蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠸᠩ ᠬᠠᠭᠤᠴᠢᠨ ᠪᠠᠷᠭᠤ ᠬᠤᠰᠢᠭᠤᠨ ᠤ ᠨᠠᠵᠢ ᠤᠢ ᠰᠢᠭᠤᠢ ᠶᠢᠨ ᠲᠠᠯᠠᠪᠠᠢ ᠶᠢᠨ 5.17 ᠤ ᠲᠦᠢᠮᠡᠷ ᠤᠨ ᠭᠠᠮᠰᠢᠭ ᠡᠴᠡ ᠠᠪᠤᠷᠠᠬᠤ ᠠᠵᠢᠯᠯᠠᠭ᠎ᠠ ᠳᠤ ᠵᠢᠭᠠᠪᠤᠷᠢ ᠦᠭ᠍ᠪᠡ

2017-05-18 12:00

    5 ᠰᠠᠷ᠎ᠠ ᠶᠢᠨ 17 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠯᠦᠨ ᠪᠤᠶᠢᠷ ᠬᠤᠲᠠ ᠶᠢᠨ ᠬᠠᠭᠤᠴᠢᠨ ᠪᠠᠷᠭᠤ ᠬᠤᠰᠢᠭᠤᠨ ᠤ ᠨᠠᠵᠢ  ᠤᠢ ᠰᠢᠭᠤᠢ ᠶᠢᠨ ᠲᠠᠯᠠᠪᠠᠢ ᠳᠤ ᠲᠦᠢᠮᠡᠷ ᠭᠠᠷᠪᠠ᠃ ᠲᠦᠮᠡᠷ ᠭᠠᠷᠤᠭᠰᠠᠨ ᠤ ᠳᠠᠷᠠᠭ᠎ᠠ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠲᠡᠭᠡᠲᠤ ᠬᠡᠮᠵᠢᠶ᠎ᠠ ᠪᠡᠷ ᠴᠢᠬᠤᠯᠠᠴᠢᠯᠠᠵᠤ᠂ ᠲᠡᠷᠡ ᠳᠠᠷᠤᠢ ᠳᠤᠨᠢ ᠵᠢᠭᠠᠪᠤᠷᠢ ᠦᠭ᠍ᠪᠠ᠃

    ᠯᠢ ᠵᠢᠢ ᠾᠧᠩ ᠵᠢᠭᠠᠪᠤᠷᠢ ᠳᠤ ᠪᠡᠨ᠂ ᠬᠠᠭᠤᠴᠢᠨ ᠪᠠᠷᠭᠤ ᠬᠤᠰᠢᠭᠤᠨ ᠤ ᠨᠠᠵᠢ ᠤᠢ ᠰᠢᠭᠤᠢ ᠶᠢᠨ 5.17 ᠤ ᠲᠦᠢᠮᠡᠷ ᠤᠨ ᠭᠠᠮᠰᠢᠭ ᠡᠴᠡ ᠠᠪᠤᠷᠠᠨ ᠲᠤᠰᠠᠯᠠᠬᠤ ᠠᠵᠢᠯ ᠢ ᠲᠡᠭᠡᠲᠤ ᠬᠡᠮᠵᠢᠶ᠎ᠠ ᠪᠡᠷ ᠴᠢᠬᠤᠯᠠᠴᠢᠯᠠᠵᠤ᠂ ᠲᠦᠢᠮᠡᠷ ᠡᠴᠡ ᠠᠪᠤᠷᠠᠨ ᠲᠤᠰᠠᠯᠠᠬᠤ ᠬᠦᠴᠦᠨ ᠢ ᠵᠤᠬᠢᠶᠠᠨ ᠪᠠᠶᠢᠭᠤᠯᠤᠨ᠂ ᠪᠦᠬᠦ ᠬᠦᠴᠦᠨ ᠢᠶᠡᠷ ᠢᠶᠡᠨ ᠴᠢᠷᠮᠠᠶᠢᠵᠤ᠂ ᠲᠦᠢᠮᠡᠷ ᠢ ᠳᠠᠷᠤᠢ ᠲᠦᠷᠭᠡᠨ ᠤᠨᠲᠠᠷᠠᠭᠠᠬᠤ ᠬᠡᠷᠡᠭᠲᠠᠢ᠃ ᠰᠢᠨᠵᠢᠯᠠᠬᠦ ᠤᠬᠠᠭᠠᠨᠴᠢ ᠠᠪᠤᠷᠠᠨ ᠲᠤᠰᠠᠯᠠᠬᠤ ᠠᠷᠭ᠎ᠠ ᠪᠤᠳᠤᠯᠭ᠎ᠠ ᠠᠪᠴᠤ᠂ ᠲᠦᠢᠮᠡᠷ ᠤᠨᠳᠠᠷᠠᠭᠠᠭᠰᠠᠳ ᠤᠨ ᠠᠶᠤᠯᠭᠦᠢ ᠶᠢ ᠪᠠᠳᠤᠯᠠᠬᠤ ᠬᠡᠷᠡᠭᠳᠡᠢ ᠭᠡᠵᠤ ᠱᠠᠭᠠᠷᠳᠠᠪᠠ᠃ ᠯᠢ ᠵᠢᠢ ᠾᠧᠩ᠂ ᠰᠡᠭᠦᠯ ᠤᠨ ᠦᠶ ᠠ ᠳᠤ᠂ ᠠᠭᠠᠷ ᠤᠨ ᠳᠤᠯᠠᠭᠠᠨ ᠦᠨᠳᠦᠷ ᠭᠠᠩ ᠬᠠᠭᠤᠷᠠᠢ ᠰᠠᠯᠬᠢ ᠶᠡᠬᠡᠲᠠᠢ ᠪᠠᠶᠢᠵᠤ᠂ ᠵᠢᠵᠢᠭᠦᠷᠯᠡᠬᠦ ᠪᠤᠯᠤᠨ ᠬᠠᠷᠠᠭᠤᠯ ᠵᠤᠭᠰᠤᠬᠤ ᠠᠵᠢᠯ ᠢ ᠤᠯᠠᠮ ᠴᠢᠨᠠᠭᠰᠢᠲᠠ ᠴᠢᠩᠭ᠋ᠠᠳᠬᠠᠨ᠂ ᠬᠦᠨᠲᠤ ᠶᠡᠬᠡ ᠤᠢ ᠰᠢᠭᠤᠢ ᠲᠠᠯ᠎ᠠ ᠨᠤᠲᠤᠭ ᠤᠨ ᠲᠦᠢᠮᠡᠷ ᠤᠨ ᠭᠠᠮᠰᠢᠭ ᠲᠠᠬᠢᠨ ᠡᠭᠦᠰᠬᠦ ᠶᠢ ᠰᠡᠷᠭᠡᠶᠢᠯᠠᠨ᠂ ᠢᠷᠭᠡᠳ ᠤᠨ ᠠᠮᠢ ᠨᠠᠰᠤ ᠡᠳ᠋ ᠬᠦᠷᠦᠩᠬᠡ ᠶᠢᠨ ᠠᠶᠤᠯᠭᠦᠢ ᠶᠢ ᠪᠠᠲᠤᠯᠠᠬᠤ ᠬᠡᠷᠡᠭᠲᠠᠢ ᠬᠡᠵᠤ ᠴᠢᠬᠤᠯᠠᠴᠢᠯᠠᠪᠠ᠃

    ᠯᠢ ᠵᠢᠢ ᠾᠧᠩ ᠪᠠᠰᠠ ᠦᠪᠦᠷ ᠮᠣᠩᠭᠣᠯ ᠤᠨ ᠦᠪᠡᠷᠲᠡᠭᠡᠨ ᠵᠠᠰᠠᠬ ᠤᠷᠤᠨ  ᠤ ᠭᠠᠯ  ᠰᠡᠷᠭᠡᠶᠢᠯᠡᠬᠦ ᠠᠯᠪᠠᠨ ᠭᠡᠷ᠂ ᠬᠦᠯᠦᠨ ᠪᠤᠶᠢᠷ ᠬᠤᠲᠠ ᠶᠢᠨ ᠵᠠᠰᠠᠭ ᠤᠨ ᠤᠷᠳᠤᠨ ᠪᠤᠯᠤᠨ ᠶᠡᠬᠡ ᠬᠢᠩᠭ᠋ᠠᠨ ᠳᠠᠪᠠᠭᠠᠨ ᠤ ᠤᠢ ᠰᠢᠭᠤᠢ ᠶᠢ ᠬᠢᠨᠠᠨ ᠬᠠᠮᠢᠶᠠᠷᠬᠤ ᠲᠤᠪᠴᠢᠶ᠎ᠠ ᠶᠢᠨ ᠭᠤᠤᠯ ᠬᠠᠷᠢᠭᠤᠴᠠᠯᠭᠠᠲᠠᠳ ᠲᠤ ᠲᠤᠰᠬᠠᠶᠢᠯᠠᠨ ᠤᠲᠠᠰᠤᠳᠠᠵᠤ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠃ ᠨᠢᠭᠡ ᠳᠤ᠂ ᠠᠪᠤᠷᠠᠨ ᠲᠤᠰᠠᠯᠠᠬᠤ ᠬᠦᠴᠦᠨ ᠢ ᠴᠢᠩᠭ᠋ᠠᠳᠬᠠᠵᠤ᠂ ᠲᠦᠢᠮᠡᠷ ᠢ ᠲᠦᠷᠭᠡᠨ ᠰᠢᠭᠤᠷᠬᠠᠢ ᠤᠨᠲᠠᠷᠠᠭᠠᠬᠤ᠃ ᠬᠤᠶᠠᠷ ᠲᠤ᠂ ᠰᠢᠨᠵᠢᠯᠡᠬᠦ ᠤᠬᠠᠭᠠᠨᠴᠢ ᠪᠡᠷ ᠠᠪᠤᠷᠠᠨ ᠲᠤᠰᠠᠯᠠᠵᠤ᠂ ᠠᠮᠤᠷ ᠲᠦᠪᠰᠢᠨ ᠢ ᠠᠩᠬᠠᠷᠬᠤ᠃ ᠭᠤᠷᠪᠠ ᠳᠤ᠂ ᠴᠢᠩᠭ᠋᠎ᠠ ᠰᠡᠷᠭᠡᠶᠢᠯᠡᠨ ᠰᠠᠬᠢᠵᠤ᠂ ᠲᠦᠢᠮᠡᠷ ᠤᠨ ᠰᠤᠷᠪᠤᠯᠵᠢ ᠶᠢᠨ ᠬᠢᠵᠠᠭᠠᠷᠯᠠᠯ ᠬᠠᠮᠢᠶᠠᠷᠤᠯᠲᠠ ᠪᠡᠨ ᠤᠯᠠᠮ ᠴᠢᠨᠠᠭᠰᠢᠲᠠ ᠴᠢᠩᠭ᠋ᠠᠳᠬᠠᠨ᠂ ᠬᠠᠷᠢᠭᠤᠴᠠᠯᠭ᠎ᠠ ᠶᠢ ᠡᠯ᠎ᠠ ᠤᠢ ᠰᠢᠭᠤᠢ ᠶᠢᠨ ᠲᠤᠪᠴᠢᠶ᠎ᠠ ᠶᠢᠨ ᠡᠯ᠎ᠠ ᠤᠢ ᠰᠢᠭᠤᠢ ᠶᠢᠨ ᠲᠠᠯᠠᠪᠠᠢ ᠶᠢᠨ ᠬᠠᠷᠢᠭᠤᠴᠠᠯᠭᠠᠲᠠᠳ ᠲᠤ ᠨᠠᠶᠢᠳᠠᠪᠤᠷᠢᠵᠢᠭᠤᠯᠤᠨ᠎ᠠ ᠬᠡᠰᠡᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠬᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120994332