蒙古文网站Logo
ᠰᠢᠨᠬᠤᠸᠠ ᠮᠤᠩᠭ᠋ᠤᠯ ᠨᠧᠲ

ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠬᠠᠤᠯᠢ ᠲᠦᠷᠢᠮ ᠤᠨ ᠠᠵᠢᠯ ᠤᠨ ᠵᠦᠪᠯᠡᠯ ᠤᠯᠤᠰ ᠤᠨ ᠰᠦᠯᠲᠠ ᠳᠠᠭᠤᠤ ᠶᠢᠨ ᠬᠠᠤᠯᠢ ᠶᠢᠨ ᠲᠦᠰᠦᠯ ᠢ ᠨᠤᠤᠷᠠᠭᠯᠠᠬᠤ ᠪᠡᠷ ᠰᠢᠮᠳᠠᠵᠤ ᠪᠤᠢ

2017-05-09 11:20

    ᠰᠢᠨᠬᠤᠧᠠ ᠬᠤᠷᠢᠶ᠎ᠠ  ᠪᠡᠬᠡᠵᠢᠩ ᠤᠨ 5 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠴᠧᠨ ᠹᠧᠢ᠂ ᠿᠦᠩ ᠴᠢ ᠬᠠᠨ) ᠰᠤᠷᠪᠤᠯᠵᠢᠯᠠᠬᠴᠢ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠬᠠᠤᠯᠢ ᠲᠦᠷᠢᠮ ᠤᠨ ᠠᠵᠢᠯ ᠤᠨ ᠵᠦᠪᠯᠡᠯ ᠡᠴᠡ ᠤᠶᠢᠯᠠᠭᠠᠭᠰᠠᠨ ᠢᠶᠡᠷ᠂ ᠬᠠᠤᠯᠢ ᠲᠦᠷᠢᠮ ᠤᠨ ᠠᠵᠢᠯ ᠤᠨ ᠵᠥᠪᠯᠡᠯ ᠤᠳᠤ ᠶᠠᠭ ᠤᠯᠤᠰ ᠤᠨ ᠰᠦᠯᠲᠠ ᠳᠠᠭᠤᠤ ᠶᠢᠨ ᠬᠠᠤᠯᠢ ᠶᠢᠨ ᠲᠦᠰᠦᠯ ᠢ ᠨᠤᠤᠷᠠᠭᠯᠠᠬᠤ ᠪᠡᠷ ᠰᠢᠮᠳᠠᠵᠤ᠂ ᠥᠨᠥ ᠵᠢᠯ ᠤᠨ 6 ᠳ᠋ᠤᠭᠠᠷ ᠰᠠᠷ᠎ᠠ ᠳᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠬᠤᠷᠠᠯ ᠳᠤ ᠲᠤᠰᠢᠶᠠᠨ ᠠᠩᠬᠠᠨ ᠤ ᠬᠢᠨᠠᠯᠲᠠ ᠪᠡᠨ ᠬᠢᠯᠭᠡᠬᠦ ᠪᠡᠷ ᠪᠤᠢ᠃ ᠡᠨᠡ ᠨᠢ ᠤᠯᠤᠰ ᠤᠨ ᠰᠦᠯᠲᠠ ᠳᠠᠭᠤᠤ ᠶᠢ ᠬᠦᠭ᠍ᠵᠢᠮᠳᠡᠵᠤ ᠳᠠᠭᠤᠯᠠᠬᠤ ᠪᠠ ᠬᠡᠷᠡᠭᠯᠡᠵᠤ ᠠᠰᠢᠬᠯᠠᠬᠤ ᠵᠡᠷᠭᠡ ᠠᠵᠢᠯᠯᠠᠭ᠎ᠠ ᠶᠢ ᠤᠯᠠᠮ ᠲᠦᠷᠢᠮᠵᠢᠬᠦᠯᠬᠦ ᠳᠤ ᠠᠰᠢᠬᠲᠠᠢ ᠶᠤᠮ᠃

    ᠤᠯᠤᠰ ᠤᠨ ᠰᠦᠯᠲᠠ ᠳᠠᠭᠤᠤ ᠨᠢ ᠤᠯᠤᠰ ᠤᠨ ᠲᠤᠭ᠂ ᠲᠦᠷᠦ ᠶᠢᠨ ᠰᠦᠯᠲᠠ ᠲᠠᠢ ᠠᠳᠠᠯᠢ ᠪᠡᠷ ᠨᠢᠬᠡ ᠤᠯᠤᠰ ᠤᠨ ᠪᠡᠯᠭᠡ ᠲᠡᠮᠳᠡᠭ ᠪᠤᠯᠳᠠᠭ᠃ ᠮᠠᠨ ᠤ ᠤᠯᠤᠰ 1990 ᠤᠨ ᠪᠤᠯᠤᠨ 1991 ᠤᠨ ᠳᠤ ᠤᠯᠤᠰ ᠤᠨ ᠲᠤᠭ ᠤᠨ ᠬᠠᠤᠯᠢ ᠪᠠ ᠲᠦᠷᠦ ᠶᠢᠨ ᠰᠦᠯᠲᠠ ᠶᠢᠨ ᠬᠠᠤᠯᠢ ᠶᠢ ᠲᠤᠭᠲᠠᠭᠠᠵᠤ᠂ ᠤᠳᠤ ᠪᠤᠯᠲᠠᠯ᠎ᠠ ᠤᠯᠤᠰ ᠤᠨ ᠰᠦᠯᠲᠠ ᠳᠠᠭᠤᠤ ᠳᠤ ᠲᠤᠰᠬᠠᠢ ᠬᠠᠤᠯᠢ ᠭᠠᠷᠭᠠᠭᠰᠠᠨ ᠦᠬᠡᠢ᠃ ᠬᠠᠤᠯᠢ ᠳᠦᠷᠢᠮ ᠤᠨ ᠬᠢᠵᠠᠭᠠᠷᠯᠠᠯ ᠳᠤᠲᠠᠮᠠᠬ ᠡᠴᠡ ᠪᠤᠯᠵᠤ᠂ ᠤᠯᠤᠰ ᠤᠨ ᠰᠦᠯᠲᠠ ᠳᠠᠭᠤᠤ ᠶᠢ ᠳᠤᠷ᠎ᠠ ᠪᠠᠷ ᠠᠰᠢᠬᠯᠠᠬᠤ ᠪᠠ ᠳᠠᠭᠤᠯᠠᠬᠤ ᠳᠤ ᠪᠡᠨ ᠬᠢᠨᠠᠮᠠᠭᠠᠢ ᠪᠤᠰᠤ ᠵᠡᠷᠭᠡ ᠠᠰᠠᠭᠤᠳᠠᠯ ᠨᠡᠶᠢᠬᠡᠮ ᠳᠤ ᠤᠷᠤᠰᠢᠵᠤ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120701120942159