蒙古文网站Logo
ᠰᠢᠨᠬᠤᠸᠠ ᠮᠤᠩᠭ᠋ᠤᠯ ᠨᠧᠲ

ᠪᠦ᠋ ᠰᠢᠶᠤᠤ ᠯᠢᠨ ᠶᠡᠭᠡ ᠬᠢᠩᠭᠠᠨ ᠲᠠᠪᠠᠭ᠎ᠠ ᠶᠢᠨ 5•02 ᠤᠨ ᠪᠢᠯ᠎ᠠ ᠭᠤᠤᠯ ᠤᠢ ᠰᠢᠭᠤᠢ ᠶᠢᠨ ᠲᠤᠪᠴᠢᠶ᠎ᠠ ᠶᠢᠨ ᠪᠸᠢ ᠳ᠋ᠠ ᠾᠧ ᠤᠢ ᠰᠢᠭᠤᠢ ᠶᠢᠨ ᠲᠠᠯᠠᠪᠠᠢ ᠶᠢᠨ ᠲᠦᠢᠮᠡᠷ ᠢ ᠤᠨᠳᠠᠷᠠᠭᠠᠬᠤ ᠠᠵᠢᠯ ᠳᠤ ᠱᠠᠭᠠᠷᠳᠠᠯᠭ᠎ᠠ ᠲᠤᠷᠠᠳᠪᠠ

2017-05-04 16:38

    ᠰᠣᠷᠪᠣᠯᠵᠢᠯᠠᠭᠴᠢ 5 ᠰᠠᠷ᠎ᠠ ᠶᠢᠨ 3  ᠤ᠋ ᠡᠳᠦᠷ ᠤᠨ 19 ᠴᠠᠭ ᠲᠤ ᠲᠦᠢᠮᠡᠷ ᠤᠨᠲᠠᠷᠠᠭᠠᠬᠤ ᠡᠮᠦᠨ᠎ᠠ ᠹᠷᠤᠨᠲ ᠤᠨ ᠵᠢᠯᠤᠭᠤᠳᠬᠤ ᠭᠠᠵᠠᠷ ᠠᠴᠠ ᠤᠢᠢᠯᠠᠭᠠᠬᠰᠠᠨ ᠢᠶᠠᠷ᠂ 5 ᠰᠠᠷ᠎ᠠ ᠶᠢᠨ 2 ᠤᠨ ᠡᠳᠦᠷ ᠦᠪᠦᠷ ᠮᠤᠩᠭᠤᠯ ᠤᠨ ᠶᠡᠭᠡ ᠬᠢᠩᠭ᠋ᠠᠨ ᠲᠠᠪᠠᠭ᠎ᠠ ᠶᠢᠨ ᠪᠢᠯ᠎ᠠ ᠭᠤᠤᠯ ᠤᠢ ᠰᠢᠭᠤᠢ ᠶᠢᠨ ᠲᠤᠪᠴᠢᠶ᠎ᠠ ᠶᠢᠨ ᠪᠸᠢ ᠳ᠋ᠠ ᠾᠧ ᠤᠢ ᠰᠢᠭᠤᠢ ᠶᠢᠨ ᠲᠠᠯᠠᠪᠠᠢ ᠶᠢᠨ ᠴᠢᠭᠢᠭ᠍ᠯᠢᠭ᠌᠌ ᠭᠠᠵᠠᠷ ᠲᠤ ᠭᠠᠷᠤᠬᠰᠠᠨ (ᠨᠣᠭᠤ ᠭᠠᠵᠠᠷ᠂ ᠡᠵᠡᠭᠦᠢ ᠠᠭᠤᠯᠠ ᠠᠳᠠᠷ ᠭᠠᠵᠠᠷ ᠴᠦ ᠪᠠᠭᠳᠠᠨ᠎ᠠ) ᠤᠢ ᠰᠢᠭᠤᠢ ᠶᠢᠨ ᠲᠦᠢᠮᠡᠷ ᠲᠤ ᠰᠢᠳᠠᠬᠳᠠᠭᠰᠠᠨ ᠶᠡᠷᠦᠩᠬᠡᠢ ᠲᠠᠯᠠᠪᠠᠢ 10000 ᠾᠧᠺᠲ᠋ᠠᠷ ᠤᠷᠴᠢᠮ ᠬᠦᠷᠪᠡ᠃ 5 ᠰᠠᠷ᠎ᠠ ᠶᠢᠨ 3 ᠤ ᠡᠳᠦᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠲᠦᠢᠮᠡᠷ ᠢ ᠤᠨᠳᠠᠷᠠᠭᠠᠬᠤ ᠡᠮᠦᠨ᠎ᠠ ᠹᠷᠤᠨᠲ ᠲᠤ ᠬᠦᠷᠪᠡ᠃

    ᠪᠦ᠋ ᠰᠢᠶᠤᠤ ᠯᠢᠨ ᠱᠠᠭᠠᠷᠳᠠᠬᠰᠠᠨ ᠨᠢ᠂ ᠦᠪᠡᠷᠳᠡᠭᠡᠨ ᠵᠠᠰᠬᠠᠤ ᠤᠷᠤᠨ ᠤ ᠭᠠᠯ ᠰᠡᠷᠬᠡᠶᠢᠯᠡᠭᠦ ᠵᠢᠯᠤᠭᠤᠳᠬᠤ ᠭᠠᠵᠠᠷ ᠪᠠ ᠡᠮᠦᠨ᠎ᠠ ᠹᠷᠤᠨᠲ ᠤᠨ ᠵᠢᠯᠤᠭᠤᠳᠬᠤ ᠭᠠᠵᠠᠷ ᠨᠠᠷᠢᠨ ᠨᠢᠮᠪᠠᠢ ᠵᠤᠬᠢᠶᠠᠨ ᠪᠠᠶᠢᠭᠤᠯᠵᠤ᠂ ᠰᠢᠨᠵᠢᠯᠡᠭᠦ ᠤᠬᠠᠭᠠᠨᠴᠢ ᠠᠷᠭ᠎ᠠ ᠪᠤᠳᠤᠯᠭ᠎ᠠ ᠠᠪᠴᠣ᠂ ᠲᠦᠢᠮᠡᠷ ᠢ ᠤᠨᠳᠠᠷᠠᠭᠠᠵᠤ ᠠᠪᠤᠷᠠᠨ ᠲᠤᠰᠠᠯᠠᠬᠤ ᠬᠦᠴᠦᠨ ᠪᠤᠯᠤᠨ ᠲᠦᠭᠦᠭᠡᠷᠦᠮᠵᠢ ᠶᠢ ᠬᠦᠢᠴᠡᠳ ᠲᠤᠬᠢᠷᠠᠭᠤᠯᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠲᠦᠢᠮᠡᠷ ᠢ ᠲᠠᠷᠤᠢ ᠲᠦᠷᠭᠡᠨ ᠤᠨᠳᠠᠷᠠᠭᠠᠬᠤ ᠬᠡᠷᠡᠭᠳᠡᠢ᠃ ᠲᠦᠢᠮᠡᠷ ᠢ ᠤᠨᠳᠠᠷᠠᠭᠠᠬᠤ ᠬᠦᠴᠦᠨ ᠪᠤᠯᠤᠨ ᠡᠳ᠋ ᠪᠤᠳᠠᠰ ᠢ ᠬᠠᠩᠭ᠋ᠠᠮᠵᠢᠲᠠᠢ ᠪᠡᠯᠡᠳᠭᠡᠵᠤ᠂ ᠬᠡᠷᠡᠭᠰᠡᠭᠦ ᠦᠶ᠎ᠠ ᠳᠤ ᠲᠠᠷᠤᠢ ᠳᠤᠨᠢ ᠬᠡᠷᠡᠭᠯᠡᠵᠦ ᠳᠡᠶᠢᠯᠬᠦ ᠶᠢ ᠪᠠᠳᠤᠯᠠᠬᠤ ᠬᠡᠷᠡᠭᠳᠡᠢ᠃ ᠲᠦᠢᠮᠡᠷ ᠤᠨᠳᠠᠷᠠᠭᠠᠭᠰᠠᠳ ᠤᠨ ᠠᠮᠤᠷ ᠲᠦᠪᠰᠢᠨ ᠢ ᠰᠡᠷᠬᠡᠶᠢᠯᠡᠬᠦ ᠠᠵᠢᠯ ᠢ ᠴᠢᠩᠭ᠋ᠠᠳᠬᠠᠵᠤ᠂ ᠬᠦᠮᠦᠰ ᠤᠨ ᠠᠮᠤᠷ ᠲᠦᠪᠰᠢᠨ ᠢ ᠪᠠᠳᠤᠯᠠᠬᠤ ᠬᠡᠷᠡᠭᠳᠡᠢ︔ ᠮᠡᠳᠡᠭᠡ ᠵᠠᠩᠬᠢ ᠶᠢ ᠴᠠᠭ ᠲᠤᠬᠠᠢ ᠳᠤᠨᠢ ᠨᠡᠶᠢᠳᠡᠯᠡᠵᠤ᠂ ᠨᠡᠶᠢᠭᠡᠮ ᠤᠨ ᠬᠠᠯᠠᠮᠵᠢᠯᠠᠯ ᠳᠤ ᠬᠠᠷᠢᠭᠤᠯᠳᠠ ᠦᠭ᠍ᠬᠦ ᠬᠡᠷᠡᠭᠳᠡᠢ᠃ ᠡᠯ᠎ᠠ ᠠᠶᠢᠮᠠᠭ ᠬᠤᠳᠠ ᠨᠤᠳᠤᠭ ᠪᠡᠯᠴᠢᠭᠡᠷ ᠤᠢ ᠰᠢᠭᠤᠢ ᠶᠢᠨ ᠲᠦᠢᠮᠡᠷ ᠢ ᠰᠡᠷᠬᠡᠶᠢᠯᠡᠭᠦ ᠠᠵᠢᠯ ᠢ ᠪᠦᠬᠦ ᠲᠠᠯ᠎ᠠ ᠪᠠᠷ ᠴᠢᠩᠭ᠋ᠠᠳᠬᠠᠵᠤ᠂ ᠭᠠᠯ ᠤᠨ ᠢᠷᠡᠯᠳᠡ ᠶᠢᠨ ᠬᠠᠮᠢᠶᠠᠷᠣᠯᠳᠠ ᠶᠢ ᠴᠢᠩᠭ᠋᠎ᠠ ᠠᠳᠬᠤᠵᠣ᠂ ᠭᠠᠯ ᠲᠦᠢᠮᠡᠷ ᠤᠨ ᠬᠡᠮ ᠰᠤᠭᠤᠭ ᠢ ᠴᠢᠩᠭ᠋᠎ᠠ ᠨᠢᠬᠳᠠ ᠪᠠᠶᠢᠴᠠᠭᠠᠵᠤ᠂ ᠠᠵᠢᠯ ᠤᠨ ᠲᠦᠰᠦᠯ ᠢᠶᠠᠨ ᠲᠡᠭᠦᠯᠳᠡᠷᠵᠢᠭᠦᠯᠵᠤ᠂ ᠭᠠᠯ ᠲᠦᠢᠮᠡᠷ ᠢ ᠰᠡᠷᠬᠡᠶᠢᠯᠡᠭᠦ ᠠᠵᠢᠯ ᠢ ᠦᠨᠡᠨᠭᠦ ᠨᠠᠷᠢᠨ ᠬᠢᠵᠦ ᠪᠣᠳᠠᠳᠠᠢ ᠳᠤ ᠨᠡᠶᠢᠳᠡᠪᠦᠷᠢᠵᠢᠭᠤᠯᠬᠤ ᠬᠡᠷᠡᠭᠳᠡᠢ ᠬᠡᠵᠡᠢ᠃

    ᠤᠳᠤᠬᠠᠨ ᠳᠤ᠂ ᠲᠦᠢᠮᠡᠷ ᠤᠨ ᠪᠦᠬᠦ ᠱᠤᠭᠤᠮ ᠤᠨ ᠤᠯᠠᠩᠬᠢ ᠨᠢ ᠬᠡᠰᠡᠭ ᠪᠣᠰᠠᠭ ᠭᠠᠯ ᠲᠠᠢ᠂ ᠲᠦᠢᠮᠡᠷ ᠤᠨ ᠬᠤᠶᠢᠳᠣ ᠬᠡᠰᠡᠭ ᠢᠶᠠᠷ ᠨᠡᠯᠢᠶᠡᠳ ᠶᠡᠭᠡ ᠣᠳᠤᠭ᠎ᠠ ᠲᠠᠢ᠂ ᠲᠦᠢᠮᠡᠷ ᠤᠨ ᠡᠮᠦᠨ᠎ᠠ ᠬᠡᠰᠡᠭ ᠢᠶᠠᠷ ᠲᠦᠢᠮᠡᠷ ᠦᠷᠭᠦᠯᠵᠢᠯᠡᠨ ᠨᠤᠴᠤᠵᠦ᠂ ᠪᠠᠷᠠᠭᠤᠨ ᠬᠡᠰᠡᠭ ᠢᠶᠠᠷ ᠨᠢ ᠬᠡᠰᠡᠭ ᠪᠤᠰᠠᠭ ᠭᠠᠯ ᠤᠨ ᠰᠤᠷ ᠲᠠᠢ᠂ ᠲᠦᠢᠮᠡᠷ ᠤᠨ ᠲᠤᠳᠤᠭᠠᠳᠤᠬᠢ ᠪᠢᠯ᠎ᠠ ᠭᠤᠤᠯ ᠤᠨ ᠬᠤᠶᠠᠷ ᠡᠷᠬᠢ ᠳᠤ ᠣᠲᠤᠭ᠎ᠠ ᠲᠠᠢ᠃ ᠡᠯ᠎ᠠ ᠲᠠᠯ᠎ᠠ ᠶᠢᠨ ᠲᠦᠢᠮᠡᠷ ᠤᠨᠳᠠᠷᠠᠭᠠᠬᠤ ᠬᠦᠴᠦᠨ ᠢ ᠨᠢᠭᠡᠨᠳᠡ 9000 ᠭᠠᠷᠤᠢ ᠬᠦᠮᠦᠨ ᠲᠤᠬᠢᠷᠠᠭᠤᠯᠵᠤ᠂ 4773 ᠬᠦᠮᠦᠨ ᠨᠢ ᠨᠢᠭᠡᠨᠳᠡ ᠲᠦᠢᠮᠡᠷ ᠣᠨᠳᠠᠷᠠᠭᠠᠬᠤ ᠲᠠᠯᠠᠪᠠᠢ ᠳᠤ ᠬᠦᠷᠴᠤ᠂ ᠪᠤᠰᠤᠳ ᠲᠦᠢᠮᠡᠷ ᠤᠨᠳᠠᠷᠠᠭᠠᠬᠤ ᠬᠦᠮᠦᠰ ᠶᠠᠭ ᠰᠠᠶ᠋ᠢᠬᠠᠨ ᠲᠦᠢᠮᠡᠷ ᠣᠨᠳᠠᠷᠠᠭᠠᠬᠤ ᠲᠠᠯᠠᠪᠠᠢ ᠵᠦᠭ ᠳᠦᠬᠦᠵᠤ ᠪᠤᠢ᠃ ᠲᠦᠢᠮᠡᠷ ᠤᠨ ᠪᠠᠶᠢᠳᠠᠯ ᠢ ᠦᠨᠳᠦᠰᠦᠯᠡᠵᠦ᠂ ᠲᠦᠢᠮᠡᠷ ᠣᠨᠳᠠᠷᠠᠭᠠᠬᠤ ᠡᠮᠦᠨ᠎ᠠ ᠹᠷᠤᠨᠲ ᠤᠨ ᠵᠢᠯᠤᠭᠤᠳᠬᠤ ᠭᠠᠵᠠᠷ ᠲᠦᠢᠮᠡᠷ ᠢ ᠤᠨᠳᠠᠷᠠᠭᠠᠬᠤ ᠠᠷᠭ᠎ᠠ ᠪᠤᠳᠤᠯᠭ᠎ᠠ ᠳᠠᠭᠠᠨ ᠪᠠᠶᠢᠳᠠᠯ ᠢ ᠦᠵᠡᠨ ᠳᠣᠬᠢᠷᠠᠭᠤᠯᠣᠯᠳᠠ ᠬᠢᠵᠦ ᠪᠣᠢ᠃ ᠨᠢᠭᠡ ᠳᠤ ᠤᠮᠠᠷᠠᠳᠤ ᠱᠤᠭᠤᠮ ᠳᠤ 2710 ᠬᠦᠮᠦᠨ ᠲᠤᠬᠢᠷᠠᠭᠤᠯᠵᠤ ᠲᠦᠷᠪᠡᠨ ᠵᠠᠮ ᠬᠤᠪᠢᠶᠠᠨ ᠲᠦᠢᠮᠡᠷ ᠢ ᠤᠨᠳᠠᠷᠠᠭᠠᠵᠤ᠂ ᠪᠦᠰᠡᠯᠡᠨ ᠤᠨᠲᠠᠷᠠᠭᠠᠬᠤ ᠪᠠᠶᠢᠳᠠᠯ ᠢ ᠢᠳᠡᠭ ᠢᠳᠡᠭ ᠢᠶᠠᠷ ᠪᠦᠷᠢᠯᠳᠦᠭᠦᠯᠵᠦ ᠪᠠᠶᠢᠨ᠎ᠠ᠃ ᠬᠤᠶᠠᠷ ᠲᠤ ᠡᠮᠦᠨ᠎ᠠ ᠱᠤᠭᠤᠮ ᠳᠤ 4 ᠲᠦᠷ ᠴᠠᠭ ᠤᠨ ᠨᠢᠰᠭᠡᠯ ᠪᠠᠭᠤᠬᠤ ᠴᠡᠭ ᠭᠠᠷᠭᠠᠵᠤ᠂ ᠨᠢᠰᠭᠡᠯ ᠢᠶᠠᠷ 813 ᠲᠦᠢᠮᠡᠷ ᠤᠨᠳᠠᠷᠠᠭᠠᠬᠤ ᠬᠦᠮᠦᠨ ᠢ ᠪᠠᠭᠤᠯᠭᠠᠵᠤ᠂ ᠶᠠᠭ ᠨᠢᠰᠭᠡᠯ ᠪᠠᠭᠤᠬᠤ ᠴᠡᠭ ᠢᠶᠠᠷ ᠲᠦᠪ ᠪᠤᠯᠭᠠᠵᠤ ᠬᠤᠶᠠᠷ ᠳᠠᠯ᠎ᠠ ᠪᠠᠷ ᠨᠢ ᠤᠨᠳᠠᠷᠠᠭᠠᠵᠤ ᠪᠤᠢ᠃ ᠪᠤᠰᠤᠳ 1250 ᠬᠦᠮᠦᠨ ᠢ ᠡᠯ᠎ᠠ ᠨᠢᠰᠭᠡᠯ ᠳᠤ ᠭᠠᠷᠬᠤ ᠴᠡᠭ ᠲᠤ ᠲᠦᠪᠯᠡᠷᠡᠭᠦᠯᠦᠨ ᠵᠠᠷᠯᠢᠭ ᠬᠦᠯᠢᠶᠡᠯᠭᠡᠵᠤ᠂ ᠵᠠᠯᠭᠠᠪᠠᠷ ᠲᠦᠢᠮᠡᠷ ᠤᠨᠲᠠᠷᠠᠭᠠᠬᠤ ᠡᠮᠦᠨ᠎ᠠ ᠹᠷᠤᠨᠲ ᠲᠤ ᠬᠦᠷᠭᠡᠬᠦ ᠪᠠᠷ ᠪᠤᠢ᠃

    ᠡᠭᠦᠨ ᠤ ᠬᠠᠮᠳᠤ᠂ 5 ᠰᠠᠷ ᠎ᠠ ᠶᠢᠨ 3 ᠤ᠋ ᠡᠳᠦᠷ ᠤᠨ 14 ᠴᠠᠭ 19 ᠮᠢᠨᠦ᠋ᠲ ᠠᠴᠠ ᠡᠬᠢᠯᠡᠵᠤ᠂ ᠴᠠᠭ ᠠᠭᠤᠷ ᠤᠨ ᠲᠤᠪᠴᠢᠶ᠎ᠠ ᠶᠢᠨ ᠬᠦᠮᠦᠨ ᠤ ᠬᠦᠴᠦ ᠪᠠᠷ ᠪᠤᠷᠤᠭᠠᠨ ᠤᠷᠤᠭᠤᠯᠬᠤ ᠡᠩᠨᠡᠭᠡ ᠪᠢᠯ᠎ᠠ ᠭᠤᠤᠯ ᠤᠢ ᠰᠢᠭᠤᠢ ᠶᠢᠨ ᠲᠤᠪᠴᠢᠶ᠎ᠠ ᠶᠢᠨ ᠪᠸᠢ ᠳ᠋ᠠ ᠾᠧ ᠤᠢ ᠰᠢᠭᠤᠢ ᠶᠢᠨ ᠲᠠᠯᠠᠪᠠᠢ ᠶᠢᠨ ᠲᠦᠢᠮᠡᠷ ᠤᠨ ᠳᠠᠯᠠᠪᠠᠢ ᠳᠤ 4 ᠤᠳᠠᠭ᠎ᠠ ᠬᠦᠮᠦᠨ ᠤ ᠬᠦᠴᠦ ᠪᠠᠷ ᠪᠤᠷᠤᠭᠠᠨ ᠤᠷᠤᠭᠤᠯᠵᠤ᠂ 39 ᠲᠡᠶᠢᠷᠦᠯᠳᠦ ᠰᠤᠮᠤ ᠬᠠᠷᠪᠤᠵᠤ᠂ ᠠᠵᠢᠯ ᠤᠨ ᠦᠷ᠎ᠡ ᠪᠦᠳᠦᠮᠵᠢ ᠨᠢ ᠨᠡᠯᠢᠶᠡᠳ ᠢᠯᠡᠷᠬᠡᠢ ᠪᠠᠶᠢᠨ᠎ᠠ᠃ ᠲᠦᠢᠮᠡᠷ ᠤᠨᠲᠠᠷᠠᠭᠠᠬᠤ ᠪᠦᠬᠦ ᠱᠤᠭᠤᠮ ᠳᠤ ᠪᠤᠷᠤᠭᠠᠨ ᠤᠷᠤᠵᠤ᠂ ᠭᠠᠯ ᠤᠨ ᠠᠶᠤᠯ ᠤᠨ ᠲᠡᠰ ᠢ ᠪᠠᠭᠤᠷᠠᠭᠤᠯᠵᠤ᠂ ᠲᠦᠢᠮᠡᠷ ᠢ ᠤᠨᠳᠠᠷᠠᠭᠠᠬᠤ ᠦᠷ᠎ᠠ ᠠᠰᠢᠭ ᠢ ᠲᠡᠭᠡᠭᠰᠢᠯᠡᠭᠦᠯᠭᠦ ᠳᠤ ᠨᠡᠯᠢᠶᠡᠳ ᠰᠠᠶᠢᠨ ᠦᠢᠯᠡᠳᠦᠯ ᠦᠵᠡᠭᠦᠯᠪᠡ᠃ 

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120918635