蒙古文网站Logo
ᠰᠢᠨᠬᠤᠸᠠ ᠮᠤᠩᠭ᠋ᠤᠯ ᠨᠧᠲ

ᠯᠢ ᠵᠢᠢ ᠡᡁᠧᠩ ᠶᠡᠭᠡ ᠬᠢᠩᠭ᠋ᠠᠨ ᠲᠠᠪᠠᠭ᠎ᠠ ᠶᠢᠨ 5 • 02 ᠤᠨ ᠪᠢᠯ᠎ᠡ ᠭᠤᠤᠯ ᠤᠢ ᠰᠢᠭᠤᠢ ᠶᠢᠨ ᠲᠤᠪᠴᠢᠶ᠎ᠠ ᠶᠢᠨ ᠪᠸᠢ ᠳ᠋ᠠ ᠾᠧ ᠤᠢ ᠰᠢᠭᠤᠢ ᠶᠢᠨ ᠲᠠᠯᠠᠪᠠᠢ ᠶᠢᠨ ᠲᠦᠢᠮᠡᠷ ᠢ ᠤᠨᠲᠠᠷᠠᠭᠠᠬᠤ ᠠᠵᠢᠯ ᠢ ᠰᠤᠳᠤᠯᠤᠨ ᠪᠠᠶᠢᠷᠢᠯᠠᠭᠤᠯᠪᠠ

2017-05-03 15:56

    5 ᠰᠠᠷ᠎ᠠ ᠶᠢᠨ 2 ᠤᠨ ᠡᠳᠤᠷ ᠤᠨ 12 ᠴᠠᠭ 15 ᠮᠢᠨᠦ᠋ᠲ ᠲᠤ᠂ ᠦᠪᠤᠷ ᠮᠤᠩᠭᠤᠯ ᠤᠨ ᠶᠡᠭᠡ ᠬᠢᠩᠭ᠋ᠠᠨ ᠲᠠᠪᠠᠭ᠎ᠠ ᠶᠢᠨ ᠪᠢᠯ᠎ᠠ ᠭᠤᠤᠯ ᠤᠢ ᠰᠢᠭᠤᠢ ᠶᠢᠨ ᠲᠤᠪᠴᠢᠶ᠎ᠠ ᠶᠢᠨ ᠪᠸᠢ ᠳ᠋ᠠ ᠡᡁᠧ ᠤᠢ ᠰᠢᠭᠤᠢ ᠶᠢᠨ ᠲᠠᠯᠠᠪᠠᠢ ᠳᠤ ᠲᠦᠢᠮᠡᠷ ᠭᠠᠷᠪᠠ᠃ ᠲᠦᠢᠮᠡᠷ ᠤᠨ ᠪᠠᠶᠢᠳᠠᠯ ᠤᠨ ᠮᠡᠳᠡᠬᠦᠯᠥᠯᠳᠡ ᠶᠢ ᠲᠤᠰᠤᠭᠰᠠᠠ ᠤ ᠲᠠᠷᠠᠭ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶ᠋ᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ ᠬᠠᠮᠤᠭ ᠤᠨ ᠲᠦᠷᠦᠬᠦᠨ ᠳᠤ ᠵᠢᠭᠠᠪᠤᠷᠢ ᠦᠭᠴᠦ᠂ ᠰᠦᠨᠢ ᠲᠦᠯᠢ ᠪᠠᠷ ᠰᠢᠷᠬᠠᠳᠤᠭᠰᠠᠳ ᠢ ᠠᠪᠤᠷᠠᠨ ᠡᠮᠨᠡᠬᠦ ᠪᠡ ᠲᠦᠢᠮᠡᠷ ᠢ ᠤᠨᠳᠠᠷᠠᠭᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃

    ᠯᠢ ᠵᠢᠢ ᠡᡁᠧᠩ ᠵᠢᠭᠠᠪᠤᠷᠢ ᠳᠠᠭᠠᠨ ᠶᠡᠭᠡ ᠬᠢᠩᠭ᠋ᠠᠨ ᠲᠠᠪᠠᠭ᠎ᠠ ᠶᠢᠨ ᠦᠮᠠ ᠤᠢ ᠰᠢᠭᠤᠢ ᠶᠢᠨ ᠲᠤᠪᠴᠢᠶ᠎ᠠ ᠶᠢᠨ ᠢᠮᠦ᠋ ᠭᠤᠤᠯ ᠤᠢ ᠰᠢᠭᠤᠢ ᠶᠢᠨ ᠲᠠᠯᠠᠪᠠᠢ ᠳᠤ ᠲᠦᠢᠮᠡᠷ ᠤᠨᠳᠠᠷᠠᠭᠠᠬᠤ ᠠᠵᠢᠯ ᠢ ᠵᠢᠯᠤᠭᠤᠳᠴᠦ ᠪᠠᠶᠢᠭ᠎ᠠ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠵᠠᠩ ᠬᠤᠸᠠ ᠪᠤᠯᠤᠨ ᠦᠪᠡᠷᠳᠡᠭᠡᠨ ᠵᠠᠰᠠᠬᠤ ᠤᠷᠤᠨ ᠤ ᠭᠠᠯ ᠰᠡᠷᠬᠡᠶᠢᠯᠡᠬᠦ ᠵᠢᠯᠤᠭᠤᠳᠬᠤ ᠭᠠᠵᠠᠷ ᠤᠨ ᠬᠢᠨ ᠢ ᠲᠠᠷᠤᠢ ᠲᠦᠷᠬᠡᠨ ᠬᠦᠷᠦᠯᠴᠡᠬᠦ᠋ᠢᠴᠡ ᠬᠦᠴᠦᠨ ᠢ ᠲᠤᠬᠢᠷᠠᠭᠤᠯᠤᠨ ᠪᠢᠯ᠎ᠠ ᠭᠤᠤᠯ ᠤᠢ ᠰᠢᠭᠤᠢ ᠶᠢᠨ ᠲᠠᠯᠠᠪᠠᠢ ᠶᠢᠨ ᠲᠦᠢᠮᠡᠷ ᠭᠠᠷᠤᠭᠰᠠᠠ ᠡᠮᠤᠨ᠎ᠡ ᠹᠷᠤᠨᠲ ᠲᠤ ᠤᠴᠢᠭᠤᠯᠵᠥ᠂ ᠪᠦᠬᠦ ᠬᠦᠴᠦ ᠪᠠᠷ ᠢᠶᠠᠨ ᠴᠢᠷᠮᠡᠶᠢᠵᠥ᠂ ᠰᠢᠨᠵᠢᠯᠡᠬᠦ ᠤᠬᠠᠭᠠᠨᠴᠢ ᠪᠠᠷ ᠤᠨᠳᠠᠷᠠᠭᠠᠬᠤ ᠬᠡᠷᠡᠭᠳᠡᠢ ᠬᠡᠵᠥ ᠱᠠᠭᠠᠷᠳᠠᠪᠠ᠃ ᠪᠦᠬᠦ ᠤᠷᠤᠨ ᠤ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ᠂ ᠡᠯ᠎ᠡ ᠤᠢ ᠰᠢᠭᠤᠢ ᠶᠢᠨ ᠲᠤᠪᠴᠢᠶ᠎ᠠ᠂ ᠤᠢ ᠰᠢᠭᠤᠢ ᠶᠢᠨ ᠲᠡᠯᠡᠪᠡᠢ᠂ ᠡᠯ᠎ᠡ ᠬᠠᠮᠢᠶ᠎ᠠ ᠪᠦᠬᠦᠢ ᠨᠢᠬᠡᠴᠡ ᠶᠢ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠰᠡᠷᠬᠡᠶᠢᠯᠡᠬᠦ ᠠᠵᠢᠯ ᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠥ᠂ ᠲᠦᠢᠮᠡᠷ ᠤᠨ ᠢᠷᠡᠯᠳᠡ ᠶᠢᠨ ᠬᠠᠮᠢᠶᠠᠷᠤᠯᠳᠠ ᠪᠠᠨ ᠴᠢᠩᠭ᠋ᠠᠳᠬᠠᠵᠤ᠂ ᠲᠦᠢᠮᠡᠷ ᠤᠨᠳᠠᠷᠠᠭᠠᠬᠤ ᠡᠩᠨᠡᠭᠡ ᠶᠢᠨ ᠪᠡᠯᠡᠳᠬᠡᠯ ᠠᠵᠢᠯ ᠢ ᠴᠢᠩᠭ᠋ᠠᠳᠬᠠᠵᠤ᠂ ᠲᠦᠢᠮᠡᠷ ᠢ ᠰᠢᠨᠵᠢᠯᠡᠬᠦ ᠤᠬᠠᠭᠠᠨᠴᠢ ᠪᠠᠷ ᠤᠨᠳᠠᠷᠠᠭᠠᠵᠥ᠂ ᠬᠡᠨᠡᠳᠳᠡ ᠶᠢᠨ ᠶᠠᠪᠤᠳᠠᠯ ᠭᠠᠷᠬᠤ ᠶᠢ ᠰᠡᠷᠬᠡᠶᠢᠯᠡᠬᠦ ᠬᠡᠷᠡᠭᠳᠡᠢ ᠬᠡᠵᠥ ᠱᠠᠭᠠᠷᠳᠠᠵᠠᠢ᠃

    ᠲᠤᠰ ᠤᠷᠤᠢ ᠶᠢᠨ 10 ᠴᠠᠭ 50 ᠮᠢᠨᠦ᠋ᠲ ᠲᠤ᠂ ᠯᠢ ᠵᠢᠢ ᠡᡁᠧᠩ ᠦᠪᠡᠷᠳᠡᠭᠡᠨ ᠵᠠᠰᠠᠬᠤ ᠤᠷᠤᠨ ᠤ ᠭᠠᠯ ᠰᠡᠷᠬᠡᠶᠢᠯᠡᠬᠦ ᠵᠢᠯᠤᠭᠤᠳᠬᠤ ᠭᠠᠵᠠᠷ ᠲᠤ ᠢᠷᠡᠵᠥ᠂ ᠴᠠᠭ ᠠᠭᠤᠷ ᠤᠨ ᠲᠠᠭᠠᠭᠤᠯᠢ ᠤᠳᠤ ᠶᠢᠨ ᠠᠯᠤᠰ ᠰᠡᠷᠡᠯ ᠤᠨ ᠬᠢᠨᠠᠨ ᠬᠡᠮᠵᠢᠬᠦ ᠵᠢᠷᠤᠭ ᠤᠨ ᠲᠤᠮᠤ ᠲᠡᠯᠬᠡᠴᠡ ᠶᠢᠨ ᠡᠮᠤᠨ᠎ᠡ᠂ ᠬᠠᠮᠢᠶ᠎ᠠ ᠪᠦᠬᠦᠢ ᠬᠦᠮᠥᠰ ᠠᠴᠠ ᠲᠦᠢᠮᠡᠷ ᠭᠠᠷᠤᠭᠰᠠᠠ ᠪᠤᠳᠠᠳᠠᠢ ᠪᠠᠶᠢᠷᠢ᠂ ᠲᠦᠢᠮᠡᠷ ᠤᠨ ᠭᠡᠪᠴᠢᠶ᠎ᠡ᠂ ᠰᠢᠳᠠᠭᠳᠠᠭᠰᠠᠠ ᠲᠠᠯᠠᠪᠠᠢ᠂ ᠤᠨᠳᠠᠷᠠᠭᠠᠬᠤ ᠠᠵᠢᠯ ᠵᠡᠷᠬᠡ ᠪᠠᠶᠢᠳᠠᠯ ᠢ ᠨᠠᠷᠢᠨ ᠤᠢᠢᠯᠠᠭᠠᠪᠠ᠃ ᠲᠠᠷᠠᠭ᠎ᠠ ᠨᠢ᠂ ᠯᠢ ᠵᠢᠢ ᠡᡁᠧᠩ ᠵᠢᠯᠤᠭᠤᠳᠬᠤ ᠭᠠᠵᠠᠷ ᠤᠨ ᠤᠯᠠᠨ ᠵᠠᠭᠤᠴᠢᠳᠤ ᠬᠤᠷᠠᠯ ᠤᠨ ᠬᠡᠷ ᠲᠤ ᠬᠤᠷᠠᠯ ᠬᠤᠷᠠᠯᠳᠤᠭᠤᠯᠵᠥ᠂ ᠸᠢᠳᠢᠣ᠋ ᠪᠤᠯᠤᠨ ᠤᠳᠠᠰᠤ ᠪᠠᠷ ᠶᠠᠷᠢᠯᠴᠠᠬᠤ ᠠᠷᠭ᠎ᠠ ᠪᠠᠷ᠂ ᠶᠡᠭᠡ ᠬᠢᠩᠭ᠋ᠠᠨ ᠲᠠᠪᠠᠭ᠎ᠠ ᠶᠢᠨ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶ᠎ᠠ᠂ ᠲᠦᠢᠮᠡᠷ ᠤᠨᠳᠠᠷᠠᠭᠠᠬᠤ ᠡᠮᠤᠨ᠎ᠡ ᠹᠷᠤᠨᠲ ᠤᠨ ᠵᠢᠯᠤᠭᠤᠳᠬᠤ ᠭᠠᠵᠠᠷ ᠤᠨ ᠬᠠᠷᠢᠭᠤᠴᠠᠯᠭᠠᠳᠠᠨ ᠤ ᠠᠵᠢᠯ ᠤᠨ ᠬᠠᠷᠢᠭᠤ ᠮᠡᠳᠡᠬᠦᠯᠥᠯᠳᠡ ᠶᠢ ᠰᠤᠨᠤᠰᠴᠦ᠂ ᠰᠢᠷᠬᠠᠳᠤᠭᠰᠠᠳ ᠢ ᠠᠪᠤᠷᠠᠨ ᠡᠮᠨᠡᠵᠥ ᠪᠠᠶᠢᠬᠤ ᠪᠡ ᠲᠦᠢᠮᠡᠷ ᠢ ᠤᠨᠳᠠᠷᠠᠭᠠᠵᠥ ᠪᠠᠶᠢᠭ᠎ᠠ ᠪᠠᠶᠢᠳᠠᠯ ᠢ ᠨᠠᠷᠢᠨ ᠤᠢᠢᠯᠠᠭᠠᠵᠥ᠂ ᠲᠦᠢᠮᠡᠷ ᠤᠨᠳᠠᠷᠠᠭᠠᠬᠤ ᠡᠮᠤᠨ᠎ᠡ ᠹᠷᠤᠨᠲ ᠤᠨ ᠨᠦᠬᠦᠳ ᠢ ᠲᠤᠳᠤᠨᠤ ᠪᠠᠷ ᠲᠤᠬᠤᠨᠢᠭᠤᠯᠵᠥ᠂ ᠲᠠᠷᠠᠭ᠎ᠠ ᠠᠯᠬᠤᠮ ᠤᠨ ᠠᠵᠢᠯ ᠳᠤ ᠲᠤᠳᠤᠷᠬᠠᠢ ᠱᠠᠭᠠᠷᠳᠠᠯᠭ᠎ᠠ ᠲᠤᠷᠠᠳᠪᠠ᠃

    ᠯᠢ ᠵᠢᠢ ᠾᠧᠩ᠂ ᠶᠡᠭᠡ ᠬᠢᠩᠭ᠋ᠠᠨ ᠳᠠᠪᠠᠭ᠎ᠠ ᠶᠢᠨ 4 • 30 ᠤ᠋ ᠦᠮᠠ ᠤᠢ ᠰᠢᠭᠤᠢ ᠶᠢᠨ ᠲᠤᠪᠴᠢᠶ᠎ᠠ ᠶᠢᠨ ᠢᠮᠦ᠋ ᠭᠤᠤᠯ ᠤᠨ ᠤᠢ ᠰᠢᠭᠤᠢ ᠶᠢᠨ ᠲᠠᠯᠠᠪᠠᠢ ᠶᠢᠨ ᠲᠦᠢᠮᠡᠷ ᠪᠤᠯᠤᠨ ᠶᠡᠭᠡ ᠬᠢᠩᠭ᠋ᠠᠨ ᠳᠠᠪᠠᠭ᠎ᠠ ᠶᠢᠨ 5 • 02  ᠤ᠋᠋᠋᠋ᠨ ᠪᠢᠯ᠎ᠠ ᠭᠤᠤᠯ ᠤᠢ ᠰᠢᠭᠤᠢ ᠶᠢᠨ ᠲᠤᠪᠴᠢᠶ᠎ᠠ ᠶᠢᠨ ᠪᠸᠢ ᠳ᠋ᠠ ᠾᠧ ᠤᠢ ᠰᠢᠭᠤᠢ ᠶᠢᠨ ᠲᠠᠯᠠᠪᠠᠢ ᠶᠢᠨ ᠲᠦᠢᠮᠡᠷ ᠭᠠᠷᠤᠭᠰᠠᠨ ᠤ ᠳᠠᠷᠠᠭ᠎ᠠ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠪᠠᠶᠢᠩᠭ᠋ᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠤᠩᠬᠡᠢ ᠰᠠᠶᠢᠳ ᠯᠢ ᠺᠧ ᠴᠢᠶᠠᠩ ᠪᠤᠯᠤᠨ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠤᠩᠬᠡᠢ ᠰᠠᠶᠢᠳ ᠸᠠᠩ ᠶᠠᠩ ᠵᠡᠷᠭᠡ ᠲᠦᠪ ᠤᠨ ᠤᠳᠤᠷᠢᠳᠬᠤ ᠨᠦᠬᠦᠷ ᠴᠢᠬᠤᠯᠠ ᠴᠤᠬᠤᠯᠠᠪᠤᠷᠢ ᠦᠭᠴᠠᠢ᠃ ᠲᠦᠪ ᠤᠨ ᠤᠳᠤᠷᠢᠳᠬᠤ ᠨᠦᠬᠦᠳ ᠤᠨ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠨᠠᠮ ᠪᠤᠯᠤᠨ ᠤᠯᠤᠰ ᠤᠷᠤᠨ᠂ ᠠᠷᠠᠳ ᠲᠦᠮᠡᠨ ᠳᠤ ᠳᠡᠭᠡᠳᠦ ᠬᠡᠮᠵᠢᠶ᠎ᠠ ᠪᠠᠷ ᠬᠠᠷᠢᠭᠤᠴᠠᠬᠤ ᠤᠪᠤᠷ ᠢᠶᠠᠷ᠂ ᠪᠦᠬᠦ ᠬᠦᠴᠦᠨ ᠢᠶᠠᠷ ᠢᠶᠠᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃

    ᠲᠦᠢᠮᠡᠷ ᠢ ᠤᠨᠳᠠᠷᠠᠭᠠᠵᠤ ᠭᠠᠮᠰᠢᠭ ᠠᠴᠠ ᠠᠪᠤᠷᠠᠬᠤ ᠠᠵᠢᠯ ᠳᠤᠮᠳᠠ ᠰᠢᠷᠬᠠᠳᠤᠯ ᠭᠠᠷᠤᠭᠰᠠᠨ ᠪᠠᠶᠢᠳᠠᠯ ᠳᠤ ᠴᠢᠭᠯᠡᠭᠦᠯᠦᠨ᠂ ᠯᠢ ᠵᠢᠢ ᠾᠧᠩ᠂ ᠬᠦᠮᠦᠨ ᠤ ᠠᠮᠢ ᠨᠠᠰᠤ ᠲᠦᠢᠯ ᠤᠨ ᠴᠢᠬᠤᠯᠠ᠂ ᠬᠦᠮᠦᠨ ᠢ ᠠᠪᠤᠷᠠᠬᠤ ᠶᠢ ᠬᠠᠮᠤᠭ ᠠᠴᠠ ᠴᠢᠬᠤᠯᠠᠴᠢᠯᠠᠬᠤ ᠬᠡᠷᠡᠭᠲᠡᠢ᠃ ᠬᠠᠮᠤᠭ ᠤᠨ ᠰᠠᠶᠢᠨ ᠡᠮ ᠡᠮᠨᠡᠯᠭᠡ ᠶᠢᠨ ᠬᠦᠴᠦᠨ ᠢ ᠲᠤᠬᠢᠷᠠᠭᠤᠯᠵᠤ ᠪᠠᠶᠢᠭᠠᠳ ᠳᠠᠷᠤᠢ ᠲᠦᠷᠭᠡᠨ ᠡᠮᠨᠡᠨ ᠠᠪᠤᠷᠠᠬᠤ ᠶᠢᠨ ᠬᠠᠮᠲᠦ ᠭᠦᠢᠴᠡᠳ ᠬᠠᠩ᠋ᠭᠠ᠋ᠮᠵᠢᠲᠠᠢ ᠡᠮ ᠡᠮᠨᠡᠯᠭᠡ ᠶᠢᠨ ᠡᠬᠢ ᠪᠠᠶᠠᠯᠢᠭ ᠢ ᠵᠤᠬᠢᠶᠠᠨ ᠪᠠᠶᠢᠭᠤᠯᠵᠤ᠂ ᠰᠢᠷᠬᠠᠳᠤᠭᠰᠠᠳ ᠢ ᠡᠮᠨᠡᠨ ᠠᠪᠤᠷᠠᠬᠤ ᠪᠡᠯᠡᠳᠭᠡᠯ ᠲᠦᠰᠦᠪ ᠢ ᠰᠠᠶᠢᠲᠤᠷ ᠬᠢᠬᠦ ᠬᠡᠷᠡᠭᠲᠡᠢ ᠭᠡᠵᠤ ᠬᠠᠯᠠᠮᠵᠢᠯᠠᠵᠤ ᠬᠡᠯᠡᠪᠡ᠃

    ᠯᠢ ᠵᠢᠢ ᠾᠧᠩ᠂ ᠲᠦᠢᠮᠡᠷ ᠤᠨᠲᠠᠷᠠᠭᠠᠬᠤ ᠡᠮᠦᠨ᠎ᠠ ᠹᠷᠤᠨᠲ ᠤᠨ ᠵᠢᠯᠤᠭᠤᠳᠬᠤ ᠭᠠᠵᠠᠷ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ᠂ ᠨᠠᠷᠢᠨ ᠬᠢᠨᠠᠮᠠᠭᠠᠢ ᠵᠢᠯᠤᠭᠤᠳᠴᠤ᠂ ᠨᠠᠷᠢᠨ ᠬᠢᠨᠠᠮᠠᠭᠠᠢ ᠪᠠᠶᠢᠷᠢᠯᠠᠭᠤᠯᠵᠤ᠂ ᠦᠷᠭᠦᠯᠵᠢᠯᠡᠨ ᠬᠦᠴᠦᠷᠬᠡᠭ᠌ ᠶᠡᠭᠡ ᠲᠦᠢᠮᠡᠷ ᠤᠨᠲᠠᠷᠠᠭᠠᠨ ᠭᠠᠮᠰᠢᠭ ᠠᠴᠠ ᠠᠪᠤᠷᠠᠬᠤ ᠬᠦᠴᠦᠨ ᠢ ᠲᠦᠪᠯᠡᠷᠡᠭᠦᠯᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ ᠪᠠᠶᠢᠭᠠᠳ ᠲᠦᠢᠮᠡᠷ ᠢ ᠤᠨᠲᠠᠷᠠᠭᠠᠬᠤ ᠬᠡᠷᠡᠭᠲᠡᠢ᠃ ᠡᠯ᠎ᠠ ᠵᠦᠢᠯ ᠤᠨ ᠬᠦᠴᠦᠨ ᠤ ᠪᠡᠯᠡᠳᠭᠡᠯ ᠠᠵᠢᠯ ᠢ ᠭᠦᠢᠴᠡᠳ ᠰᠠᠶᠢᠲᠤᠷ ᠬᠢᠵᠤ᠂ ᠴᠢᠬᠤᠯᠠ ᠲᠠᠢ ᠦᠶ᠎ᠠ ᠳᠤ ᠡᠷᠭᠢᠨ ᠲᠤᠭᠤᠷᠢᠨ ᠤ ᠬᠦᠴᠦᠨ ᠢ ᠵᠤᠬᠢᠴᠠᠭᠤᠯᠵᠤ ᠪᠠᠶᠢᠭᠠᠳ ᠲᠦᠢᠮᠡᠷ ᠤᠨᠲᠠᠷᠠᠭᠠᠬᠤ ᠠᠵᠢᠯ ᠳᠤ ᠤᠷᠤᠯᠴᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠬᠤ᠂ ᠡᠮᠬᠢ ᠵᠢᠷᠤᠮ ᠲᠠᠢ ᠪᠠᠷ ᠠᠪᠤᠷᠠᠨ ᠲᠤᠰᠠᠯᠠᠬᠤ ᠶᠢ ᠴᠢᠬᠤᠯᠠᠴᠢᠯᠠᠵᠤ᠂ ᠰᠢᠷᠬᠠᠳᠤᠭᠰᠠᠳ ᠨᠡᠮᠡᠭᠳᠡᠬᠦ ᠶᠢ ᠰᠡᠷᠭᠡᠶᠢᠯᠡᠬᠦ ᠬᠡᠷᠡᠭᠲᠡᠢ᠃ ᠡᠯ᠎ᠠ ᠠᠶᠢᠮᠠᠭ ᠬᠤᠲᠠ᠂ ᠬᠤᠰᠢᠭᠤ ᠰᠢᠶᠠᠨ᠂ ᠡᠯ᠎ᠠ ᠤᠢ ᠰᠢᠭᠤᠢ ᠶᠢᠨ ᠲᠠᠯᠠᠪᠠᠢ᠂ ᠡᠯ᠎ᠠ ᠮᠠᠯᠵᠢᠯ ᠤᠨ ᠲᠠᠯᠠᠪᠠᠢ᠂ ᠭᠤᠤᠯᠳᠠᠯᠭ᠎ᠠ ᠲᠠᠢ ᠭᠠᠯ ᠰᠡᠷᠭᠡᠶᠢᠯᠡᠬᠦ ᠨᠢᠭᠡᠴᠡ ᠪᠦᠭᠦᠳᠡᠭᠡᠷ ᠢᠶᠠᠨ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠨᠢᠭᠡ ᠠᠴᠠ ᠬᠤᠶᠠᠷ ᠢ ᠵᠦᠢᠴᠢᠯᠡᠵᠤ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠤ᠂ ᠭᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠶᠢ ᠴᠢᠩᠭ᠋ᠠᠳᠬᠠᠵᠤ᠂ ᠲᠦᠢᠮᠡᠷ ᠭᠠᠷᠬᠤ ᠶᠢ ᠴᠢᠩᠭ᠋᠎ᠠ ᠰᠡᠷᠭᠡᠶᠢᠯᠡᠬᠦ ᠬᠡᠷᠡᠭᠲᠡᠢ᠃ ᠬᠠᠮᠢᠶᠠᠷᠤᠨ ᠡᠵᠡᠮᠳᠡᠬᠦ ᠨᠢ ᠭᠦᠷᠦᠯᠴᠡᠬᠦ ᠦᠭᠡᠢ ᠠᠴᠠ ᠪᠤᠯᠵᠤ ᠲᠦᠢᠮᠡᠷ ᠭᠠᠷᠤᠭᠰᠠᠨ ᠪᠤᠯ ᠬᠤᠯᠪᠤᠭᠳᠠᠯ ᠪᠦᠬᠦᠢ ᠬᠦᠮᠦᠰ ᠠᠴᠠ ᠴᠢᠩᠭ᠋᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠡᠯ᠎ᠠ ᠨᠢᠭᠡᠴᠡ ᠵᠢᠵᠢᠭᠦᠷ ᠲᠤᠬᠢᠷᠠᠭᠤᠯᠵᠤ ᠰᠠᠬᠢᠨ ᠬᠠᠮᠠᠭᠠᠯᠠᠬᠤ ᠪᠠᠨ ᠴᠢᠩᠭ᠋ᠠᠳᠬᠠᠵᠤ᠂ ᠠᠵᠢᠯ ᠤᠨ ᠬᠠᠷᠢᠯᠴᠠᠭ᠎ᠠ ᠰᠢᠯᠤᠭᠤᠬᠠᠨ ᠪᠠᠶᠢᠬᠤ ᠶᠢ ᠪᠠᠲᠤᠯᠠᠬᠤ ᠬᠡᠷᠡᠭᠲᠡᠢ᠃ ᠴᠠᠭ ᠠᠭᠤᠷ ᠤᠨ ᠰᠠᠯᠠᠭ᠎ᠠ ᠮᠦᠴᠢᠷ ᠴᠠᠭ ᠠᠭᠤᠷ ᠤᠨ ᠵᠢᠱᠢᠯᠲᠡ᠂ ᠤᠷᠢᠳᠴᠢᠯᠡᠨ ᠮᠡᠳᠡᠭᠡᠯᠡᠬᠦ᠂ ᠤᠷᠢᠳᠴᠢᠯᠡᠨ ᠰᠡᠷᠡᠮᠵᠢᠯᠡᠭᠦᠯᠬᠦ ᠶᠢ ᠴᠢᠩᠭ᠋ᠠᠳᠬᠠᠵᠤ᠂ ᠠᠵᠢᠯ ᠳᠤ ᠰᠠᠶᠢᠲᠤᠷ ᠬᠠᠮᠵᠢᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃

    ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢ ᠵᠢᠶᠠ᠂ ᠵᠠᠩ ᠵᠢᠶᠠᠨ ᠮᠢᠨ᠂ ᠯᠦᠸᠧ ᠶᠦᠩ ᠭᠠᠩ᠂ ᠮᠠ ᠮᠢᠩ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120911993