蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠪᠦᠬᠦ ᠤᠷᠤᠨ ᠤ ᠶᠡᠭᠡ ᠲᠡᠭᠡᠳᠦ ᠰᠤᠷᠭᠠᠭᠤᠯᠢ ᠶᠢᠨ ᠴᠠᠭ ᠤᠨ ᠪᠠᠶᠢᠳᠠᠯ ᠲᠦᠷᠦ ᠶᠢᠨ ᠪᠤᠳᠤᠯᠭ᠎ᠠ ᠶᠢᠨ ᠮᠡᠳᠡᠭᠦᠯᠦᠯᠳᠡ ᠶᠢᠨ ᠬᠤᠷᠠᠯ ᠲᠡᠭᠡᠷ᠎ᠡ ᠵᠠᠯᠠᠭᠤ ᠰᠤᠷᠤᠬᠴᠢᠳ ᠲᠤ ᠨᠠᠨᠳᠢᠨ ᠬᠦᠰᠡᠯ ᠨᠠᠶᠢᠳᠠᠯᠭ᠎ᠠ ᠳᠠᠯᠪᠢᠪᠠ

2017-05-04 16:07

    5 ᠰᠠᠷ᠎ᠠ ᠶᠢᠨ 3 ᠤ ᠡᠳᠦᠷ᠂ 《5 • 4》 ᠤ᠋ ᠵᠠᠯᠠᠭᠤᠴᠤᠳ ᠤᠨ ᠪᠠᠶᠠᠷ ᠤᠨ ᠡᠳᠦᠷ ᠬᠦ᠋ᠷᠴᠤ ᠢᠷᠡᠭᠦ ᠲᠠᠰᠢᠷᠠᠮ ᠢᠶᠠᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠦᠪᠦᠷ ᠮᠤᠩᠭ᠋ᠤᠯ ᠤᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠮᠡᠳᠡᠭᠦᠯᠦᠯᠳᠡ ᠶᠢᠨ ᠲᠢᠩᠬᠢᠮ ᠳᠤ ᠬᠦᠷᠴᠤ᠂ ᠵᠠᠯᠠᠭᠤ ᠰᠤᠷᠤᠬᠴᠢᠳ ᠲᠤ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭ᠋ᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠤᠢᠢᠯᠠᠭᠠᠭᠤᠯᠬᠤ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠵᠢᠷᠣᠭᠯᠠᠭᠰᠠᠨ ᠠᠤᠭ᠎ᠠ ᠵᠢᠷᠤᠭ ᠲᠦᠯᠦᠪᠯᠡᠭᠡ ᠶᠢ ᠠᠮᠢᠳᠤᠯᠢᠭ ᠢᠶᠠᠷ ᠳᠠᠶᠢᠯᠪᠣᠷᠢᠯᠠᠨ ᠦᠭᠴᠦ᠂ ᠵᠠᠯᠠᠭᠤ ᠰᠤᠷᠤᠬᠴᠢᠳ ᠲᠠᠢ ᠵᠠᠯᠠᠭᠤ ᠨᠠᠰᠤ ᠬᠢᠭᠡᠳ ᠬᠦᠰᠡᠯᠡᠩ ᠤᠨ ᠲᠤᠬᠠᠢ ᠠᠭᠤᠵᠢᠷᠠᠳᠠᠯ᠎ᠠ ᠶᠠᠷᠢᠯᠴᠠᠵᠤ᠂ ᠬᠠᠮᠳᠤᠪᠡᠷ ᠲᠠᠪᠤᠨ ᠰᠠᠷ᠎ᠠ ᠶᠢᠨ ᠲᠦᠷᠪᠡᠨ ᠤ ᠬᠦᠳᠡᠯᠭᠡᠭᠡᠨ ᠤ 98 ᠵᠢᠯ ᠤᠨ ᠤᠢ ᠶᠢ ᠲᠤᠷᠠᠰᠬᠠᠵᠤ᠂ 《ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠵᠡᠭᠦᠳᠦ ᠶᠢ ᠬᠠᠮᠳᠤᠪᠡᠷ ᠲᠡᠷᠬᠡᠯᠰᠢᠭᠦᠯᠬᠦ》 2017 ᠤᠨ ᠤ ᠪᠦᠬᠦ ᠤᠷᠤᠨ ᠤ ᠶᠡᠭᠡ ᠲᠡᠭᠡᠳᠦ ᠰᠤᠷᠭᠠᠭᠤᠯᠢ ᠶᠢᠨ ᠵᠠᠭᠤᠨ ᠲᠠᠯᠠᠪᠠᠢ ᠴᠠᠭ ᠤᠨ ᠪᠠᠶᠢᠳᠠᠯ ᠲᠦᠷᠦ ᠶᠢᠨ ᠪᠤᠳᠤᠯᠭ᠎ᠠ ᠶᠢᠨ ᠮᠡᠳᠡᠭᠦᠯᠦᠯᠳᠡ ᠶᠢᠨ ᠬᠤᠷᠠᠯ ᠤᠨ ᠬᠦᠰᠢᠭᠡ ᠶᠢ ᠰᠡᠭᠦᠪᠡ᠃

    ᠯᠢ ᠵᠢᠢ ᠾᠧᠩ ᠡᠩ ᠲᠡᠷᠢᠭᠦᠨ ᠳᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢ ᠲᠦᠯᠦᠭᠡᠯᠡᠵᠤ᠂ ᠪᠦᠬᠦ ᠤᠷᠤᠨ ᠤ ᠡᠯ᠎ᠠ ᠶᠡᠭᠡ ᠲᠡᠭᠡᠳᠦ ᠰᠤᠷᠭᠠᠭᠤᠯᠢ ᠶᠢᠨ ᠪᠠᠭᠰᠢ ᠰᠤᠷᠤᠬᠴᠢᠳ ᠲᠤ᠂ ᠪᠦᠬᠦ ᠤᠷᠤᠨ ᠤ ᠦᠨᠳᠦᠰᠦᠳᠡᠨ ᠨᠦᠭᠦᠳ ᠤᠨ ᠵᠠᠯᠠᠭᠤᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠤ᠂ ᠪᠦᠬᠦ ᠤᠷᠤᠨ ᠤ ᠦᠷᠭᠡᠨ ᠤᠯᠠᠨ ᠰᠤᠷᠭᠠᠨ ᠬᠦᠮᠦᠵᠢᠯ ᠤᠨ ᠠᠵᠢᠯᠳᠠᠨ ᠪᠠ ᠵᠠᠯᠠᠭᠤ ᠠᠵᠢᠯᠳᠠᠳ ᠲᠤ ᠡᠷᠬᠢᠮ ᠲᠡᠭᠡᠳᠦ ᠬᠦᠨᠳᠦᠳᠭᠡᠯ ᠢᠶᠠᠨ ᠲᠡᠪᠰᠢᠭᠦᠯᠪᠡ!

    ᠯᠢ ᠵᠢᠢ ᠾᠧᠩ ᠵᠢᠭᠠᠵᠤ ᠭᠠᠷᠭᠠᠬᠰᠠᠨ ᠨᠢ᠂ 2014 ᠤᠨ ᠳᠤ ᠶᠡᠷᠦᠩᠬᠡᠢ ᠱᠦᠵᠢ ᠰᠢ ᠶᠢᠨ ᠫᠢᠩ ᠮᠠᠨ ᠤ ᠤᠷᠤᠨ ᠳᠤ ᠢᠷᠡᠵᠤ ᠰᠢᠨᠵᠢᠯᠡᠨ ᠪᠠᠶᠢᠴᠠᠭᠠᠬᠤ ᠶᠢᠨ ᠬᠠᠮᠳᠤ ᠴᠢᠬᠤᠯᠠ ᠶᠠᠷᠢᠶ᠎ᠠ ᠲᠠᠯᠪᠢᠪᠠ᠂ ᠡᠨᠡ ᠨᠢ ᠦᠪᠦᠷ ᠮᠤᠩᠭᠤᠯ ᠤᠨ ᠬᠦᠭ᠍ᠵᠢᠯᠳᠡ ᠶᠢᠨ ᠲᠡᠤᠭᠡᠨ ᠳᠠᠬᠢ ᠴᠢᠬᠤᠯᠠ ᠬᠦᠰᠢᠶ᠎ᠠ ᠲᠤᠷᠠᠰᠬᠠᠯ ᠪᠤᠯᠤᠨ᠎ᠠ ᠬᠡᠵᠡᠢ᠃ ᠲᠡᠷᠡ ᠦᠪᠡᠷᠳᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠲᠠᠢ ᠪᠠᠨ ᠨᠢᠬᠳᠠ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠴᠢᠬᠤᠯᠠ ᠱᠠᠭᠠᠷᠳᠠᠯᠭ᠎ᠠ᠂ 《ᠲᠦᠷᠪᠡᠨ ᠬᠦᠴᠦᠯᠡᠭᠦ》 ᠭᠤᠤᠯᠳᠠᠯᠭ᠎ᠠ ᠲᠠᠢ ᠡᠭᠦᠷᠭᠡ ᠪᠠ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢ ᠨᠡᠩ ᠦᠵᠡᠰᠭᠦᠯᠡᠩᠳᠦ ᠰᠠᠶᠢᠬᠠᠨ ᠪᠤᠯᠭᠠᠨ ᠴᠤᠬᠴᠠᠯᠠᠬᠤ ᠲᠡᠮᠡᠴᠡᠭᠦ ᠬᠠᠷᠠᠯᠳᠠ ᠶᠢᠨ ᠪᠠᠶᠠᠯᠢᠭ ᠠᠭᠤᠯᠬᠤᠨ ᠪᠠ ᠣᠬᠢ ᠱᠦᠯᠳᠦ ᠶᠤᠰᠤ ᠤᠴᠢᠷ ᠢ ᠬᠦᠨᠵᠡᠭᠡᠢ ᠦᠭᠦᠯᠡᠨ ᠲᠤᠭᠠᠴᠢᠪᠠ᠃ ᠲᠡᠷᠡ ᠬᠡᠯᠡᠭᠰᠡᠨ ᠨᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠪᠠᠳᠤ ᠴᠢᠩᠭ᠋᠎ᠠ ᠤᠳᠤᠷᠢᠳᠤᠯᠭ᠎ᠠ ᠪᠠ ᠲᠤᠳᠤᠨᠤ ᠬᠠᠯᠠᠮᠵᠢᠯᠠᠯ ᠲᠤᠤᠷ᠎ᠠ᠂ ᠪᠦᠬᠦ ᠤᠷᠤᠨ ᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠬᠠᠮᠳᠤ ᠶᠢᠨ ᠴᠢᠷᠮᠠᠶᠢᠯᠭ᠎ᠠ ᠲᠤᠤᠷ᠎ᠠ᠂ ᠦᠪᠦᠷ ᠮᠤᠩᠭᠤᠯ ᠤᠨ ᠢᠷᠡᠭᠡᠳᠦᠢ ᠯᠠᠪᠳᠠᠢ ᠨᠡᠩ ᠭᠤᠶᠣ ᠰᠠᠶᠢᠬᠠᠨ᠂ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠯᠠᠪᠳᠠᠢ ᠨᠡᠩ ᠦᠵᠡᠰᠭᠦᠯᠡᠩᠳᠦ ᠰᠠᠶᠢᠬᠠᠨ ᠪᠤᠯᠬᠤ ᠶᠤᠮ ᠬᠡᠵᠡᠢ᠃

    ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠠᠶᠢᠯᠪᠣᠷᠢᠯᠠᠬᠤ ᠳᠠᠭᠠᠨ᠂ ᠯᠢ ᠵᠢᠢ ᠾᠧᠩ ᠣᠯᠠᠨ ᠠᠷᠪᠢᠨ ᠪᠤᠳᠠᠳᠠᠢ ᠲᠤᠭ᠎ᠠ ᠪᠠᠷᠢᠮᠳᠠ ᠪᠤᠯᠤᠨ ᠬᠡᠷᠡᠯ ᠵᠢᠷᠤᠭ ᠢ ᠠᠰᠢᠬᠯᠠᠨ᠂ ᠦᠪᠦᠷ ᠮᠤᠩᠭᠤᠯ ᠤᠨ ᠬᠤᠶᠢᠰᠢᠳᠡ ᠶᠢᠨ ᠨᠢᠭᠡ ᠬᠡᠰᠡᠭ ᠬᠤᠭᠤᠴᠠᠭᠠᠨ ᠤ ᠬᠦᠭ᠍ᠵᠢᠯᠳᠡ ᠶᠢᠨ ᠠᠤᠭ᠎ᠠ ᠲᠦᠰᠦᠪ ᠪᠠ ᠰᠠᠶᠢᠨ ᠰᠠᠶᠢᠬᠠᠨ ᠲᠦᠷᠰᠦ ᠪᠠᠶᠢᠳᠠᠯ ᠢ ᠠᠮᠢᠳᠤᠯᠢᠭ ᠢᠶᠠᠷ ᠲᠡᠯᠭᠡᠨ ᠦᠵᠡᠭᠦᠯᠵᠤ᠂ ᠪᠠᠭᠰᠢ ᠰᠤᠷᠤᠬᠴᠢᠳ ᠤᠨ ᠬᠠᠷᠠᠴᠠ ᠶᠢ ᠨᠡᠭᠡᠭᠡᠭ᠍ᠳᠡᠭᠦᠯᠵᠦ ᠵᠣᠷᠢᠭ ᠢ ᠬᠦᠪᠴᠢᠯᠡᠵᠦ᠂ ᠤᠳᠤᠬᠢᠴᠢᠯᠠᠬᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠢᠳᠡᠭᠡᠯ ᠵᠤᠷᠢᠭ ᠢ ᠨᠢ ᠨᠡᠩ ᠬᠦᠪᠴᠢᠯᠡᠪᠡ᠃

    《ᠦᠵᠡᠰᠭᠦᠯᠡᠩᠳᠦ ᠰᠠᠶᠢᠬᠠᠨ ᠮᠢᠨᠦ ᠨᠤᠳᠤᠭ᠂ ᠦᠩᠭᠡ ᠶᠢᠨ ᠴᠡᠴᠡᠭ ᠰᠤᠯᠤᠩᠭᠠᠷᠠᠨ᠎ᠠ ᠁》 ᠦᠪᠡᠷᠳᠡᠭᠡᠨ ᠵᠠᠰᠠᠬᠤ ᠤᠷᠤᠨ ᠶᠠᠭ ᠤᠯᠤᠰ ᠤᠨ ᠲᠤᠳᠤᠭᠠᠳᠦ ᠭᠠᠳᠠᠭᠠᠳᠦ ᠶᠢᠨ ᠨᠡᠷᠡᠳᠦ ᠵᠤᠭᠠᠴᠠᠯ ᠤᠨ ᠬᠠᠷᠠᠯᠳᠠᠳᠦ ᠭᠠᠵᠠᠷ ᠢ ᠴᠤᠬᠴᠠᠯᠠᠵᠤ ᠪᠠᠶᠢᠭ᠎ᠠ ᠲᠤᠬᠠᠢ ᠶᠠᠷᠢᠬᠤ ᠦᠶ᠎ᠠ ᠳᠤ᠂ ᠮᠡᠳᠡᠭᠦᠯᠦᠯᠳᠡ ᠶᠢᠨ ᠬᠤᠷᠠᠯ ᠤᠨ ᠲᠠᠯᠠᠪᠠᠢ ᠳᠤ 《ᠦᠵᠡᠰᠭᠦᠯᠡᠩᠳᠦ ᠰᠠᠶᠢᠬᠠᠨ ᠮᠢᠨᠦ ᠨᠤᠳᠤᠭ》 ᠭᠡᠰᠡᠨ ᠲᠠᠭᠤᠤ ᠬᠠᠩᠬᠢᠨᠠᠨ ᠴᠤᠤᠷᠢᠶᠠᠳᠤᠯ᠎ᠠ᠂ ᠯᠢ ᠵᠢᠢ ᠾᠧᠩ ᠪᠠᠭᠰᠢ ᠰᠤᠷᠤᠬᠴᠢᠳ ᠲᠠᠢ ᠬᠠᠮᠳᠣᠪᠠᠷ ᠲᠠᠭᠤᠣ ᠳᠤ ᠳᠠᠭᠤᠯᠣᠭᠳᠠᠭᠰᠠᠨ ᠭᠤᠶᠢᠳᠠ ᠰᠠᠶᠢᠬᠠᠨ ᠰᠠᠨᠠᠭ᠎ᠠ ᠠᠬᠤᠢ ᠶᠢ ᠰᠣᠨᠢᠷᠬᠠᠵᠣ᠂ ᠬᠠᠮᠳᠤᠪᠡᠷ ᠨᠤᠳᠤᠭ ᠤᠨ ᠬᠠᠶᠢᠷ᠎ᠠ ᠪᠠᠨ ᠤᠶᠠᠩᠭ᠋ᠠᠯᠠᠪᠠ᠃ ᠮᠡᠳᠡᠭᠦᠯᠦᠯᠳᠡ ᠳᠡᠭᠡᠷ᠎ᠡ᠂ ᠯᠢ ᠵᠢᠢ ᠾᠧᠩ ᠡᠰᠢ ᠪᠠᠷᠢᠮᠳᠠ ᠤᠯᠠᠨ ᠲᠠᠳᠠᠵᠤ ᠬᠦᠨᠵᠡᠭᠡᠢ ᠪᠦᠭᠡᠳ ᠤᠢᠢᠯᠠᠭᠠᠮᠵᠢᠳᠡᠢ ᠦᠭᠦᠯᠡᠵᠤ᠂ ᠲᠤᠬᠠᠢ ᠶᠢᠨ ᠲᠠᠯᠠᠪᠠᠢ ᠬᠦᠷ ᠬᠦᠭ᠍ᠵᠢᠶᠡᠨ ᠢᠶᠠᠷ ᠪᠢᠯᠬᠠᠨ᠂ ᠬᠠᠯᠠᠭᠤᠨ ᠠᠯᠠᠭ᠎ᠠ ᠲᠠᠰᠢᠯᠳᠠ ᠣᠳᠠᠭ᠎ᠠ ᠳᠠᠷᠠᠭᠠᠯᠠᠨ ᠨᠢᠵᠢᠬᠢᠨᠡᠵᠦ ᠪᠠᠶᠢᠪᠠ᠃

    ᠯᠢ ᠵᠢᠢ ᠾᠧᠩ ᠬᠦᠨ ᠰᠡᠳᠬᠢᠯᠭᠡ ᠲᠠᠢ ᠪᠠᠷ ᠬᠡᠯᠡᠭᠰᠡᠨ ᠨᠢ᠂ ᠨᠢᠭᠡ ᠦᠶ᠎ᠠ ᠶᠢᠨ ᠵᠠᠯᠠᠭᠤᠴᠤᠳ ᠲᠤ ᠨᠢᠭᠡ ᠦᠶ᠎ᠠ ᠶᠢᠨ ᠲᠡᠤᠭᠡᠳᠦ ᠡᠭᠦᠷᠭᠡ ᠲᠠᠢ ᠪᠠᠶᠢᠳᠠᠭ᠃ ᠪᠦᠬᠦ ᠤᠷᠤᠨ ᠤ ᠦᠷᠭᠡᠨ ᠤᠯᠠᠨ ᠵᠠᠯᠠᠭᠤᠴᠤᠳ ᠨᠠᠮ ᠤᠨ ᠤᠷᠢᠶᠠᠯᠠᠭ᠎ᠠ ᠶᠢ ᠲᠠᠭᠠᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭ᠍ᠵᠢᠭᠦᠯᠭᠦ ᠠᠭᠤᠤ ᠶᠡᠭᠡ ᠦᠢᠯᠡᠳᠦᠯᠭᠡ ᠳᠤ ᠢᠳᠡᠪᠬᠢᠳᠡᠢ ᠤᠷᠤᠯᠴᠠᠵᠤ᠂ ᠤᠳᠤᠬᠢᠴᠢᠯᠠᠬᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠭᠠᠯ ᠬᠠᠯᠠᠭᠤᠨ ᠦᠢᠯᠡᠳᠦᠯᠭᠡ ᠳᠤ ᠢᠳᠡᠪᠬᠢᠳᠡᠢ ᠤᠷᠤᠯᠴᠠᠬᠤ ᠬᠡᠷᠡᠭᠳᠡᠢ᠃ ᠬᠦᠰᠡᠯᠡᠩ ᠢᠳᠡᠭᠡᠯ ᠪᠢᠰᠢᠷᠡᠯ ᠢᠶᠠᠨ ᠪᠠᠳᠤᠳᠬᠠᠵᠤ᠂ ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠤᠨᠴᠠᠭᠠᠢᠢᠯᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠠᠷ ᠴᠦᠭᠦᠷᠡᠯ ᠦᠭᠡᠢ ᠲᠡᠷᠢᠬᠢ ᠲᠤᠯᠤᠭᠠᠢ ᠪᠠᠨ ᠵᠡᠪᠰᠡᠭᠯᠡᠨ᠂ ᠵᠠᠮ ᠱᠤᠭᠤᠮ ᠤᠨ ᠢᠳᠡᠭᠡᠯ᠂ ᠤᠨᠤᠯ ᠤᠨ ᠢᠳᠡᠭᠡᠯ᠂ ᠲᠦᠷᠢᠮ ᠤᠨ ᠢᠳᠡᠭᠡᠯ᠂ ᠰᠤᠶᠤᠯ ᠤᠨ ᠢᠳᠡᠭᠡᠯ ᠢᠶᠠᠨ ᠲᠠᠰᠤᠷᠠᠯᠳᠠ ᠦᠭᠡᠢ ᠴᠢᠩᠭᠠᠷᠠᠭᠤᠯᠬᠤ ᠬᠡᠷᠡᠭᠳᠡᠢ᠃ ᠡᠷᠳᠡᠮ ᠴᠢᠳᠠᠪᠤᠷᠢ ᠳᠠᠭᠠᠨ ᠴᠠᠭᠠᠷᠠᠵᠦ ᠮᠡᠷᠭᠡᠰᠢᠨ᠂ ᠵᠤᠷᠢᠬᠳᠠᠢ ᠪᠠᠷ ᠰᠢᠨ᠎ᠡ ᠶᠢ ᠡᠭᠦᠳᠴᠤ ᠡᠭᠦᠳᠦᠨ ᠪᠦᠳᠦᠭᠡᠵᠤ᠂ ᠮᠤᠷᠠᠯ ᠢ ᠡᠷᠬᠢᠮᠯᠡᠨ ᠪᠡᠶ᠎ᠠ ᠪᠠᠨ ᠵᠠᠰᠠᠮᠵᠢᠯᠠᠬᠤ ᠶᠢ ᠪᠠᠷᠢᠮᠳᠠᠯᠠᠵᠤ᠂ ᠴᠢᠩ ᠵᠤᠷᠢᠭ ᠢᠶᠠᠷ ᠰᠢᠷᠭᠠᠭᠤ ᠬᠠᠳᠠᠭᠤᠵᠢᠯᠳᠡᠢ ᠲᠡᠮᠡᠴᠡᠵᠤ᠂ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠬᠴᠠᠯᠠᠬᠤ ᠪᠠ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠡᠨᠳᠤᠯᠳᠠ ᠶᠢᠨ ᠲᠤᠮᠳᠠᠳᠤ ᠶᠢᠨ ᠵᠡᠭᠦᠳᠦ ᠶᠢ ᠲᠡᠷᠬᠡᠯᠰᠢᠯᠡᠭᠦᠯᠭᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠭᠦ ᠬᠡᠷᠡᠭᠳᠡᠢ ᠬᠡᠵᠡᠢ᠃

    ᠮᠡᠳᠡᠭᠦᠯᠦᠯᠳᠡ ᠶᠢᠨ ᠬᠤᠷᠠᠯ ᠨᠢ 《ᠡᠭᠡ ᠤᠯᠤᠰ ᠢᠶᠠᠨ ᠮᠠᠬᠳᠠᠨ ᠲᠠᠭᠤᠯᠠᠶ᠎ᠠ》 ᠭᠡᠰᠡᠨ ᠬᠠᠮᠳᠤ ᠶᠢᠨ ᠲᠠᠭᠤᠤ ᠶᠢᠨ ᠲᠤᠮᠳᠠ ᠦᠨᠳᠦᠷᠯᠡᠪᠡ᠃

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ ᠮᠡᠳᠡᠭᠦᠯᠦᠯᠳᠡ ᠶᠢᠨ ᠬᠤᠷᠠᠯ ᠢ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠪᠠᠢ ᠰᠢᠶᠠᠩ ᠴᠢᠶᠦ᠋ᠨ᠂ ᠸᠠᠩ ᠬᠤᠸᠠᠨ ᠴᠧᠩ ᠮᠡᠳᠡᠭᠦᠯᠦᠯᠳᠡ ᠶᠢᠨ ᠬᠤᠷᠠᠯ ᠳᠤ ᠤᠷᠤᠯᠴᠠᠵᠠᠢ᠃ 

    ᠵᠢᠷᠤᠭ ᠢ ᠦᠪᠦᠷ ᠮᠤᠩᠭ᠋ᠤᠯ ᠤᠨ ᠡᠲᠦᠷ ᠤᠨ ᠰᠤᠨᠢᠨ ᠤ ᠰᠤᠷᠪᠤᠯᠵᠢᠯᠠᠭᠴᠢ ᠶᠤᠸᠠᠨ ᠶᠦᠩ ᠬᠤᠩ

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120918414