蒙古文网站Logo
ᠰᠢᠨᠬᠤᠸᠠ ᠮᠤᠩᠭ᠋ᠤᠯ ᠨᠧᠲ

ᠪᠦ᠋ ᠰᠢᠶᠤᠤ ᠯᠢᠨ ᠶᠡᠭᠡ ᠬᠢᠩᠭ᠋ᠠᠨ ᠲᠠᠪᠠᠭ᠎ᠠ ᠶᠢᠨ ᠬᠤᠶᠢᠲᠤ ᠬᠡᠰᠡᠭ ᠤᠨ ᠰᠢᠭᠤᠶᠢᠲᠤ ᠤᠷᠤᠨ ᠤ ᠲᠦᠢᠮᠡᠷ ᠢ ᠤᠨᠲᠠᠷᠠᠭᠠᠬᠤ ᠠᠵᠢᠯ ᠳᠤ ᠴᠢᠬᠤᠯᠠ ᠱᠠᠭᠠᠷᠳᠠᠯᠭ᠎ᠠ ᠲᠠᠯᠪᠢᠪᠠ

2017-05-03 16:07

    4 ᠰᠠᠷ᠎ᠠ ᠶᠢᠨ 30 ᠤ ᠡᠳᠤᠷ ᠤᠨ 14 ᠴᠠᠬ ᠲᠤ᠂ ᠦᠪᠤᠷ ᠮᠤᠩᠭ᠋ᠤᠯ ᠤᠨ ᠶᠡᠭᠡ ᠬᠢᠩᠭ᠋ᠠᠨ ᠲᠠᠪᠠᠭ᠎ᠠ ᠶᠢᠨ ᠬᠤᠶᠢᠳᠤ ᠭᠡᠰᠡᠭ ᠤᠨ ᠰᠢᠭᠤᠢᠢᠳᠤ ᠤᠷᠤᠨ ᠤ ᠦᠮᠠ ᠤᠢ ᠰᠢᠭᠤᠢ ᠶᠢᠨ ᠲᠤᠪᠴᠢᠶ᠎ᠠ ᠶᠢᠨ ᠢᠮᠦ᠋ ᠭᠤᠤᠯ ᠤᠢ ᠰᠢᠭᠤᠢ ᠶᠢᠨ ᠲᠠᠯᠠᠪᠠᠢ ᠪᠤᠯᠤᠨ ᠤᠷᠤᠰ ᠲᠠᠢ ᠬᠢᠯᠢ ᠨᠡᠶᠢᠯᠠᠵᠤ ᠪᠠᠶᠢᠭ᠎ᠠ ᠭᠠᠵᠠᠷ ᠲᠤ ᠤᠢ ᠰᠢᠭᠤᠢ ᠶᠢᠨ ᠲᠦᠢᠮᠠᠷ ᠭᠠᠷᠴᠤ᠂ ᠨᠢᠰᠬᠡᠯ ᠢᠶᠠᠷ ᠠᠵᠢᠬᠯᠠᠨ ᠪᠠᠶᠢᠴᠠᠭᠠᠬᠰᠠᠨ ᠢᠶᠠᠷ᠂ ᠶᠡᠭᠡ ᠲᠦᠢᠮᠠᠷ ᠤᠷᠤᠰ ᠤᠨ ᠬᠢᠯᠢ ᠠᠴᠠ ᠬᠤᠶᠢᠳᠤ ᠬᠡᠰᠡᠭ ᠤᠨ ᠪᠠᠯᠠᠷ ᠤᠢ ᠶᠢᠨ ᠦᠮᠠ ᠤᠢ ᠰᠢᠭᠤᠢ ᠶᠢᠨ ᠲᠤᠪᠴᠢᠶ᠎ᠠ ᠶᠢᠨ ᠢᠮᠦ᠋ ᠭᠤᠤᠯ ᠤᠢ ᠰᠢᠭᠤᠢ ᠶᠢᠨ ᠲᠠᠯᠠᠪᠠᠢ ᠳᠤ ᠤᠷᠤᠵᠤ ᠢᠷᠡᠭᠡᠳ᠂ ᠤᠯᠤᠰ ᠤᠨ ᠬᠢᠯᠢ ᠲᠠᠭᠠᠤ ᠲᠦᠷᠡᠯᠵᠡᠨ ᠨᠤᠴᠤᠵᠦ ᠪᠤᠢ᠃    

    ᠲᠦᠢᠮᠠᠷ ᠤᠨ ᠪᠠᠶᠢᠳᠠᠯ ᠤᠨ ᠮᠡᠳᠡᠬᠦᠯᠤᠯᠳᠠ ᠶᠢ ᠤᠯᠤᠬᠰᠠᠨ ᠤ ᠲᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠬᠡᠨ ᠵᠠᠰᠠᠬᠤ ᠤᠷᠤᠨ ᠤᠤᠢ ᠰᠢᠭᠤᠢ ᠶᠢᠨ ᠲᠦᠢᠮᠡᠷ ᠢ ᠰᠡᠷᠬᠡᠶᠢᠯᠠᠵᠤ ᠤᠨᠳᠠᠷᠠᠭᠠᠬᠤ ᠵᠢᠯᠤᠭᠤᠳᠬᠤ ᠭᠠᠵᠠᠷ ᠢ ᠲᠦᠢᠮᠠᠷ ᠤᠨ ᠪᠠᠶᠢᠳᠠᠯ ᠢ ᠨᠢᠬᠳᠠ ᠠᠵᠢᠬᠯᠠᠵᠤ᠂ ᠲᠦᠢᠮᠡᠷ ᠤᠨᠳᠠᠷᠠᠭᠠᠬᠤ ᠬᠦᠴᠤᠨ ᠢ ᠢᠳᠡᠪᠬᠢᠳᠠᠢ ᠵᠤᠬᠢᠶᠠᠨ ᠪᠠᠶᠢᠭᠤᠯᠵᠤ᠂ ᠡᠮᠤᠨ᠎ᠠ ᠹᠷᠤᠨᠲ ᠲᠤ ᠵᠢᠯᠤᠭᠤᠳᠴᠤ᠂ ᠰᠢᠨᠵᠢᠯᠡᠬᠦ ᠤᠬᠠᠭᠠᠨᠴᠢ ᠪᠠᠷ ᠤᠨᠳᠠᠷᠠᠭᠠᠬᠤ ᠠᠵᠢᠯ ᠢ ᠵᠤᠬᠢᠶᠠᠨ ᠪᠠᠶᠢᠭᠤᠯᠵᠤ᠂ ᠬᠦᠮᠤᠨ ᠬᠠᠷ᠎ᠠ ᠦᠬᠦᠵᠤ ᠠᠳᠡᠬᠦ ᠶᠢ ᠡᠷᠡᠰ ᠰᠡᠷᠬᠡᠶᠢᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠤᠩᠬᠡ ᠶᠢᠨ ᠠᠮᠤᠷ ᠲᠦᠪᠰᠢᠨ ᠢ ᠪᠠᠳᠤᠯᠠᠬᠤ ᠭᠡᠷᠡᠭᠳᠠᠢ ᠬᠡᠵᠤ ᠱᠠᠭᠠᠷᠳᠠᠪᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120912121