蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠮᠤᠩᠭ᠋ᠤᠯ ᠤᠯᠤᠰ ᠤᠨ ᠬᠠᠤᠯᠢ ᠴᠠᠭᠠᠵᠠ ᠲᠤᠳᠤᠭᠠᠳᠤ ᠶᠠᠪᠤᠳᠠᠯ ᠤᠨ ᠶᠠᠮᠤᠨ ᠤ ᠰᠠᠶᠢᠳ ᠪᠢᠮᠪᠠᠴᠤᠬᠳᠤ ᠲᠠᠢ ᠠᠭᠤᠯᠵᠠᠪᠠ

2017-05-10 16:28

    5 ᠰᠠᠷ᠎ᠠ ᠶᠢᠨ 9  ᠤ᠋ ᠡᠳᠦᠷ ᠤᠨ ᠦᠳᠡ ᠶᠢᠨ ᠬᠤᠶᠢᠨ᠎ᠠ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠦᠬᠡᠬᠤᠳᠠ ᠳᠤ ᠮᠤᠩᠭᠤᠯ ᠤᠯᠤᠰ ᠤᠨ ᠬᠠᠤᠯᠢ ᠴᠠᠭᠠᠵᠠ ᠲᠤᠳᠤᠭᠠᠳᠦ ᠶᠠᠪᠤᠳᠠᠯ ᠤᠨ ᠶᠠᠮᠤᠨ ᠤ ᠰᠠᠶᠢᠳ ᠪᠢᠮᠪᠠᠴᠤᠬᠳᠤ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠤᠯᠢ ᠬᠡᠷᠡᠭᠵᠢᠭᠦᠯᠭᠦ ᠠᠮᠤᠷ ᠲᠦᠪᠰᠢᠨ ᠤ ᠲᠠᠯ᠎ᠠ ᠪᠠᠷ ᠪᠤᠳᠠᠳᠠᠢ ᠶᠢ ᠡᠷᠬᠢᠮᠯᠡᠭᠦ ᠬᠠᠮᠳᠤᠷᠠᠯᠴᠠᠭ᠎ᠠ ᠪᠠᠨ ᠴᠢᠨᠠᠬᠰᠢᠳᠠ ᠴᠢᠩᠭ᠋ᠠᠳᠬᠠᠬᠤ ᠲᠤᠬᠠᠢ ᠰᠠᠨᠠᠯ ᠢᠶᠠᠨ ᠬᠦᠨᠵᠡᠭᠡᠢ ᠰᠤᠯᠢᠯᠴᠠᠪᠠ᠃

    ᠯᠢ ᠵᠢᠢ ᠾᠧᠩ ᠪᠢᠮᠪᠠᠴᠤᠬᠳᠤ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠬᠳᠤᠵᠣ ᠪᠠᠶᠢᠬᠤ ᠪᠠᠨ ᠢᠯᠡᠳᠭᠡᠪᠡ᠃ ᠲᠡᠷᠡ ᠬᠡᠯᠡᠭᠰᠡᠨ ᠨᠢ᠂ ᠤᠢᠢᠷ᠎ᠠ ᠶᠢᠨ ᠵᠢᠯ ᠳᠤ ᠲᠤᠮᠳᠠᠳᠤ ᠤᠯᠤᠰ ᠤᠨ ᠦᠪᠦᠷ ᠮᠤᠩᠭ᠋ᠤᠯ ᠤᠨ ᠦᠪᠡᠷᠳᠡᠭᠡᠨ ᠵᠠᠰᠬᠠᠤ ᠤᠷᠤᠨ ᠬᠢᠭᠡᠳ ᠮᠤᠩᠭ᠋ᠤᠯ ᠤᠯᠤᠰ ᠭᠠᠵᠠᠷ ᠤᠷᠤᠨ ᠤ ᠬᠠᠤᠯᠢ ᠬᠡᠷᠡᠭᠵᠢᠭᠦᠯᠭᠦ ᠠᠮᠤᠷ ᠲᠦᠪᠰᠢᠨ ᠤ ᠬᠠᠮᠳᠤᠷᠠᠯᠴᠠᠭ᠎ᠠ ᠶᠢᠨ ᠲᠠᠯ᠎ᠠ ᠪᠠᠷ ᠮᠠᠰᠢ ᠤᠯᠠᠨ ᠢᠳᠡᠪᠬᠢᠳᠡᠢ ᠰᠦᠪᠡᠭ᠍ᠴᠢᠯᠡᠯᠳᠡ ᠬᠢᠵᠤ᠂ ᠨᠡᠩ ᠦᠷᠭᠡᠨ ᠠᠭᠤᠳᠠᠮ ᠬᠠᠮᠳᠤᠷᠠᠯᠴᠠᠭ᠎ᠠ ᠶᠢᠨ ᠢᠷᠡᠭᠡᠳᠦᠢ ᠶᠢ ᠬᠠᠮᠳᠤᠪᠡᠷ ᠨᠡᠭᠡᠭᠡᠵᠠᠢ᠃ ᠬᠤᠶᠠᠷ ᠲᠠᠯ᠎ᠠ ᠪᠠᠷ ᠢᠶᠠᠨ ᠰᠦᠷᠳᠡᠭᠦᠯᠦᠯ ᠢ ᠡᠰᠡᠷᠭᠦᠴᠡᠭᠦ᠂ ᠬᠤᠤᠷ᠎ᠠ ᠴᠠᠭᠠᠵᠠᠯᠠᠬᠤ᠂ ᠰᠦᠯᠵᠢᠶᠡᠨ ᠤ ᠶᠠᠯᠠᠳᠤ ᠠᠵᠢᠯᠯᠠᠭ᠎ᠠ ᠳᠤ ᠴᠤᠬᠢᠯᠳᠠ ᠦᠭ᠍ᠭᠦ ᠵᠡᠷᠭᠡ ᠬᠦᠷᠢᠶᠡᠨ ᠳᠠᠬᠢ ᠬᠠᠤᠯᠢ ᠬᠡᠷᠡᠭᠵᠢᠭᠦᠯᠭᠦ ᠬᠠᠮᠳᠤᠷᠠᠯᠴᠠᠭ᠎ᠠ ᠪᠠᠨ ᠴᠢᠨᠠᠬᠰᠢᠳᠠ ᠬᠦᠨᠵᠡᠭᠡᠶᠢᠷᠡᠭᠦᠯᠵᠤ᠂ ᠨᠡᠪᠳᠡᠷᠡᠯᠴᠡᠨ ᠬᠠᠷᠢᠯᠴᠠᠬᠤ ᠠᠷᠭ᠎ᠠ ᠵᠠᠮ ᠢᠶᠠᠨ ᠰᠢᠯᠤᠭᠤᠳᠬᠠᠵᠤ᠂ ᠶᠠᠷᠢᠯᠴᠠᠨ ᠵᠦᠪᠳᠡᠯᠴᠡᠭᠦ ᠬᠠᠮᠳᠤᠷᠠᠯᠴᠠᠭᠠᠨ ᠤ ᠠᠷᠭ᠎ᠠ ᠬᠡᠯᠪᠡᠷᠢ ᠪᠤᠯᠤᠨ ᠲᠦᠭᠦᠮ ᠲᠦᠳᠡ ᠦᠨᠳᠦᠷ ᠦᠷ᠎ᠡ ᠪᠦᠳᠦᠮᠵᠢᠳᠡᠢ ᠬᠠᠮᠳᠤᠷᠠᠯᠴᠠᠭ᠎ᠠ ᠶᠢᠨ ᠲᠤᠬᠳᠠᠴᠠ ᠶᠢ ᠲᠡᠭᠦᠯᠳᠡᠷᠵᠢᠭᠦᠯᠵᠤ᠂ ᠲᠤᠮᠳᠠᠳᠤ ᠮᠤᠩᠭ᠋ᠤᠯ ᠬᠤᠶᠠᠷ ᠤᠯᠤᠰ ᠤᠨ ᠭᠠᠵᠠᠷ ᠤᠷᠤᠨ ᠤ ᠬᠠᠤᠯᠢ ᠬᠡᠷᠡᠭᠵᠢᠭᠦᠯᠭᠦ ᠠᠮᠤᠷ ᠲᠦᠪᠰᠢᠨ ᠤ ᠬᠠᠮᠳᠤᠷᠠᠯᠴᠠᠭ᠎ᠠ ᠶᠢᠨ ᠰᠢᠨ᠎ᠠ ᠪᠠᠶᠢᠳᠠᠯ ᠢ ᠭᠠᠷ ᠬᠤᠯᠪᠤᠯᠴᠠᠨ ᠨᠡᠭᠡᠭᠡᠭᠦ ᠶᠢ ᠬᠦᠰᠡᠵᠦ ᠪᠠᠶᠢᠨ᠎ᠠ ᠭᠡᠪᠡ᠃

    ᠪᠢᠮᠪᠠᠴᠤᠬᠳᠦ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠦᠨ ᠤ ᠰᠠᠨᠠᠯ ᠰᠠᠨᠠᠭᠤᠯᠭ᠎ᠠ ᠪᠤᠯᠤᠨ ᠪᠤᠳᠤᠯᠬᠢᠯᠠᠯ ᠢ ᠪᠦᠷᠢᠮᠦᠰᠦᠨ ᠵᠦᠪᠰᠢᠶᠡᠷᠡᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠮᠤᠩᠭᠤᠯ ᠲᠤᠮᠳᠠᠳᠤ ᠬᠤᠶᠠᠷ ᠤᠯᠤᠰ ᠤᠨ ᠨᠦᠬᠦᠷᠰᠡᠭ ᠬᠠᠷᠢᠯᠴᠠᠭ᠎ᠠ ᠳᠤ ᠴᠢᠬᠤᠯᠠ ᠪᠠᠶᠢᠷᠢ ᠶᠢ ᠡᠵᠡᠯᠡᠵᠤ ᠪᠣᠢ᠂ ᠤᠢᠢᠷ᠎ᠠ ᠶᠢᠨ ᠵᠢᠯ ᠳᠤ ᠬᠤᠶᠠᠷ ᠲᠠᠯ᠎ᠠ ᠶᠢᠨ ᠬᠠᠤᠯᠢ ᠬᠡᠷᠡᠭᠵᠢᠭᠦᠯᠭᠦ ᠠᠮᠤᠷ ᠲᠦᠪᠰᠢᠨ ᠤ ᠰᠠᠯᠠᠭ᠎ᠠ ᠮᠦᠴᠢᠷ ᠨᠢᠬᠳᠠ ᠬᠠᠷᠢᠯᠴᠠᠭ᠎ᠠ ᠪᠠᠨ ᠪᠠᠳᠤᠯᠠᠵᠤ᠂ ᠤᠯᠤᠰ ᠠᠯᠤᠰᠯᠠᠬᠰᠠᠨ ᠶᠠᠯᠠᠳᠦ ᠠᠵᠢᠯᠯᠠᠭ᠎ᠠ ᠳᠤ ᠴᠤᠬᠢᠯᠳᠠ ᠦᠭ᠍ᠭᠦ᠂ ᠬᠤᠤᠷ᠎ᠠ ᠴᠠᠭᠠᠵᠠᠯᠠᠬᠤ ᠵᠡᠷᠭᠡ ᠬᠦᠷᠢᠶᠡᠨ ᠳᠤ ᠪᠦᠬᠦ ᠲᠠᠯ᠎ᠠ ᠶᠢᠨ ᠪᠦᠳᠦᠮᠵᠢᠳᠡᠢ ᠬᠠᠮᠳᠤᠷᠠᠯᠴᠠᠭ᠎ᠠ ᠦᠷᠨᠢᠭᠦᠯᠪᠡ᠃ ᠮᠤᠩᠭᠤᠯ ᠤᠯᠤᠰ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠯᠤᠭ᠎ᠠ ᠬᠠᠤᠯᠢ ᠬᠡᠷᠡᠭᠵᠢᠭᠦᠯᠭᠦ ᠠᠮᠤᠷ ᠲᠦᠪᠰᠢᠨ ᠤ ᠬᠠᠮᠳᠤᠷᠠᠯᠴᠠᠭ᠎ᠠ ᠪᠠᠨ ᠴᠢᠨᠠᠬᠰᠢᠳᠠ ᠴᠢᠩᠭ᠋ᠠᠳᠬᠠᠨ᠂ ᠬᠤᠶᠠᠷ ᠤᠯᠤᠰ ᠤᠨ ᠠᠮᠤᠷ ᠲᠤᠬᠳᠠᠭᠤᠨ᠂ ᠴᠡᠴᠡᠭᠯᠡᠯᠳᠡ ᠬᠦᠭ᠍ᠵᠢᠯᠳᠡ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠲᠤᠷᠠᠳᠠᠢ ᠪᠠᠶᠢᠨ᠎ᠠ ᠬᠡᠪᠡ᠃

    ᠮᠤᠩᠭᠤᠯ ᠤᠯᠤᠰ ᠤᠨ ᠬᠠᠤᠯᠢ ᠴᠠᠭᠠᠵᠠ ᠲᠤᠳᠤᠭᠠᠳᠦ ᠶᠠᠪᠤᠳᠠᠯ ᠤᠨ ᠶᠠᠮᠤᠨ᠂ ᠬᠢᠯᠢ ᠶᠢᠨ ᠬᠠᠮᠠᠭᠠᠯᠠᠯᠳᠠ ᠶᠢᠨ ᠶᠡᠷᠦᠩᠬᠡᠢ ᠲᠤᠪᠴᠢᠶ᠎ᠠ᠂ ᠰᠢᠭᠦᠭᠦ ᠬᠤᠷᠢᠶ᠎ᠠ᠂ ᠴᠠᠬᠳᠠᠭ᠎ᠠ ᠶᠢᠨ ᠶᠡᠷᠦᠩᠬᠡᠢ ᠲᠤᠪᠴᠢᠶ᠎ᠠ᠂ ᠬᠠᠤᠯᠢ ᠴᠠᠭᠠᠵᠠ ᠶᠢᠨ ᠶᠡᠭᠡ ᠰᠤᠷᠭᠠᠭᠤᠯᠢ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠳ᠂ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠦᠸᠧ ᠶᠦᠩ ᠭᠠᠩ᠂ ᠮᠠ ᠮᠢᠩ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠭᠤᠯᠵᠠᠯᠳᠠ ᠳᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120950479