蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ᠄ ᠨᠠᠮ ᠵᠠᠰᠠᠭ ᠤᠨ ᠭᠤᠣᠯ ᠬᠠᠷᠢᠭᠤᠴᠠᠯᠭᠠᠳᠠᠳ ᠪᠡᠶ᠎ᠡ ᠪᠠᠷ ᠢᠶᠠᠨ ᠣᠷᠣᠯᠴᠠᠨ ᠡᠮᠦᠨ᠎ᠡ ᠹᠷᠣᠨᠲ ᠲᠤ ᠵᠢᠯᠣᠭᠤᠳᠴᠣ ᠨᠠᠶᠢᠳᠠᠪᠣᠷᠢᠵᠢᠭᠤᠯᠣᠯᠲᠠ ᠶᠢ ᠴᠢᠩᠭ᠋᠎ᠠ ᠠᠳᠬᠤᠵᠣ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ

2017-05-10 16:16

    5 ᠰᠠᠷ᠎ᠠ ᠶᠢᠨ 9  ᠤ᠋ ᠡᠳᠦᠷ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠲᠤᠬᠳᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠵᠢᠴᠢ ᠫᠤᠤ ᠰᠤᠮᠤ ᠶᠢ ᠬᠤᠷᠢᠶᠠᠵᠤ ᠲᠡᠯᠪᠡᠷᠡᠭᠦ ᠡᠳ᠋ ᠢ ᠬᠠᠮᠢᠶᠠᠷᠴᠦ ᠵᠠᠰᠠᠬᠤ ᠪᠠ 《ᠱᠠᠯᠢᠭ ᠵᠠᠪᠬᠠᠢ ᠵᠤᠭᠤᠰ ᠮᠦᠷᠦ᠋ᠢᠴᠡᠭᠰᠡᠨ ᠬᠤᠤᠷ᠎ᠠ ᠲᠠᠳᠠᠵᠤ ᠰᠠᠷᠢᠭᠠᠯᠠᠭᠰᠠᠨ》 ᠬᠠᠤᠯᠢ ᠠᠴᠠ ᠵᠦᠷᠢᠴᠡᠭᠰᠡᠨ ᠶᠠᠯᠠᠳᠦ ᠠᠵᠢᠯᠯᠠᠭ᠎ᠠ ᠳᠤ ᠴᠤᠬᠢᠯᠳᠠ ᠦᠭᠭᠦ ᠲᠤᠰᠬᠠᠢ ᠠᠵᠢᠯᠯᠠᠭ᠎ᠠ ᠶᠢᠨ ᠲᠤᠰᠬᠠᠢ ᠰᠡᠳᠦᠪᠳᠦ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃ ᠳᠡᠷᠡ ᠴᠢᠬᠤᠯᠠᠴᠢᠯᠠᠬᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠲᠤᠬᠳᠠᠭᠤᠨ ᠢ ᠬᠠᠮᠠᠭᠠᠯᠠᠬᠤ ᠲᠤᠬᠠᠢ ᠴᠢᠬᠤᠯᠠ ᠦᠭᠦᠯᠡᠯᠳᠡ ᠪᠠ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠨᠡᠶᠢᠭᠡᠮ ᠤᠨ ᠲᠤᠬᠳᠠᠭᠤᠨ ᠢ ᠬᠠᠮᠠᠭᠠᠯᠠᠬᠤ ᠠᠵᠢᠯ ᠢ ᠴᠢᠩᠭ᠋᠎ᠠ ᠪᠤᠳᠠᠳᠠᠢ ᠨᠠᠷᠢᠯᠢᠭ᠋᠋ ᠰᠠᠶᠢᠳᠤᠷ ᠬᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠪᠠ ᠦᠪᠡᠷᠳᠡᠭᠡᠨ ᠵᠠᠰᠬᠠᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠠᠵᠢᠯᠯᠠᠭ᠎ᠠ ᠳᠤ ᠠᠮᠤᠷ ᠲᠤᠬᠳᠠᠭᠤᠨ ᠨᠡᠶᠢᠭᠡᠮ ᠤᠨ ᠤᠷᠴᠢᠨ ᠲᠤᠭᠤᠷᠢᠨ ᠢ ᠪᠤᠢ ᠪᠤᠯᠭᠠᠨ ᠦᠭ᠍ᠬᠦ ᠬᠡᠷᠡᠭᠳᠡᠢ ᠬᠡᠪᠡ᠃

    ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠬᠤᠷᠠᠯ ᠡᠷᠬᠢᠯᠡᠭᠦ ᠶᠢᠨ ᠬᠠᠮᠳᠤ ᠪᠤᠳᠠᠳᠠᠢ ᠠᠵᠢᠯ ᠢ ᠪᠠᠶᠢᠷᠢᠯᠠᠭᠤᠯᠪᠠ᠃

    ᠯᠢ ᠵᠢᠢ ᠾᠧᠩ ᠶᠠᠷᠢᠶᠠᠨ ᠳᠠᠭᠠᠨ ᠵᠢᠭᠠᠵᠤ ᠭᠠᠷᠭᠠᠬᠰᠠᠨ ᠨᠢ᠂ ᠡᠨᠡ ᠵᠢᠯ ᠦᠪᠦᠷ ᠮᠤᠩᠭᠤᠯ ᠳᠤ ᠲᠤᠮᠤ ᠶᠠᠪᠤᠳᠠᠯ᠂ ᠴᠢᠬᠤᠯᠠ ᠶᠠᠪᠤᠳᠠᠯ᠂ ᠪᠠᠶᠠᠷᠳᠦ ᠶᠠᠪᠤᠳᠠᠯ ᠤᠯᠠᠨ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠡᠨᠡ ᠵᠢᠯ ᠤᠨ ᠨᠡᠶᠢᠭᠡᠮ ᠤᠨ ᠲᠤᠬᠳᠠᠭᠤᠨ ᠢ ᠬᠠᠮᠠᠭᠠᠯᠠᠬᠤ ᠠᠵᠢᠯ ᠢ ᠰᠠᠶᠢᠳᠤᠷ ᠬᠢᠭᠦ ᠶᠢᠨ ᠤᠨᠴᠠᠭᠠᠢ ᠴᠢᠬᠤᠯᠠ ᠠᠴᠢ ᠬᠤᠯᠪᠤᠬᠳᠠᠯ ᠢ ᠬᠦᠢᠴᠡᠳ ᠲᠠᠨᠢᠵᠤ᠂ ᠠᠵᠢᠯ ᠤᠨ ᠬᠠᠷᠠᠯᠳᠠ ᠦᠩᠭᠡᠷᠡᠭᠰᠡᠨ ᠠᠴᠠ ᠪᠠᠨ ᠨᠡᠩ ᠦᠨᠳᠦᠷ᠂ ᠠᠵᠢᠯ ᠤᠨ ᠠᠷᠭ᠎ᠠ ᠬᠡᠮᠵᠢᠶ᠎ᠡ ᠦᠩᠭᠡᠷᠡᠭᠰᠡᠨ ᠠᠴᠠ ᠪᠠᠨ ᠨᠡᠩ ᠴᠢᠩᠭ᠋᠎ᠠ᠂ ᠠᠵᠢᠯ ᠤᠨ ᠦᠷ᠎ᠡ ᠪᠦᠳᠦᠮᠵᠢ ᠦᠩᠭᠡᠷᠡᠭᠰᠡᠨ ᠠᠴᠠ ᠪᠠᠨ ᠨᠡᠩ ᠰᠠᠶᠢᠨ ᠪᠠᠶᠢᠬᠤ ᠪᠠᠷᠢᠮᠵᠢᠶ᠎ᠠ ᠱᠠᠭᠠᠷᠳᠠᠯᠭ᠎ᠠ ᠪᠠᠷ ᠤᠳᠤᠬᠠᠨ ᠤ ᠲᠤᠬᠳᠠᠭᠤᠨ ᠢ ᠬᠠᠮᠠᠭᠠᠯᠠᠬᠤ ᠠᠵᠢᠯ ᠢ ᠲᠠᠬᠢᠨ ᠪᠠᠶᠢᠴᠠᠭᠠᠵᠤ᠂ ᠲᠠᠬᠢᠨ ᠪᠠᠶᠢᠷᠢᠯᠠᠭᠤᠯᠵᠣ᠂ ᠲᠠᠬᠢᠨ ᠨᠡᠶᠢᠳᠡᠪᠦᠷᠢᠵᠢᠭᠤᠯᠵᠤ᠂ ᠬᠡᠮ ᠰᠤᠭᠤᠭ ᠪᠠᠶᠢᠪᠠᠯ ᠲᠠᠷᠤᠢ ᠲᠦᠷᠭᠡᠨ ᠠᠷᠢᠯᠭᠠᠵᠤ᠂ ᠠᠰᠠᠭᠤᠳᠠᠯ ᠪᠠᠶᠢᠪᠠᠯ ᠲᠠᠷᠤᠢ ᠲᠦᠷᠭᠡᠨ ᠰᠢᠢᠳᠪᠦᠷᠢᠯᠡᠵᠤ᠂ ᠬᠦᠷᠦᠯᠴᠡᠬᠦ ᠦᠭᠡᠢ ᠵᠦᠢᠯ ᠪᠠᠶᠢᠪᠠᠯ ᠲᠠᠷᠤᠢ ᠲᠦᠷᠭᠡᠨ ᠨᠦᠬᠦᠪᠦᠷᠢᠯᠡᠵᠤ᠂ ᠠᠵᠢᠯ ᠢᠶᠠᠨ ᠦ ᠰᠡᠪ ᠦᠭᠡᠢ ᠠᠯᠳᠠᠭ᠎ᠠ ᠪᠤᠷᠤᠭᠤ ᠦᠭᠡᠢ ᠰᠠᠶᠢᠳᠤᠷ ᠬᠢᠵᠤ᠂ ᠡᠭᠡ ᠤᠯᠤᠰ ᠤᠨ ᠤᠮᠠᠷᠠᠳᠦ ᠶᠢᠨ ᠠᠮᠤᠷ ᠲᠤᠬᠳᠠᠭᠤᠨ ᠤ ᠬᠠᠯᠬᠠᠪᠴᠢ ᠶᠢ ᠲᠠᠰᠤᠷᠠᠯᠳᠠ ᠦᠭᠡᠢ ᠪᠠᠬᠢᠵᠢᠭᠦᠯᠭᠦ ᠬᠡᠷᠡᠭᠳᠡᠢ ᠬᠡᠵᠡᠢ᠃

    ᠯᠢ ᠵᠢᠢ ᠾᠧᠩ ᠴᠢᠬᠤᠯᠠᠴᠢᠯᠠᠬᠰᠠᠨ ᠨᠢ᠂ ᠤᠯᠤᠰ ᠲᠦᠷᠦ ᠶᠢᠨ ᠰᠡᠷᠬᠡᠭ᠌ ᠴᠢᠨᠠᠷ ᠪᠠ ᠤᠯᠤᠰ ᠲᠦᠷᠦ ᠶᠢᠨ ᠢᠯᠭᠠᠬᠤ ᠴᠢᠳᠠᠪᠤᠷᠢ ᠪᠠᠨ ᠴᠢᠨᠠᠬᠰᠢᠳᠠ ᠴᠢᠩᠭ᠋ᠠᠳᠬᠠᠵᠤ᠂ ᠬᠠᠭᠠᠴᠠᠭᠤᠯᠬᠤ ᠶᠢ ᠡᠰᠡᠷᠭᠦᠴᠡᠭᠦ᠂ ᠰᠦᠷᠳᠡᠭᠦᠯᠦᠯ ᠢ ᠡᠰᠡᠷᠭᠦᠴᠡᠭᠦ᠂ ᠭᠠᠵᠢᠭᠤ ᠨᠤᠮᠯᠠᠯ ᠢ ᠡᠰᠡᠷᠭᠦᠴᠡᠭᠦ ᠲᠡᠮᠡᠴᠡᠯ ᠪᠤᠯᠤᠨ ᠰᠦᠯᠵᠢᠶᠡᠨ ᠲᠡᠭᠡᠷᠡᠬᠢ ᠦᠵᠡᠯ ᠤᠬᠠᠮᠰᠠᠷ ᠤᠨ ᠬᠡᠯᠪᠡᠷᠢ ᠶᠢᠨ ᠲᠡᠮᠡᠴᠡᠯ ᠢ ᠡᠷᠡᠰ ᠰᠠᠶᠢᠳᠤᠷ ᠬᠢᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠰᠠᠨᠠᠭᠠᠴᠢᠯᠠᠭᠠᠳᠦ ᠡᠷᠭᠡ ᠶᠢ ᠪᠠᠳᠤ ᠡᠵᠡᠮᠳᠡᠭᠦ ᠬᠡᠷᠡᠭᠳᠡᠢ᠃ ᠫᠤᠤ ᠰᠤᠮᠤ ᠶᠢ ᠬᠤᠷᠢᠶᠠᠵᠤ ᠲᠡᠯᠪᠡᠷᠡᠭᠦ ᠡᠳ᠋ ᠢ ᠬᠠᠮᠢᠶᠠᠷᠴᠦ ᠵᠠᠰᠠᠬᠤ ᠪᠠ 《ᠱᠠᠯᠢᠭ ᠵᠠᠪᠬᠠᠢ ᠵᠤᠭᠤᠰ ᠮᠦᠷᠦ᠋ᠢᠴᠡᠭᠰᠡᠨ ᠬᠤᠤᠷ᠎ᠠ ᠲᠠᠳᠠᠵᠤ ᠰᠠᠷᠢᠭᠠᠯᠠᠭᠰᠠᠨ》 ᠬᠠᠤᠯᠢ ᠠᠴᠠ ᠵᠦᠷᠢᠴᠡᠭᠰᠡᠨ ᠶᠠᠯᠠᠳᠦ ᠠᠵᠢᠯᠯᠠᠭ᠎ᠠ ᠳᠤ ᠴᠤᠬᠢᠯᠳᠠ ᠦᠭ᠍ᠭᠦ ᠲᠤᠰᠬᠠᠢ ᠠᠵᠢᠯᠯᠠᠭ᠎ᠠ ᠶᠢ ᠶᠡᠭᠡᠪᠡᠷ ᠠᠬᠢᠭᠤᠯᠵᠤ᠂ ᠫᠤᠤ ᠰᠤᠮᠤ ᠪᠠ ᠲᠡᠯᠪᠡᠷᠡᠭᠦ ᠡᠳ᠋ ᠤᠨ 《ᠲᠤᠤᠭᠠᠷᠬᠤ ᠦᠭᠡᠢ᠂ ᠲᠡᠯᠪᠡᠷᠡᠭᠦ ᠦᠭᠡᠢ᠂ ᠬᠡᠭᠡᠭ᠍ᠳᠡᠭᠦ ᠦᠭᠡᠢ》 ᠪᠠᠶᠢᠬᠤ ᠶᠢ ᠪᠠᠳᠤᠯᠠᠵᠤ᠂ 《ᠱᠠᠯᠢᠭ ᠵᠠᠪᠬᠠᠢ ᠵᠤᠭᠤᠰ ᠮᠦᠷᠦ᠋ᠢᠴᠡᠭᠦ ᠬᠤᠤᠷ᠎ᠠ ᠲᠠᠳᠠᠵᠤ ᠰᠠᠷᠢᠭᠠᠯᠠᠬᠤ》 ᠡᠷᠡᠭᠦᠯ ᠪᠤᠰᠤ ᠰᠤᠷᠳᠠᠯ ᠢ ᠪᠦᠬᠦ ᠲᠠᠯ᠎ᠠ ᠪᠠᠷ ᠠᠷᠢᠯᠭᠠᠵᠤ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠪᠤᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠲᠡᠭᠡᠭ᠍ᠰᠢᠯᠡᠭᠦᠯᠭᠦ ᠬᠡᠷᠡᠭᠳᠡᠢ᠃ ᠨᠡᠶᠢᠭᠡᠮ ᠤᠨ ᠵᠦᠷᠢᠴᠡᠯ ᠢ ᠬᠦᠨᠵᠡᠭᠡᠢ ᠪᠠᠶᠢᠴᠠᠭᠠᠨ ᠨᠠᠮᠳᠠᠭᠤᠯᠵᠣ᠂ ᠤᠳᠤᠷᠢᠳᠬᠤ ᠺᠠᠳ᠋ᠷᠴᠤᠳ ᠲᠦᠷᠦᠭᠦᠯᠡᠨ ᠬᠡᠷᠡᠭ ᠰᠢᠢᠳᠪᠦᠷᠢᠯᠡᠵᠦ ᠬᠡᠷᠡᠭ ᠢ ᠲᠠᠭᠠᠭᠠᠴᠢᠯᠠᠬᠤ ᠲᠦᠷᠢᠮ ᠢ ᠦᠷᠭᠦᠯᠵᠢᠯᠡᠨ ᠬᠡᠷᠡᠭᠵᠢᠭᠦᠯᠵᠤ᠂ ᠨᠡᠶᠢᠭᠡᠮ ᠤᠨ ᠦᠩᠭᠡᠨ ᠲᠠᠯ᠎ᠠ ᠶᠢᠨ ᠵᠦᠷᠢᠴᠡᠯ ᠠᠰᠠᠭᠤᠳᠠᠯ ᠢ ᠰᠠᠶᠢᠳᠤᠷ ᠨᠠᠮᠳᠠᠭᠤᠯᠵᠣ ᠰᠢᠢᠳᠪᠦᠷᠢᠯᠡᠭᠦ ᠮᠦᠷᠳᠡᠭᠡᠨ ᠲᠠᠯᠳᠠ ᠠᠶᠤᠯ ᠲᠦᠭᠰᠢᠭᠦᠷᠢ ᠬᠡᠮ ᠰᠤᠭᠤᠭ ᠢ ᠰᠠᠶᠢᠳᠤᠷ ᠪᠠᠶᠢᠴᠠᠭᠠᠵᠤ ᠰᠠᠶᠢᠳᠤᠷ ᠰᠡᠷᠬᠡᠶᠢᠯᠡᠵᠤ᠂ ᠨᠡᠶᠢᠭᠡᠮ ᠤᠨ ᠶᠡᠭᠡ ᠲᠠᠯ᠎ᠡ ᠶᠢᠨ ᠡᠶ᠎ᠡ ᠨᠠᠶᠢᠷᠠᠮᠳᠠᠭᠤ ᠲᠤᠬᠳᠠᠭᠤᠨ ᠢ ᠠᠬᠢᠭᠤᠯᠬᠤ ᠬᠡᠷᠡᠭᠳᠡᠢ᠃ ᠲᠤᠬᠳᠠᠭᠤᠨ ᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢ ᠱᠠᠳᠤ ᠱᠠᠳᠤ ᠪᠠᠷ ᠪᠤᠳᠠᠳᠠᠢ ᠳᠤ ᠨᠠᠶᠢᠳᠠᠪᠣᠷᠢᠵᠢᠭᠤᠯᠵᠣ᠂ ᠡᠯ᠎ᠠ ᠱᠠᠳᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠳ ᠪᠡᠶ᠎ᠠ ᠪᠠᠷ ᠢᠶᠠᠨ ᠤᠷᠤᠯᠴᠠᠨ ᠡᠮᠦᠨ᠎ᠠ ᠹᠷᠤᠨᠲ ᠲᠤ ᠵᠢᠯᠤᠭᠤᠳᠴᠤ᠂ ᠬᠤᠪᠢᠳᠠᠨ ᠬᠠᠮᠢᠶᠠᠷᠴᠣ ᠪᠠᠶᠢᠭ᠎ᠠ ᠬᠠᠷᠢᠭᠤᠴᠠᠯᠭᠠᠳᠠᠨ ᠰᠠᠶᠢᠨ ᠵᠢᠯᠣᠭᠤᠳᠣᠭᠴᠢ ᠪᠣᠯᠵᠣ᠂ ᠪᠣᠳᠠᠳᠠᠢ ᠶᠠᠪᠤᠳᠠᠯ ᠢ ᠨᠢᠬᠳᠠ ᠠᠩᠬᠠᠷᠴᠤ ᠨᠢᠭᠡᠳ ᠨᠢᠭᠡ ᠪᠠᠷ ᠨᠢ ᠰᠠᠶᠢᠳᠤᠷ ᠰᠢᠢᠳᠪᠦᠷᠢᠯᠡᠵᠤ᠂ ᠠᠵᠢᠯ ᠤᠨ ᠬᠠᠷᠢᠭᠤᠴᠠᠯᠭ᠎ᠠ ᠪᠠᠨ ᠦᠨᠡᠨᠬᠦ ᠪᠠᠷᠢᠮᠳᠠᠯᠠᠵᠣ᠂ ᠠᠵᠢᠯ ᠤᠨ ᠬᠠᠷᠢᠭᠤᠴᠠᠯᠭ᠎ᠠ ᠪᠠᠨ ᠦᠨᠡᠨᠬᠦ ᠰᠠᠬᠢᠵᠣ᠂ ᠠᠵᠢᠯ ᠤᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠬᠦ ᠬᠡᠷᠡᠭᠳᠡᠢ ᠭᠡᠵᠡᠢ᠃

    ᠯᠢ ᠵᠢᠶᠠ ᠠᠵᠢᠯ ᠪᠠᠶᠢᠷᠢᠯᠠᠭᠤᠯᠬᠤ ᠳᠠᠭᠠᠨ ᠵᠢᠭᠠᠵᠤ ᠭᠠᠷᠭᠠᠬᠰᠠᠨ ᠨᠢ᠂ ᠪᠦᠬᠦ ᠤᠷᠤᠨ ᠤ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ 《ᠲᠦᠷᠪᠡᠨ ᠤᠬᠠᠮᠰᠠᠷ》  ᠢ᠋ ᠪᠠᠳᠤ ᠪᠠᠬᠢ ᠪᠤᠢ ᠪᠤᠯᠭᠠᠵᠣ᠂ ᠤᠯᠤᠰ ᠲᠦᠷᠦ ᠶᠢᠨ ᠵᠤᠬᠰᠤᠴᠠ ᠪᠠᠨ ᠦᠨᠡᠨᠭᠦ ᠲᠡᠭᠡᠭ᠍ᠰᠢᠯᠡᠭᠦᠯᠵᠤ᠂ ᠤᠯᠤᠰ ᠲᠦᠷᠦ ᠶᠢ ᠡᠷᠬᠢᠮᠯᠡᠭᠦ ᠦᠨᠳᠦᠷᠴᠡ ᠠᠴᠠ ᠲᠤᠬᠳᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠡᠵᠡᠮᠳᠡᠵᠤ᠂ ᠪᠤᠳᠠᠳᠤ ᠠᠵᠢᠯᠯᠠᠭ᠎ᠠ ᠪᠠᠷ ᠢᠶᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠬᠠᠮᠠᠭᠠᠯᠠᠬᠤ ᠬᠡᠷᠡᠭᠳᠡᠢ᠃ ᠬᠠᠶᠢᠷ᠎ᠠ ᠰᠡᠳᠬᠢᠯᠭᠡ ᠡᠪᠦᠷᠯᠡᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠳᠤᠷ ᠬᠢᠵᠤ᠂ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠵᠤ᠂ ᠰᠠᠨᠠᠭᠠᠴᠢᠯᠠᠭ᠎ᠠ ᠠᠴᠠ ᠪᠠᠨ ᠰᠤᠷᠪᠤᠯᠵᠢᠯᠠᠨ ᠪᠠᠶᠢᠳᠠᠯ ᠢ ᠣᠢᠢᠯᠠᠭᠠᠵᠣ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠳᠠ ᠦᠭᠴᠤ᠂ 《ᠤᠴᠢᠷ ᠶᠠᠪᠤᠳᠠᠯ ᠢ ᠰᠢᠢᠳᠪᠦᠷᠢᠯᠡᠭᠦ》  ᠶ᠋ᠢ ᠶᠡᠭᠡᠪᠡᠷ ᠠᠬᠢᠭᠤᠯᠬᠤ ᠬᠡᠷᠡᠭᠳᠡᠢ᠃ ᠠᠵᠢᠯ ᠤᠨ ᠡᠷᠴᠢᠮ ᠢᠶᠠᠨ ᠰᠤᠯᠠᠷᠠᠭᠤᠯᠦᠯ ᠦᠭᠡᠢ ᠪᠠᠶᠢᠬᠤ ᠶᠢ ᠪᠠᠷᠢᠮᠳᠠᠯᠠᠵᠤ᠂ ᠫᠤᠤ ᠰᠤᠮᠤ ᠶᠢ ᠬᠤᠷᠢᠶᠠᠵᠤ ᠲᠡᠯᠪᠡᠷᠡᠭᠦ ᠡᠳ᠋ ᠢ ᠬᠠᠮᠢᠶᠠᠷᠴᠦ ᠵᠠᠰᠠᠬᠤ ᠪᠠ 《ᠱᠠᠯᠢᠭ ᠵᠠᠪᠬᠠᠢ ᠵᠤᠭᠤᠰ ᠮᠦᠷᠦ᠋ᠢᠴᠡᠭᠰᠡᠨ ᠬᠤᠤᠷ᠎ᠠ ᠲᠠᠳᠠᠵᠤ ᠰᠠᠷᠢᠭᠠᠯᠠᠭᠰᠠᠨ》 ᠬᠠᠤᠯᠢ ᠠᠴᠠ ᠵᠦᠷᠢᠴᠡᠭᠰᠡᠨ ᠶᠠᠯᠠᠳᠦ ᠠᠵᠢᠯᠯᠠᠭ᠎ᠠ ᠳᠤ ᠴᠤᠬᠢᠯᠳᠠ ᠦᠭ᠍ᠭᠦ ᠲᠤᠰᠬᠠᠢ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠤ᠂ ᠡᠭᠡ ᠤᠯᠤᠰ ᠤᠨ ᠤᠮᠠᠷᠠᠳᠦ ᠬᠢᠵᠠᠭᠠᠷ ᠤᠨ ᠠᠮᠤᠷ ᠲᠤᠬᠳᠠᠭᠤᠨ ᠤ ᠬᠠᠯᠬᠠᠪᠴᠢ ᠶᠢ ᠪᠠᠳᠣ ᠴᠣᠭᠴᠠᠯᠠᠬᠤ ᠬᠡᠷᠡᠭᠳᠡᠢ ᠬᠡᠵᠡᠢ᠃

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠡᠰᠢᠭᠦᠨ᠂ ᠨᠠᠷᠢᠨ ᠪᠢᠴᠢᠭ᠌ ᠤᠨ ᠲᠠᠷᠤᠭ᠎ᠠ ᠯᠦᠸᠧ ᠶᠦᠩ ᠭᠠᠩ᠂ ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ᠂ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠲᠠᠷᠤᠭ᠎ᠠ ᠮᠠ ᠮᠢᠩ᠂ ᠦᠪᠡᠷᠳᠡᠭᠡᠨ ᠵᠠᠰᠬᠠᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠮᠠ ᠶᠦᠩ ᠱᠧᠩ᠂ ᠵᠡᠪᠰᠡᠭᠳᠦ ᠴᠠᠬᠳᠠᠭ᠎ᠠ ᠶᠢᠨ ᠦᠪᠦᠷ ᠮᠤᠩᠭᠤᠯ ᠤᠨ ᠶᠡᠷᠦᠩᠬᠡᠢ ᠠᠩᠬᠢ ᠶᠢᠨ ᠺᠣᠮᠠᠨᠳᠠᠯᠠᠭᠴᠢ ᠮᠠ ᠵᠢᠶᠠᠨ ᠬᠠᠢ ᠬᠤᠷᠠᠯ ᠳᠤ ᠤᠷᠤᠯᠴᠠᠵᠠᠢ᠃ 

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120950358