蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠵᠤ ᠠᠬᠤᠢ ᠶᠢᠨ ᠵᠦᠪᠯᠡᠯ ᠤᠨ ᠲᠤᠰᠬᠠᠢ ᠰᠡᠳᠦᠪᠳᠤ ᠪᠠᠶᠢᠴᠠᠭᠠᠨ ᠰᠤᠳᠤᠯᠬᠤ ᠲᠤᠭᠤᠢᠢᠯᠠᠩ ᠤᠨ ᠬᠢᠨ ᠲᠠᠢ ᠠᠭᠤᠯᠵᠠᠪᠠ

2017-05-16 17:18

    5 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠦᠬᠡᠬᠤᠳᠠ ᠳᠤ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠩᠭ᠋ᠤ ᠶᠢᠨ ᠬᠡᠰᠢᠭᠦᠨ᠂ ᠠᠵᠤ ᠠᠬᠤᠢ ᠶᠢᠨ ᠵᠦᠪᠯᠡᠯ ᠤᠨ ᠲᠡᠳ᠋ ᠡᠷᠬᠢᠯᠡᠭᠴᠢ ᠫᠧᠩ ᠰᠢᠶᠤᠤ ᠹᠧᠩ ᠢᠶᠠᠷ ᠲᠤᠭᠤᠢᠢᠯᠠᠩ ᠤᠨ ᠲᠠᠷᠤᠭ᠎ᠠ ᠪᠤᠯᠭᠠᠬᠰᠠᠨ 《ᠠᠵᠤ ᠠᠬᠤᠢᠢᠯᠠᠯ ᠤᠨ ᠡᠳ᠋ ᠤᠨ ᠶᠠᠪᠤᠳᠠᠯ ᠤᠨ ᠬᠦᠰᠢᠭᠦᠷᠭᠡ ᠶᠢᠨ ᠨᠤᠷᠮ᠎ᠠ ᠶᠢ ᠪᠠᠭᠤᠷᠠᠭᠤᠯᠵᠤ᠂ ᠤᠷᠤᠨ ᠨᠤᠳᠤᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠠᠵᠢᠯᠯᠠᠭ᠎ᠠ ᠶᠢ ᠵᠢᠷᠤᠮᠵᠢᠭᠤᠯᠬᠤ》 ᠲᠤᠰᠬᠠᠢ ᠰᠡᠳᠦᠪᠳᠤ ᠪᠠᠶᠢᠴᠠᠭᠠᠨ ᠰᠤᠳᠤᠯᠬᠤ ᠲᠤᠭᠤᠢᠢᠯᠠᠩ ᠤᠨ ᠬᠢᠨ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠮᠦᠩᠭᠦᠨ ᠬᠦᠢᠯᠭᠡᠭᠡᠨ ᠡᠳ᠋ ᠤᠨ ᠵᠠᠰᠠᠭ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠬᠡᠶᠢᠯᠡᠨ ᠨᠠᠮᠳᠠᠭᠤᠯᠬᠤ᠂ ᠠᠵᠤ ᠠᠬᠤᠢᠢᠯᠠᠯ ᠤᠨ ᠡᠳ᠋ ᠤᠨ ᠶᠠᠪᠤᠳᠠᠯ ᠤᠨ ᠬᠦᠰᠢᠭᠦᠷᠭᠡ ᠶᠢᠨ ᠨᠤᠷᠮ᠎ᠠ ᠶᠢ ᠪᠠᠭᠤᠷᠠᠭᠤᠯᠬᠤ᠂ ᠤᠷᠤᠨ ᠨᠤᠳᠤᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠠᠵᠢᠯᠯᠠᠭ᠎ᠠ ᠶᠢ ᠵᠢᠷᠤᠮᠵᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠬᠦᠨᠵᠡᠭᠡᠢ ᠰᠤᠯᠢᠯᠴᠠᠵᠠᠢ᠃

    ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠵᠢᠶᠠᠨ ᠮᠢᠨ᠂ ᠯᠦᠸᠧ ᠶᠦᠩ ᠭᠠᠩ᠂ ᠯᠢᠶᠠᠩ ᠲᠢᠶᠸ ᠴᠧᠩ ᠪᠠ ᠪᠠᠶᠢᠴᠠᠭᠠᠨ ᠰᠤᠳᠤᠯᠬᠤ ᠲᠤᠭᠤᠢᠢᠯᠠᠩ ᠤᠨ ᠪᠦᠷᠢᠯᠳᠦᠭᠦᠨ ᠰᠢᠶᠠᠩ ᠽᠦᠩ ᠰᠢ᠂ ᠵᠠᠩ ᠽᠦᠸᠧ ᠵᠢᠢ᠂ ᠶᠦᠨ ᠬᠦᠩ ᠮᠢᠨ᠂ ᠰᠢᠤᠢ ᠢ ᠹᠠᠨ᠂ ᠵᠤᠤ ᠯᠢᠨ᠂ ᠸᠠᠩ ᠭᠤᠸᠠᠩ ᠴᠢᠶᠠᠨ᠂ ᠫᠧᠩ ᠯᠢ ᠸᠧᠨ ᠨᠠᠷ ᠠᠭᠤᠯᠵᠠᠯᠳᠠ  ᠳᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120982463