᠬᠠᠷᠢᠯᠴᠠᠭᠠᠨ ᠤ ᠬᠦᠢᠰᠦ ᠶᠢᠨ ᠲᠦᠷᠦᠯ ᠵᠦᠢᠯ ᠪᠠ ᠬᠤᠳᠠ ᠶᠢᠨ ᠤᠰᠤᠨ ᠤ ᠠᠮᠢ ᠠᠬᠤᠢ ᠶᠢ ᠰᠠᠶᠢᠵᠢᠷᠠᠭᠤᠯᠵᠦ ᠶᠡᠷᠦᠩᠬᠡᠶᠢᠯᠡᠨ ᠠᠰᠢᠬᠯᠠᠬᠤ ᠪᠠᠷᠢᠯᠭ᠎ᠠ ᠶᠢ ᠪᠠᠶᠢᠴᠠᠭᠠᠨ ᠰᠤᠳᠤᠯᠤᠬᠰᠠᠨ ᠤ ᠲᠠᠷᠠᠭ᠎ᠠ ᠯᠢ ᠵᠢᠢ ᠾᠧᠩ᠂ ᠬᠤᠳᠠ ᠶᠢᠨ ᠪᠦᠳᠦᠭᠡᠨ ᠪᠠᠶᠢᠭᠤᠯᠤᠯᠳᠠ ᠳᠤ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠲᠤᠤᠱᠯᠠᠭᠤᠯᠵᠤ᠂ ᠬᠤᠳᠠ ᠶᠢᠨ ᠶᠠᠪᠤᠳᠠᠯ ᠤᠨ ᠳᠡᠳ᠋ ᠪᠦᠳᠦᠴᠡ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠲᠦᠭᠦᠭᠡᠷᠦᠮᠵᠢ ᠶᠢ ᠰᠠᠶᠢᠳᠤᠷ ᠲᠦᠯᠦᠪᠵᠢᠭᠦᠯᠦᠨ ᠪᠦᠳᠦᠭᠡᠨ ᠪᠠᠶᠢᠭᠤᠯᠵᠤ᠂ ᠤᠷᠤᠰᠢᠨ ᠰᠠᠭᠤᠬᠤ ᠳᠤ ᠲᠤᠬᠢᠷᠠᠮᠵᠢᠳᠡᠢ ᠰᠢᠯᠢᠳᠡᠭ ᠤᠷᠴᠢᠨ ᠲᠤᠭᠤᠷᠢᠨ ᠢ ᠪᠤᠢ ᠪᠤᠯᠭᠠᠵᠤ᠂ ᠢᠷᠬᠡᠳ ᠲᠤ ᠨᠡᠩ ᠢᠯᠡᠭᠦᠦ ᠬᠦᠷᠳᠡᠭᠡᠮᠵᠢ ᠶᠢᠨ ᠲᠦᠷᠦᠭᠳᠡᠯ ᠤᠯᠭᠤᠬᠤ ᠬᠡᠷᠡᠭᠳᠡᠢ ᠬᠡᠵᠡᠢ᠃

    ᠪᠠᠶᠢᠴᠠᠭᠠᠨ ᠰᠤᠳᠤᠯᠬᠤ ᠬᠤᠭᠤᠴᠠᠭᠠᠨ ᠳᠠᠭᠠᠨ᠂ ᠯᠢ ᠵᠢᠢ ᠾᠧᠩ ᠪᠤᠭᠤᠳᠤ ᠬᠤᠳᠠ ᠶᠢᠨ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠡ᠃ ᠲᠡᠷᠡ᠂ ᠬᠦᠭᠵᠢᠭᠦᠯᠬᠦ ᠪᠤᠯ ᠠᠯᠢᠪᠠ ᠠᠰᠠᠭᠤᠳᠠᠯ ᠢ ᠰᠢᠢᠳᠪᠦᠷᠢᠯᠡᠭᠦ ᠶᠢᠨ ᠵᠠᠩᠬᠢᠯᠠᠭ᠎ᠠ ᠪᠤᠯᠤᠨ᠎ᠠ᠂ ᠪᠤᠭᠤᠳᠤ ᠬᠤᠳᠠ ᠤᠬᠠᠮᠰᠠᠷ ᠠᠴᠠ ᠪᠠᠨ ᠤᠷᠤᠨ ᠲᠠᠶᠠᠭᠠᠷ ᠤᠯᠤᠰ ᠲᠠᠶᠠᠭᠠᠷ ᠤᠨ ᠬᠦᠭᠵᠢᠯᠳᠡ ᠶᠢᠨ ᠶᠡᠭᠡ ᠲᠠᠯ᠎ᠠ ᠠᠴᠠ ᠬᠦᠭᠵᠢᠯᠳᠡ ᠪᠠᠨ ᠰᠦᠪᠡᠭᠴᠢᠯᠡᠨ ᠠᠬᠢᠭᠤᠯᠵᠤ᠂ ᠡᠳ᠋ ᠤᠨ ᠵᠠᠰᠠᠭ ᠤᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠲᠠᠪᠠᠭᠤᠯᠢᠭ ᠢᠶᠠᠨ ᠪᠠᠳᠠᠷᠠᠭᠤᠯᠵᠤ ᠲᠤᠳᠠᠭᠤᠳᠠᠯ ᠢᠶᠠᠨ ᠲᠡᠪᠴᠢᠵᠤ᠂ ᠲᠠᠪᠠᠭᠤᠯᠢᠭ ᠲᠠᠭᠠᠨ ᠲᠦᠰᠢᠭᠯᠡᠨ ᠲᠤᠳᠠᠭᠤᠳᠠᠯ ᠢᠶᠠᠨ ᠨᠦᠬᠦᠪᠦᠷᠢᠯᠡᠵᠤ᠂ ᠬᠦᠭᠵᠢᠯᠳᠡ ᠶᠢᠨ ᠰᠢᠨ᠎ᠠ ᠬᠦᠳᠡᠯᠭᠡᠬᠦ ᠴᠢᠳᠠᠪᠤᠷᠢ ᠶᠢ ᠲᠠᠰᠤᠷᠠᠯᠳᠠ ᠦᠭᠡᠢ ᠪᠤᠶᠢᠵᠢᠭᠤᠯᠤᠨ᠂ ᠬᠦᠭᠵᠢᠯᠳᠡ ᠶᠢᠨ ᠰᠢᠨ᠎ᠠ ᠲᠠᠪᠠᠭᠤᠯᠢᠭ ᠢ ᠡᠭᠦᠳᠴᠦ᠂ ᠬᠦᠭᠵᠢᠯᠳᠡ ᠶᠢᠨ ᠰᠢᠨ᠎ᠠ ᠪᠠᠶᠢᠳᠠᠯ ᠢ ᠨᠡᠭᠡᠭᠡᠭᠦ ᠬᠡᠷᠡᠭᠳᠡᠢ᠃ 《ᠲᠦᠷᠪᠡᠨ ᠤᠬᠠᠮᠰᠠᠷ》 ᠢᠶᠠᠨ ᠴᠢᠨᠠᠬᠰᠢᠳᠠ ᠴᠢᠩᠭᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠣᠨ ᠴᠢᠩᠭ᠎ᠠ ᠵᠠᠰᠠᠵᠤ᠂ ᠦᠨᠡᠨᠬᠦ ᠠᠳᠬᠤᠨ ᠪᠣᠳᠠᠳᠠᠢ ᠠᠵᠢᠯᠯᠠᠬᠤ ᠶᠢ ᠪᠠᠷᠢᠮᠳᠠᠯᠠᠵᠤ᠂ 《ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠭᠦ》ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠣ ᠲᠦᠷᠢᠮᠵᠢᠭᠦᠯᠭᠦ ᠶᠢ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠷᠴᠢᠮ ᠢᠶᠠᠨ ᠴᠢᠩᠭᠠᠷᠠᠭᠤᠯᠤᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠳᠤᠷ ᠠᠳᠬᠤᠵᠤ᠂ ᠫᠤᠤ ᠰᠤᠮᠤ ᠶᠢ ᠬᠤᠷᠢᠶᠠᠨ ᠲᠡᠯᠪᠡᠷᠡᠭᠦ ᠡᠳ᠋ ᠢ ᠵᠠᠰᠠᠬᠤ ᠪᠠ《ᠱᠠᠯᠢᠭ ᠵᠠᠪᠬᠠᠢ ᠵᠤᠭᠤᠰ ᠮᠦᠷᠦ᠋ᠢᠴᠡᠭᠦ ᠬᠤᠤᠷ᠎ᠠ ᠲᠠᠳᠠᠵᠤ ᠰᠠᠷᠢᠭᠠᠯᠠᠬᠤ》ᠶᠠᠯᠠᠳᠣ ᠠᠵᠢᠯᠯᠠᠭ᠎ᠠ ᠳᠤ ᠴᠤᠬᠢᠯᠳᠠ ᠦᠭᠭᠦ ᠲᠤᠰᠬᠠᠢ ᠠᠵᠢᠯᠯᠠᠭ᠎ᠠ ᠶᠢ ᠬᠦᠨᠵᠡᠭᠡᠢ ᠦᠷᠨᠢᠭᠦᠯᠵᠤ᠂ ᠢᠷᠬᠡᠳ ᠤᠨ ᠠᠮᠢᠳᠤᠷᠠᠯ ᠢ ᠬᠦᠴᠦᠯᠡᠨ ᠪᠠᠳᠤᠯᠠᠨ ᠰᠠᠶᠢᠵᠢᠷᠠᠭᠤᠯᠵᠤ᠂ ᠰᠢᠯᠢᠳᠡᠭ ᠠᠮᠵᠢᠯᠳᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠵᠤ᠂ ᠦᠪᠡᠷᠳᠡᠭᠡᠨ ᠵᠠᠰᠬᠠᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠪᠡ᠃

    ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠶᠤᠸᠠᠨ ᠵᠦᠩ᠂ ᠸᠠᠩ ᠪᠦᠸᠧ᠂ ᠸᠠᠩ ᠬᠤᠸᠠᠨ ᠴᠧᠩ ᠪᠠᠶᠢᠴᠠᠭᠠᠨ ᠰᠤᠳᠤᠯᠤᠯᠳᠠ ᠳᠤ ᠤᠷᠤᠯᠴᠠᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701120877939