蒙古文网站Logo
ᠰᠢᠨᠬᠤᠸᠠ ᠮᠤᠩᠭ᠋ᠤᠯ ᠨᠧᠲ

ᠯᠢ ᠵᠢᠢ ᠡᡁᠧᠩ᠄ ᠴᠡᠷᠢᠭ ᠠᠷᠠᠳ ᠤᠨ ᠬᠡᠷᠡᠭᠯᠡᠭᠡ ᠶᠢ ᠬᠦᠨᠵᠡᠭᠡᠢ ᠠᠭᠤᠰᠤᠯᠴᠠᠭᠤᠯᠤᠨ ᠬᠦᠭ᠍ᠵᠢᠬᠦᠯᠬᠦ ᠶᠢ ᠠᠬᠢᠭᠤᠯᠵᠤ ᠬᠤᠲᠠ ᠶᠢᠨ ᠲᠦᠯᠦᠪᠵᠢᠬᠦᠯᠬᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠴᠢᠩᠭ᠋ᠠᠳᠭᠠᠬᠤ ᠬᠡᠷᠡᠭᠲᠠᠢ

2017-05-03 15:43

    5 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠᠶᠢᠩᠭ᠋ᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠵᠤ᠂ 《ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ᠂ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠪᠣᠯᠣᠨ ᠤᠯᠤᠰ ᠤᠨ ᠪᠠᠳᠣᠯᠠᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠠᠭᠤᠰᠤᠯᠴᠠᠭᠤᠯᠤᠨ ᠬᠦᠭ᠍ᠵᠢᠬᠦᠯᠬᠦ ᠳᠤᠬᠠᠢ ᠬᠡᠷᠡᠭᠵᠢᠭᠦᠯᠬᠦ ᠰᠠᠨᠠᠯ》《 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠤᠳᠠ ᠶᠢᠨ ᠲᠦᠯᠦᠪᠵᠢᠭᠦᠯᠭᠡ ᠪᠦᠳᠦᠭᠡᠨ ᠪᠠᠶᠢᠭᠤᠯᠤᠯᠳᠠ ᠬᠠᠮᠢᠶᠠᠷᠤᠯᠳᠠ ᠶᠢ ᠴᠢᠨᠠᠭᠰᠢᠳᠠ ᠴᠢᠩᠭ᠋ᠠᠳᠬᠠᠬᠤ ᠳᠣᠬᠠᠢ ᠬᠡᠷᠡᠭᠵᠢᠭᠦᠯᠬᠦ ᠰᠠᠨᠠᠯ》《 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ <ᠳᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠬᠤᠷᠢᠶ᠎ᠠ (ᠨᠠᠮ ᠤᠨ ᠣᠳᠣᠷᠢᠳᠬᠤ ᠳᠤᠭᠤᠢᠢᠯᠠᠩ)   ᠶ᠋ᠢᠨ ᠤᠨᠤᠯ ᠰᠤᠷᠤᠯᠴᠠᠬᠤ ᠭᠤᠣᠯ ᠳᠣᠭᠤᠢᠢᠯᠠᠩ ᠤᠨ ᠰᠤᠷᠤᠯᠴᠠᠬᠤ ᠲᠦᠷᠢᠮ>  ᠢ᠋ ᠳᠣᠣᠱᠯᠠᠭᠤᠯᠵᠦ ᠬᠡᠷᠡᠭᠵᠢᠭᠦᠯᠬᠦ ᠨᠠᠷᠢᠨ ᠲᠦᠷᠢᠮ》  ᠢ᠋ ᠬᠢᠨᠠᠨ ᠵᠦᠪᠯᠡᠵᠦ ᠪᠠᠳᠤᠯᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ ᠬᠤᠷᠠᠯ ᠡᠷᠬᠢᠯᠡᠪᠡ᠃

    ᠬᠤᠷᠠᠯ ᠠᠴᠠ ᠵᠢᠭᠠᠵᠤ ᠭᠠᠷᠭᠠᠭᠰᠠᠨ ᠨᠢ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭ᠍ᠵᠢᠭᠦᠯᠬᠦ ᠶᠠᠪᠤᠳᠠᠯ ᠢ ᠦᠨᠳᠦᠷ ᠲᠤ ᠲᠠᠯᠪᠢᠵᠦ ᠤᠯᠤᠰ ᠤᠨ ᠪᠠᠶᠢᠯᠳᠤᠬᠤ ᠪᠤᠳᠤᠯᠭ᠎ᠠ ᠪᠤᠯᠭᠠᠭᠰᠠᠨ ᠨᠢ᠂ ᠰᠢ ᠶᠢᠨ ᠫᠢᠩ ᠨᠦᠬᠦᠷ ᠢᠶᠠᠷ ᠭᠤᠣᠯ ᠪᠤᠯᠭᠠᠭᠰᠠᠨ ᠨᠠᠮ ᠤᠨ ᠲᠦᠪ ᠬᠤᠷᠢᠶ᠎ᠠ ᠤᠯᠤᠰ ᠤᠨ ᠠᠮᠤᠷ ᠲᠦᠪᠰᠢᠨ ᠪᠣᠯᠣᠨ ᠬᠦᠭ᠍ᠵᠢᠯᠳᠡ ᠶᠢᠨ ᠪᠦᠬᠦ ᠳᠠᠯ᠎ᠠ ᠠᠴᠠ ᠡᠭᠦᠰᠦᠨ ᠲᠤᠭᠳᠠᠭᠠᠭᠰᠠᠨ ᠴᠢᠬᠤᠯᠠ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠳᠦ ᠪᠣᠳᠣᠯᠭ᠎ᠠ ᠪᠣᠯᠣᠨ᠎ᠠ᠂ ᠤᠯᠤᠰ ᠢᠶᠠᠨ ᠮᠠᠨᠳᠣᠭᠤᠯᠬᠤ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠮᠦᠨ ᠴᠦ ᠴᠡᠷᠢᠭ ᠢᠶᠠᠨ ᠬᠦᠴᠦᠷᠬᠡᠭ᠍ᠵᠢᠭᠦᠯᠬᠦ ᠠᠷᠭ᠎ᠠ ᠪᠣᠳᠣᠯᠭ᠎ᠠ ᠪᠤᠯᠤᠨ᠎ᠠ᠃ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭ᠍ᠵᠢᠭᠦᠯᠬᠦ ᠶᠢ ᠠᠬᠢᠭᠤᠯᠬᠤ ᠶᠢᠨ ᠴᠢᠬᠤᠯᠠ ᠠᠴᠢ ᠬᠤᠯᠪᠤᠭᠳᠠᠯ ᠢ ᠬᠦᠢᠴᠡᠳ ᠳᠠᠨᠢᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭ᠋ᠠᠳᠬᠠᠵᠤ᠂ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ ᠶᠢ ᠰᠠᠶᠢᠳᠤᠷ ᠬᠢᠵᠤ᠂ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠶᠢ ᠬᠦᠨᠵᠡᠭᠡᠶᠢᠷᠡᠭᠦᠯᠦᠨ᠂ ᠰᠠᠭᠤᠷᠢ ᠳᠦᠭᠦᠬᠡᠷᠦᠮᠵᠢ ᠶᠢ ᠬᠠᠮᠳᠤᠪᠠᠷ ᠪᠠᠶᠢᠭᠤᠯᠣᠨ ᠬᠠᠮᠳᠤᠪᠠᠷ ᠡᠳ᠋ᠯᠡᠬᠦ ᠶᠢ ᠠᠬᠢᠭᠤᠯᠬᠤ᠂ ᠠᠵᠤ ᠦᠢᠯᠡᠰ ᠢ ᠠᠭᠤᠰᠤᠯᠴᠠᠭᠤᠯᠤᠨ ᠬᠦᠭ᠍ᠵᠢᠬᠦᠯᠬᠦ᠂ ᠰᠢᠨᠵᠢᠯᠡᠬᠦ ᠣᠬᠠᠭᠠᠨ ᠮᠡᠷᠭᠡᠵᠢᠯ ᠢ ᠵᠣᠬᠢᠴᠠᠭᠤᠯᠣᠨ ᠰᠢᠨ᠎ᠡ ᠶᠢ ᠡᠭᠦᠳᠬᠦ᠂ ᠤᠯᠠᠨ ᠨᠡᠶᠢᠳᠡ ᠶᠢᠨ ᠦᠢᠯᠡᠴᠢᠯᠡᠭᠡ ᠶᠢᠨ ᠰᠢᠰᠲ᠋ᠧᠮ ᠢ ᠨᠢᠭᠡᠳᠦᠯᠳᠠᠢ ᠲᠦᠯᠦᠪᠵᠢᠭᠦᠯᠦᠨ ᠵᠣᠯᠭᠠᠭᠤᠯᠬᠤ ᠪᠣᠯᠣᠨ ᠴᠡᠷᠢᠭ ᠠᠩᠬᠢ ᠶᠢᠨ ᠪᠠᠳᠣᠯᠠᠪᠣᠷᠢ ᠶᠢ ᠨᠡᠶᠢᠬᠡᠮᠴᠢᠯᠡᠬᠦ ᠶᠢ ᠠᠬᠢᠭᠤᠯᠬᠤ ᠵᠡᠷᠭᠡ ᠳᠠᠯ᠎ᠠ ᠪᠠᠷ ᠭᠤᠣᠯᠳᠠᠯᠭ᠎ᠠ ᠲᠠᠢ ᠬᠦᠴᠦ ᠣᠷᠣᠭᠤᠯᠵᠣ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭ᠍ᠵᠢᠬᠦᠯᠬᠦ ᠤᠢᠢᠯᠠᠭᠠᠭᠳᠠᠬᠤᠨ ᠪᠣᠯᠣᠨ ᠱᠠᠭᠠᠷᠳᠠᠯᠭ᠎ᠠ ᠶᠢ ᠠᠵᠤ ᠠᠬᠤᠢ ᠶᠢᠨ ᠪᠦᠳᠦᠭᠡᠨ ᠪᠠᠶᠢᠭᠤᠯᠣᠯᠳᠠ ᠪᠠ ᠤᠯᠤᠰ ᠤᠨ ᠪᠠᠳᠣᠯᠠᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠪᠦᠬᠦ ᠬᠦᠴᠦᠨ ᠵᠦᠢᠯ᠂ ᠤᠯᠠᠨ ᠬᠦᠷᠢᠶ᠎ᠡ᠂ ᠦᠨᠳᠦᠷ ᠦᠷ᠎ᠡ ᠠᠰᠢᠭ ᠲᠠᠢ ᠴᠡᠷᠢᠭ ᠠᠷᠠᠳ ᠤᠨ ᠬᠡᠷᠡᠭᠯᠡᠭᠡ ᠭᠦᠨᠵᠡᠭᠡᠢ ᠠᠭᠤᠰᠤᠯᠴᠠᠨ ᠬᠦᠭ᠍ᠵ᠍ᠢᠭᠰᠡᠨ ᠬᠦᠭ᠍ᠵᠢᠯᠳᠡ ᠶᠢᠨ ᠲᠦᠯᠦᠪ ᠪᠠᠶᠢᠳᠠᠯ ᠢ ᠳᠠᠷᠣᠢ ᠲᠦᠷᠭᠡᠨ ᠪᠦᠷᠢᠯᠳᠦᠭᠦᠯᠬᠦ ᠬᠡᠷᠡᠭᠳᠠᠢ ᠭᠡᠵᠡᠢ᠃

    ᠬᠤᠷᠠᠯ ᠠᠴᠠ ᠴᠢᠬᠤᠯᠠᠴᠢᠯᠠᠭᠰᠠᠨ ᠨᠢ᠂ ᠤᠳᠤᠬᠠᠨ ᠳᠤ ᠮᠠᠨ ᠤ ᠤᠷᠤᠨ ᠶᠠᠭ ᠬᠤᠳᠠ ᠪᠠᠯᠭᠠᠰᠤᠵᠢᠯᠳᠠ ᠶᠢ ᠲᠦᠷᠬᠡᠳᠭᠡᠨ ᠠᠬᠢᠭᠤᠯᠬᠤ ᠴᠠᠭ ᠦᠶ᠎ᠡ ᠳᠤ ᠤᠷᠤᠰᠢᠵᠤ ᠪᠤᠢ᠂ ᠬᠤᠳᠠ ᠶᠢᠨ ᠲᠦᠯᠦᠪᠵᠢᠭᠦᠯᠭᠡ ᠪᠦᠳᠦᠭᠡᠨ ᠪᠠᠶᠢᠭᠤᠯᠤᠯᠳᠠ ᠬᠠᠮᠢᠶᠠᠷᠤᠯᠳᠠ ᠶᠢᠨ ᠠᠵᠢᠯ ᠢ ᠴᠢᠩᠭ᠋ᠠᠳᠬᠠᠬᠤ ᠨᠢ ᠴᠢᠬᠤᠯᠠ ᠠᠴᠢ ᠬᠤᠯᠪᠤᠭᠳᠠᠯ ᠲᠠᠢ᠃ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠦᠪ ᠤᠨ ᠡᠯ᠎ᠡ ᠵᠦᠢᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠪᠦᠬᠦ ᠳᠠᠯ᠎ᠠ ᠪᠠᠷ ᠳᠣᠣᠱᠯᠠᠭᠤᠯᠵᠣ᠂ ᠦᠪᠡᠷᠳᠡᠭᠡᠨ ᠵᠠᠰᠠᠬᠤ ᠤᠷᠤᠨ ᠤ ᠬᠡᠷᠡᠭᠵᠢᠭᠦᠯᠬᠦ ᠰᠠᠨᠠᠯ ᠢ ᠳᠣᠣᠱᠯᠠᠭᠤᠯᠣᠨ ᠨᠠᠶᠢᠳᠠᠪᠣᠷᠢᠵᠢᠭᠤᠯᠬᠤ ᠶᠢ ᠯᠠᠪᠳᠠᠭᠤᠨ ᠪᠠᠳᠣᠳᠠᠢ ᠰᠠᠶᠢᠳᠣᠷ ᠠᠳᠬᠤᠵᠣ᠂ ᠬᠦᠮᠦᠨ ᠢᠶᠠᠷ ᠦᠨᠳᠦᠰᠦ ᠪᠤᠯᠭᠠᠬᠤ᠂ ᠰᠢᠨᠵᠢᠯᠡᠬᠦ ᠤᠬᠠᠭᠠᠨᠴᠢ ᠪᠠᠷ ᠬᠦᠭ᠍ᠵᠢᠬᠦ᠂ ᠦᠭᠡᠷᠡᠴᠢᠯᠡᠯᠳᠡ ᠬᠢᠵᠤ ᠰᠢᠨ᠎ᠡ ᠶᠢ ᠡᠭᠦᠳᠬᠦ᠂ ᠬᠠᠤᠯᠢ ᠪᠠᠷ ᠬᠤᠳᠠ ᠪᠠᠨ ᠵᠠᠰᠠᠬᠤ ᠦᠨᠳᠦᠰᠦᠨ ᠵᠠᠷᠴᠢᠮ ᠢ ᠡᠷᠡᠰ ᠪᠠᠷᠢᠮᠳᠠᠯᠠᠨ᠂ ᠬᠤᠳᠠ ᠶᠢᠨ ᠲᠦᠯᠦᠪᠵᠢᠭᠦᠯᠭᠡ ᠪᠦᠳᠦᠭᠡᠨ ᠪᠠᠶᠢᠭᠤᠯᠣᠯᠳᠠ ᠬᠠᠮᠢᠶᠠᠷᠣᠯᠳᠠ ᠶᠢᠨ ᠠᠵᠢᠯ ᠢ ᠵᠢᠯᠣᠭᠤᠳᠬᠤ᠂ ᠵᠣᠬᠢᠴᠠᠭᠤᠯᠬᠤ ᠪᠣᠯᠣᠨ ᠳᠡᠮᠵᠢᠬᠦ ᠡᠷᠴᠢᠮ ᠢᠶᠠᠨ ᠦᠨᠡᠨᠬᠦ ᠴᠢᠩᠭ᠋ᠠᠷᠠᠭᠤᠯᠵᠤ᠂ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠦᠨᠳᠦᠷ ᠭᠠᠷᠤᠭ᠎ᠠ ᠠᠴᠠ ᠲᠦᠯᠦᠪᠵᠢᠭᠦᠯᠵᠦ᠂ ᠦᠨᠳᠦᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠵᠣ᠂ ᠦᠨᠳᠦᠷ ᠲᠦᠪᠰᠢᠨ ᠢᠶᠠᠷ ᠬᠠᠮᠢᠶᠠᠷᠴᠣ᠂ ᠦᠪᠦᠷ ᠮᠤᠩᠭᠤᠯ ᠤᠨ ᠤᠨᠴᠠᠯᠢᠭ ᠲᠠᠢ ᠬᠤᠳᠠ ᠶᠢᠨ ᠬᠦᠭ᠍ᠵᠢᠯᠳᠡ ᠶᠢᠨ ᠵᠠᠮ ᠢᠶᠠᠷ ᠴᠢᠷᠮᠠᠶᠢᠨ ᠵᠠᠮᠨᠠᠬᠤ ᠬᠡᠷᠡᠭᠳᠠᠢ᠃ ᠬᠤᠳᠠ ᠶᠢᠨ ᠠᠵᠢᠯ ᠢ ᠠᠵᠤ ᠠᠬᠤᠢ ᠨᠡᠶᠢᠬᠡᠮ ᠤᠨ ᠬᠦᠭ᠍ᠵᠢᠯᠳᠡ ᠶᠢ ᠶᠡᠷᠦᠩᠬᠡᠶᠢᠯᠡᠨ ᠦᠨᠡᠯᠡᠬᠦ ᠰᠢᠰᠲ᠋ᠧᠮ ᠪᠠ ᠤᠳᠤᠷᠢᠳᠬᠤ ᠺᠠᠳ᠋ᠷᠴᠤᠳ ᠤᠨ ᠠᠯᠪᠠᠨ ᠠᠮᠵᠢᠯᠳᠠ ᠶᠢ ᠰᠢᠯᠭᠠᠨ ᠦᠨᠡᠯᠡᠬᠦ ᠰᠢᠰᠲ᠋ᠧᠮ ᠳᠤ ᠤᠷᠤᠭᠤᠯᠵᠤ᠂ ᠡᠯ᠎ᠡ ᠱᠠᠳᠤᠨ ᠤ ᠤᠳᠤᠷᠢᠳᠬᠤ ᠺᠠᠳ᠋ᠷᠴᠤᠳ ᠤᠨ ᠬᠤᠳᠠ ᠶᠢᠨ ᠬᠦᠭ᠍ᠵᠢᠯᠳᠡ ᠶᠢᠨ ᠵᠢᠮ᠎ᠡ ᠶᠤᠰᠤ ᠶᠢ ᠦᠨᠡᠨᠬᠦ ᠬᠦᠨᠳᠦᠳᠭᠡᠬᠦ᠂ ᠪᠠᠶᠢᠭᠠᠯᠢ ᠠᠮᠢ ᠠᠬᠤᠢ ᠤᠷᠴᠢᠨ ᠲᠤᠭᠤᠷᠢᠨ ᠢ ᠦᠨᠡᠨᠬᠦ ᠬᠦᠨᠳᠦᠳᠭᠡᠬᠦ᠂ ᠳᠡᠦᠭᠡ ᠰᠤᠶᠤᠯ ᠢ ᠤᠯᠠᠮᠵᠢᠯᠠᠨ ᠵᠠᠯᠭᠠᠮᠵᠢᠯᠠᠬᠤ ᠶᠢ ᠦᠨᠡᠨᠬᠦ ᠬᠦᠨᠳᠦᠳᠭᠡᠬᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨᠬᠦ ᠬᠦᠨᠳᠦᠳᠬᠡᠬᠦ ᠶᠢ ᠠᠬᠢᠭᠤᠯᠵᠣ᠂ ᠬᠤᠳᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠬᠤ ᠲᠦᠪᠰᠢᠨ ᠢ ᠳᠠᠰᠤᠷᠠᠯᠳᠠ ᠦᠭᠡᠢ ᠳᠡᠭᠡᠭ᠍ᠰᠢᠯᠡᠭᠦᠯᠬᠦ ᠬᠡᠷᠡᠭᠳᠠᠢ ᠭᠡᠵᠡᠢ᠃

    ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠶ᠎ᠠ (ᠨᠠᠮ ᠤᠨ ᠣᠳᠣᠷᠢᠳᠬᠤ ᠳᠤᠭᠤᠢᠢᠯᠠᠩ)  ᠶ᠋ᠢᠨ ᠤᠨᠤᠯ ᠰᠣᠷᠣᠯᠴᠠᠬᠤ ᠭᠤᠣᠯ ᠳᠣᠭᠤᠢᠢᠯᠠᠩ ᠤᠨ ᠰᠤᠷᠤᠯᠴᠠᠯᠭ᠎ᠠ ᠪᠤᠯ᠂ ᠡᠯ᠎ᠡ ᠱᠠᠳᠤᠨ ᠤ ᠤᠳᠤᠷᠢᠳᠬᠤ ᠪᠠᠭ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠳᠠ ᠶᠢ ᠴᠢᠩᠭ᠋ᠠᠳᠭᠠᠬᠤ ᠴᠢᠬᠤᠯᠠ ᠲᠦᠷᠢᠮ ᠪᠣᠯᠣᠨ᠎ᠠ᠃ ᠡᠯ᠎ᠡ ᠱᠠᠳᠤᠨ ᠤ ᠨᠠᠮ ᠤᠨ ᠬᠤᠷᠢᠶ᠎ᠠ (ᠨᠠᠮ ᠤᠨ ᠣᠳᠣᠷᠢᠳᠬᠤ ᠲᠤᠭᠤᠢᠢᠯᠠᠩ) ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠤᠭᠳᠠᠭᠠᠯ ᠱᠠᠭᠠᠷᠳᠠᠯᠭ᠎ᠠ ᠶᠤᠰᠤᠭᠠᠷ᠂ ᠣᠨᠣᠯ ᠰᠤᠷᠤᠯᠴᠠᠬᠤ ᠭᠤᠣᠯ ᠳᠣᠭᠤᠢᠢᠯᠠᠩ ᠤᠨ ᠰᠤᠷᠤᠯᠴᠠᠯᠭ᠎ᠠ ᠶᠢ ᠴᠢᠬᠤᠯᠠ ᠪᠠᠶᠢᠷᠢᠨ ᠳᠤ ᠳᠠᠯᠪᠢᠵᠤ᠂ ᠨᠠᠮ ᠤᠨ ᠪᠠᠶᠢᠭᠤᠯᠤᠯᠳᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠳᠤ ᠣᠷᠣᠭᠤᠯᠵᠣ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠳᠤ ᠤᠷᠤᠭᠤᠯᠵᠤ᠂ 《ᠬᠤᠶᠠᠷ ᠢ ᠰᠤᠷᠤᠯᠴᠠᠵᠦ ᠨᠢᠭᠡ ᠳᠤ ᠳᠡᠩᠴᠡᠭᠦᠯᠬᠦ》 ᠰᠤᠷᠤᠯᠴᠠᠯᠭ᠎ᠠ ᠬᠦᠮᠦᠵᠢᠯ ᠢ ᠪᠠᠶᠢᠩᠭ᠋ᠤᠵᠢᠭᠤᠯᠵᠤ ᠳᠦᠷᠢᠮᠵᠢᠬᠦᠯᠬᠦ ᠶᠢ ᠠᠬᠢᠭᠤᠯᠬᠤ ᠲᠠᠢ ᠤᠷᠭᠠᠨᠢᠭ ᠢᠶᠠᠷ ᠤᠶᠠᠯᠳᠤᠭᠤᠯᠤᠨ᠂ 《ᠭᠤᠣᠯ ᠬᠠᠷᠢᠭᠤᠴᠠᠯᠭᠠᠳᠠᠨ》 ᠦᠪᠡᠷ ᠢᠶᠠᠨ ᠠᠳᠬᠤᠬᠤ ᠶᠢ ᠪᠠᠷᠢᠮᠳᠠᠯᠠᠨ᠂ ᠣᠨᠣᠯ ᠰᠣᠷᠣᠯᠴᠠᠬᠤ ᠭᠤᠣᠯ ᠳᠤᠭᠤᠢᠢᠯᠠᠩ ᠤᠨ ᠰᠤᠷᠤᠯᠴᠠᠯᠭ᠎ᠠ ᠶᠢᠨ ᠦᠷ᠎ᠡ ᠠᠰᠢᠭ ᠪᠠ ᠴᠢᠨᠠᠷ ᠢ ᠬᠦᠴᠦᠯᠡᠨ ᠳᠡᠭᠡᠭ᠍ᠰᠢᠯᠡᠭᠦᠯᠬᠦ ᠬᠡᠷᠡᠭᠳᠠᠢ᠃ ᠡᠯ᠎ᠡ ᠱᠠᠳᠤᠨ ᠤ ᠤᠳᠤᠷᠢᠳᠬᠤ ᠺᠠᠳ᠋ᠷᠴᠣᠳ ᠰᠤᠷᠤᠯᠴᠠᠯᠭ᠎ᠠ ᠪᠠᠨ ᠴᠢᠩᠭ᠋ᠠᠳᠭᠠᠬᠤ ᠶᠢ ᠳᠣᠰᠢᠶᠠᠯ ᠬᠠᠷᠢᠭᠤᠴᠠᠯᠭ᠎ᠠ ᠳᠡᠦᠬᠡᠳᠦ ᠡᠭᠦᠷᠭᠡ ᠪᠠᠨ ᠬᠦᠢᠴᠡᠳᠬᠡᠬᠦ᠂ ᠨᠠᠮᠴᠢ ᠴᠢᠨᠠᠷ ᠤᠨ ᠪᠣᠯᠪᠠᠰᠣᠷᠠᠯ ᠢᠶᠠᠨ ᠴᠢᠩᠭ᠋ᠠᠳᠭᠠᠬᠤ ᠶᠢ ᠵᠠᠪᠠᠯ ᠰᠤᠷᠬᠤ ᠬᠢᠴᠢᠶᠠᠯ ᠪᠤᠯᠭᠠᠨ᠂ ᠤᠨᠤᠯ ᠢ ᠪᠣᠳᠠᠳᠠᠢ ᠲᠠᠢ ᠣᠶᠠᠯᠳᠣᠭᠤᠯᠬᠤ ᠰᠤᠷᠤᠯᠴᠠᠯᠭ᠎ᠠ ᠶᠢᠨ ᠰᠤᠷᠳᠠᠯ ᠢ ᠶᠡᠬᠡᠪᠡᠷ ᠪᠠᠳᠠᠷᠠᠭᠤᠯᠵᠣ᠂ ᠦᠭᠡᠷᠡᠴᠢᠯᠡᠯᠳᠡ ᠬᠦᠭ᠍ᠵᠢᠯᠳᠡ ᠪᠠ ᠲᠤᠭᠳᠠᠭᠤᠨ ᠤ ᠠᠵᠢᠯ ᠢ ᠰᠠᠶᠢᠳᠣᠷ ᠬᠢᠬᠦ ᠴᠢᠳᠠᠪᠤᠷᠢ ᠪᠣᠯᠣᠨ ᠲᠦᠪᠰᠢᠨ ᠢᠶᠠᠨ ᠳᠠᠰᠤᠷᠠᠯᠳᠠ ᠦᠭᠡᠢ ᠳᠡᠭᠡᠭ᠍ᠰᠢᠯᠡᠭᠦᠯᠬᠦ ᠬᠡᠷᠡᠭᠳᠠᠢ ᠭᠡᠵᠡᠢ᠃

    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120911884