蒙古文网站Logo
ᠰᠢᠨᠬᠤᠸᠠ ᠮᠤᠩᠭ᠋ᠤᠯ ᠨᠧᠲ

ᠠᠵᠤ ᠠᠬᠤᠢ ᠶᠢᠨ ᠡᠷᠡᠬᠦᠯ ᠲᠤᠭᠲᠠᠭᠤᠨ ᠬᠦᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ 《ᠨᠢᠭᠡ ᠪᠦᠰᠡ ᠨᠢᠭᠡ ᠵᠠᠮ》  ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠠᠢ ᠦᠢᠯᠡᠴᠢᠯᠠᠵᠤ ᠠᠭᠤᠰᠤᠯᠴᠠᠬᠤ ᠬᠡᠷᠡᠭᠲᠠᠢ

2017-05-18 14:52

    5 ᠰᠠᠷ᠎ᠠ ᠶᠢᠨ 16  ᠤ᠋ ᠦᠳᠡ ᠶᠢᠨ ᠬᠤᠶᠢᠨ᠎ᠠ᠂ ᠦᠪᠦᠷ ᠮᠤᠩᠭ᠋ᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠪᠠᠶᠢᠩᠭ᠋ᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ ᠪᠠᠶᠢᠩᠭ᠋ᠤ ᠶᠢᠨ ᠬᠤᠷᠢᠶ᠎ᠠ ᠶᠢᠨ ᠬᠤᠷᠠᠯ ᠳᠡᠭᠡᠷᠡᠬᠢ ᠲᠦᠷᠦᠭᠦᠦ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠲᠤᠬᠠᠢ ᠴᠢᠬᠤᠯᠠ ᠶᠠᠷᠢᠶ᠎ᠠ ᠶᠢ ᠤᠯᠠᠮᠵᠢᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠡᠷᠬᠢᠯᠡᠵᠡᠢ᠃

    ᠬᠤᠷᠠᠯ ᠠᠴᠠ ᠵᠢᠭᠠᠵᠤ ᠭᠠᠷᠭᠠᠬᠰᠠᠨ ᠨᠢ᠂ ᠡᠨᠡ ᠵᠢᠯ ᠠᠴᠠ ᠨᠠᠰᠢ᠂ ᠪᠦᠬᠦ ᠲᠡᠯᠡᠬᠡᠢ ᠶᠢᠨ ᠠᠵᠤ ᠠᠬᠤᠢ ᠶᠢᠨ ᠰᠡᠷᠭᠦᠯᠳᠡ ᠬᠦᠴᠦᠨ ᠮᠡᠬᠦᠰᠳᠡᠵᠦ ᠪᠠᠶᠢᠭ᠎ᠠ ᠪᠠᠶᠢᠳᠠᠯ ᠲᠤᠤᠷ᠎ᠠ᠂ ᠮᠠᠨ ᠤ ᠤᠯᠤᠰ ᠤᠨ ᠠᠵᠤ ᠠᠬᠤᠢ ᠶᠢᠨ ᠡᠷᠬᠢᠯᠳᠡ ᠲᠤᠬᠳᠠᠭᠤᠨ ᠤ ᠲᠤᠮᠳᠠ ᠰᠠᠶᠢᠵᠢᠷᠠᠵᠤ᠂ ᠰᠠᠶᠢᠨ ᠰᠠᠶᠢᠬᠠᠨ ᠡᠬᠢᠯᠡᠯᠳᠡ ᠶᠢ ᠪᠡᠶᠡᠯᠡᠭᠦᠯᠵᠤ᠂ 《ᠠᠳᠡᠬᠢ ᠦᠩᠭᠡ ᠦᠵᠡᠮᠵᠢ ᠡᠳᠡᠭᠡᠳ ᠭᠤᠶᠤ》 ᠪᠠᠶᠢᠳᠠᠯ ᠢᠯᠡᠷᠡᠪᠡ᠂ ᠡᠨᠡ ᠨᠢ ᠨᠠᠮ ᠤᠨ ᠲᠦᠪ ᠬᠤᠷᠢᠶ᠎ᠠ ᠶᠢᠨ ᠴᠢᠭᠯᠡᠯᠳᠡ ᠲᠦᠷᠦ ᠶᠢᠨ ᠪᠤᠳᠤᠯᠭ᠎ᠠ ᠪᠠ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠪᠦᠷᠢᠮᠦᠰᠦᠨ ᠵᠦᠪ ᠬᠡᠳᠡᠭ ᠢ ᠬᠦᠢᠴᠡᠳ ᠬᠡᠷᠡᠴᠢᠯᠡᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠦᠪᠡᠭ᠌ ᠪᠤᠳᠤᠯᠢᠶᠠᠨᠳᠠᠢ ᠪᠠᠶᠢᠳᠠᠯ ᠢ ᠡᠵᠡᠮᠳᠡᠵᠤ᠂ ᠠᠵᠤ ᠠᠬᠤᠢ ᠨᠡᠶᠢᠭᠡᠮ ᠤᠨ ᠬᠦᠭ᠍ᠵᠢᠯᠳᠡ ᠶᠢ ᠤᠳᠤᠷᠢᠳᠬᠤ ᠭᠠᠷᠮᠠᠭᠠᠢ ᠴᠢᠳᠠᠪᠤᠷᠢ ᠪᠤᠯᠤᠨ ᠦᠨᠳᠦᠷ ᠲᠦᠪᠰᠢᠨ ᠢ ᠨᠢ ᠬᠦᠢᠴᠡᠳ ᠢᠯᠡᠷᠡᠭᠦᠯᠵᠦ ᠪᠠᠶᠢᠨ᠎ᠠ ᠬᠡᠵᠡᠢ᠃

    ᠬᠤᠷᠠᠯ ᠠᠴᠠ ᠵᠢᠭᠠᠵᠤ ᠭᠠᠷᠭᠠᠬᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠳᠦ ᠴᠢᠨᠠᠷ᠂ ᠴᠢᠭᠯᠡᠭᠦᠯᠦᠯᠳᠦ ᠴᠢᠨᠠᠷ ᠪᠠ ᠵᠢᠯᠤᠭᠤᠳᠬᠤ ᠴᠢᠨᠠᠷ ᠲᠠᠢ᠃ ᠳᠡᠷᠡ ᠨᠢ ᠮᠠᠨ ᠤ ᠤᠳᠤᠬᠠᠨ ᠤ ᠠᠵᠤ ᠠᠬᠤᠢ ᠶᠢᠨ ᠪᠠᠶᠢᠳᠠᠯ ᠢ ᠵᠦᠪ ᠡᠵᠡᠮᠰᠢᠵᠤ᠂ ᠲᠠᠷᠠᠭᠠᠴᠢ ᠶᠢᠨ ᠱᠠᠳᠤᠨ ᠤ ᠠᠵᠤ ᠠᠬᠤᠢ ᠶᠢᠨ ᠠᠵᠢᠯ ᠢ ᠰᠠᠶᠢᠳᠤᠷ ᠬᠢᠭᠦ ᠳᠤ ᠦᠵᠡᠯ ᠰᠠᠨᠠᠭᠠᠨ ᠤ ᠵᠢᠯᠤᠭᠤᠳᠤᠯᠭ᠎ᠠ ᠪᠤᠯᠤᠨ ᠠᠵᠢᠯᠯᠠᠭ᠎ᠠ ᠶᠢᠨ ᠵᠦᠭᠯᠡᠭᠦᠷ ᠬᠠᠩᠭ᠋ᠠᠵᠠᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠦᠵᠡᠯ ᠰᠠᠨᠠᠭ᠎ᠠ ᠪᠠ ᠲᠠᠨᠢᠯᠳᠠ ᠪᠠᠨ ᠦᠨᠡᠨᠭᠦ ᠨᠠᠮ ᠤᠨ ᠲᠦᠪ ᠬᠤᠷᠢᠶ᠎ᠠ ᠶᠢᠨ ᠤᠳᠤᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠭᠦ ᠤᠬᠠᠭᠠᠨᠴᠢ ᠮᠠᠭᠠᠳᠯᠠᠯᠳᠠ ᠲᠡᠭᠡᠷ᠎ᠡ ᠨᠢᠭᠡᠳᠭᠡᠵᠤ᠂ ᠠᠵᠤ ᠠᠬᠤᠢ ᠶᠢᠨ ᠠᠵᠢᠯ ᠢ ᠨᠡᠩ ᠤᠶᠤᠨᠴᠢ ᠪᠠᠷ ᠪᠤᠳᠠᠳᠠᠢ ᠶᠢ ᠡᠷᠬᠢᠮᠯᠡᠨ ᠰᠠᠶᠢᠳᠤᠷ ᠬᠢᠵᠤ᠂ ᠮᠠᠨ ᠤ ᠤᠷᠤᠨ ᠤ ᠠᠵᠤ ᠠᠬᠤᠢ ᠶᠢᠨ ᠲᠤᠬᠳᠠᠭᠤᠨ ᠤ ᠲᠤᠮᠳᠠ ᠤᠷᠤᠬᠰᠢᠯᠠᠵᠤ᠂ ᠲᠤᠬᠳᠠᠭᠤᠨ ᠤ ᠲᠤᠮᠳᠠ ᠰᠠᠶᠢᠵᠢᠷᠠᠬᠤ ᠬᠠᠨᠳᠤᠰᠢ ᠶᠢ ᠪᠠᠳᠤᠯᠠᠨ ᠪᠠᠬᠢᠵᠢᠭᠦᠯᠭᠦ ᠬᠡᠷᠡᠭᠳᠡᠢ ᠬᠡᠪᠡ᠃

    ᠬᠤᠷᠠᠯ ᠠᠴᠠ ᠴᠢᠬᠤᠯᠠᠴᠢᠯᠠᠬᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠤᠳᠤᠬᠠᠨ ᠤ ᠠᠵᠤ ᠠᠬᠤᠢ ᠶᠢᠨ ᠠᠵᠢᠯ ᠢ ᠰᠠᠶᠢᠳᠤᠷ ᠬᠢᠭᠦ ᠲᠤᠬᠠᠢ ᠴᠢᠬᠤᠯᠠ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠨᠠᠮ ᠤᠨ ᠲᠦᠪ ᠬᠤᠷᠢᠶ᠎ᠠ ᠶᠢᠨ ᠴᠢᠭᠯᠡᠯᠳᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠭᠦ ᠴᠢᠳᠠᠪᠤᠷᠢ ᠪᠤᠯᠤᠨ ᠲᠦᠪᠰᠢᠨ ᠢᠶᠠᠨ ᠲᠡᠭᠡᠭ᠍ᠰᠢᠯᠡᠭᠦᠯᠭᠦ ᠶᠢ ᠪᠠᠷᠢᠮᠳᠠᠯᠠᠬᠤ ᠶᠢ 《 ᠲᠦᠷᠪᠡᠨ ᠤᠬᠠᠮᠰᠠᠷ》 ᠢᠶᠡᠨ  ᠴᠢᠩᠭ᠋ᠠᠷᠠᠭᠤᠯᠬᠤ᠂ ᠨᠠᠮ ᠤᠨ ᠲᠦᠪ ᠬᠤᠷᠢᠶ᠎ᠠ ᠲᠠᠢ ᠨᠢᠭᠡᠳᠦᠯᠳᠡᠢ ᠪᠠᠶᠢᠬᠤ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠬᠠᠮᠠᠭᠠᠯᠠᠬᠤ ᠪᠤᠳᠠᠳᠣ ᠢᠯᠡᠷᠡᠯ ᠢᠶᠠᠨ ᠪᠤᠯᠭᠠᠵᠤ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠭᠦ ᠤᠪᠤᠷ ᠪᠠ ᠬᠠᠳᠠᠭᠠᠰᠦ ᠬᠠᠳᠠᠬᠤ ᠵᠤᠷᠢᠭ ᠰᠠᠨᠠᠭ᠎ᠠ ᠪᠠᠷ ᠲᠦᠪ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠵᠤ ᠦᠷ᠎ᠠ ᠪᠦᠳᠦᠮᠵᠢ ᠭᠠᠷᠭᠠᠬᠤ ᠶᠢ ᠠᠬᠢᠭᠤᠯᠬᠤ ᠬᠡᠷᠡᠭᠳᠡᠢ᠃ ᠬᠠᠩᠭ᠋ᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠵᠤ᠂ ᠪᠤᠳᠠᠳᠤ ᠴᠤᠬᠴᠠ ᠶᠢᠨ ᠠᠵᠤ ᠠᠬᠤᠢ ᠶᠢ ᠮᠠᠨᠳᠤᠭᠤᠯᠬᠤ᠂ ᠪᠦᠳᠦᠴᠡ ᠶᠢᠨ ᠲᠤᠬᠢᠷᠠᠭᠤᠯᠤᠯᠳᠠ ᠶᠢ ᠠᠬᠢᠭᠤᠯᠬᠤ ᠲᠠᠯ᠎ᠠ ᠪᠠᠷ ᠲᠠᠰᠤᠷᠠᠯᠳᠠ ᠦᠭᠡᠢ ᠰᠢᠨ᠎ᠠ ᠠᠬᠢᠴᠠ ᠲᠠᠢ ᠪᠣᠯᠭᠠᠵᠣ ᠰᠢᠨ᠎ᠠ ᠰᠢᠪᠳᠤᠯᠤᠯᠳᠠ ᠭᠠᠷᠭᠠᠬᠤ ᠬᠡᠷᠡᠭᠳᠡᠢ᠃ ᠪᠤᠳᠠᠳᠠᠢ ᠠᠴᠠ ᠪᠠᠨ ᠡᠭᠦᠰᠴᠤ ᠠᠵᠢᠯ ᠢᠶᠠᠨ ᠪᠦᠳᠦᠭᠡᠯᠴᠢ ᠪᠠᠷ ᠦᠷᠨᠢᠭᠦᠯᠵᠤ᠂ ᠺᠠᠳ᠋ᠷ ᠤᠯᠠᠨ ᠲᠦᠮᠡᠨ ᠤ ᠢᠳᠡᠪᠭᠢᠵᠢᠯ᠂ ᠰᠠᠨᠠᠭᠠᠴᠢᠯᠠᠭᠠᠳᠦ ᠴᠢᠨᠠᠷ ᠪᠤᠯᠤᠨ ᠪᠦᠳᠦᠭᠡᠯᠴᠢ ᠴᠢᠨᠠᠷ ᠢ ᠬᠦᠢᠴᠡᠳ ᠲᠠᠶᠢᠴᠢᠯᠡᠵᠤ᠂ ᠠᠵᠢᠯ ᠬᠢᠵᠤ ᠦᠢᠯᠡᠰ ᠪᠤᠰᠬᠠᠬᠤ ᠠᠭᠤᠵᠢᠭᠤ ᠲᠠᠯᠪᠢᠭᠤ ᠤᠷᠴᠢᠨ ᠲᠤᠭᠤᠷᠢᠨ ᠪᠠ ᠦᠳᠭᠡᠨ ᠵᠣᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ᠃ ᠠᠵᠤ ᠠᠬᠤᠢ ᠶᠢᠨ ᠡᠷᠬᠢᠯᠳᠡ ᠳᠠᠬᠢ ᠲᠦᠰᠦᠭᠡᠯᠡᠯᠳᠡ ᠰᠡᠷᠡᠮᠵᠢᠯᠡᠭᠦᠯᠦᠯ ᠢ ᠴᠢᠩᠭᠠᠳᠬᠠᠵᠤ᠂ ᠢᠯᠡᠷᠡᠵᠦ ᠪᠠᠶᠢᠭ᠎ᠠ ᠪᠠ ᠬᠡᠯᠪᠡᠷᠢᠯ ᠤᠨ ᠴᠢᠨᠠᠷᠳᠠᠢ ᠠᠰᠠᠭᠤᠳᠠᠯ ᠢ ᠳᠡᠭᠡᠳᠦ ᠬᠡᠮᠵᠢᠶ᠎ᠡ ᠪᠠᠷ ᠬᠦᠨᠳᠦᠳᠭᠡᠨ ᠪᠦᠳᠦᠮᠵᠢᠳᠡᠢ ᠰᠡᠷᠭᠡᠶᠢᠯᠡᠵᠦ᠂ ᠠᠵᠤ ᠠᠬᠤᠢ ᠶᠢᠨ ᠡᠷᠡᠭᠦᠯ ᠲᠤᠬᠳᠠᠭᠤᠨ ᠢᠶᠠᠷ ᠬᠦᠭ᠍ᠵᠢᠭᠦ ᠪᠠ ᠨᠡᠶᠢᠭᠡᠮ ᠤᠨ ᠡᠶ᠎ᠡ ᠵᠤᠬᠢᠴᠠᠩᠭ᠋ᠤᠢ ᠲᠤᠬᠳᠠᠭᠤᠨ ᠢ ᠪᠠᠳᠤᠯᠠᠬᠤ ᠬᠡᠷᠡᠭᠳᠡᠢ ᠬᠡᠵᠡᠢ᠃

    ᠬᠤᠷᠠᠯ ᠠᠴᠠ ᠴᠢᠬᠤᠯᠠᠴᠢᠯᠠᠬᠰᠠᠨ ᠨᠢ᠂ ᠶᠡᠷᠦᠩᠬᠡᠢ ᠱᠦᠵᠢ ᠰᠢ ᠶᠢᠨ ᠫᠢᠩ ᠵᠡᠷᠭᠡ ᠲᠦᠪ ᠤᠨ ᠤᠳᠤᠷᠢᠳᠬᠤ ᠨᠦᠬᠦᠳ ᠤᠨ 《 ᠨᠢᠭᠡ ᠪᠦᠰᠡ ᠨᠢᠭᠡ ᠵᠠᠮ》 ᠤ᠋ᠨ ᠣᠯᠠᠨ ᠣᠯᠣᠰ ᠤᠨ ᠬᠠᠮᠳᠤᠷᠠᠯᠴᠠᠭᠠᠨ ᠤ ᠲᠦᠷᠦᠭᠦᠴᠤᠳ ᠤᠨ ᠶᠠᠷᠢᠶᠠᠨ ᠤ ᠲᠠᠪᠴᠠᠩ ᠲᠡᠭᠡᠷᠡᠬᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ 《ᠨᠢᠭᠡ ᠪᠦᠰᠡ ᠨᠢᠭᠡ ᠵᠠᠮ》  ᠤ᠋ᠨ ᠪᠦᠳᠦᠭᠡᠨ ᠪᠠᠶᠢᠭᠤᠯᠤᠯᠳᠠ ᠳᠤ ᠠᠭᠤᠰᠤᠯᠴᠠᠬᠤ ᠬᠠᠷᠠᠯᠳᠠ ᠡᠭᠦᠷᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠪᠠᠨ ᠴᠢᠨᠠᠬᠰᠢᠳᠠ ᠰᠤᠳᠤᠯᠤᠨ ᠲᠡᠭᠦᠯᠳᠡᠷᠵᠢᠭᠦᠯᠵᠤ᠂ ᠤᠮᠠᠷᠠᠰᠢ ᠮᠤᠷᠳᠠᠨ ᠡᠮᠦᠨᠡᠰᠢ ᠪᠠᠭᠤᠬᠤ᠂ ᠵᠡᠬᠦᠨᠰᠢ ᠤᠷᠤᠬᠰᠢᠯᠠᠨ ᠪᠠᠷᠠᠭᠤᠨᠰᠢ ᠵᠤᠷᠴᠢᠬᠤ᠂ ᠲᠤᠳᠤᠷ᠎ᠠ ᠭᠠᠳᠠᠨᠠᠬᠢ ᠲᠠᠢ ᠬᠤᠯᠪᠤᠭᠠᠯᠠᠨ ᠬᠦᠳᠡᠯᠦᠯᠴᠡᠬᠦ᠂ ᠤᠯᠠᠨ ᠲᠠᠯᠠᠳᠤ ᠭᠠᠳᠠᠭᠠᠳᠤ ᠨᠡᠬᠡᠬᠡᠯᠳᠡ ᠬᠢᠬᠦ ᠰᠢᠨ᠎ᠠ ᠪᠠᠶᠢᠷᠢᠰᠢᠯ ᠢ ᠲᠦᠷᠭᠡᠳᠭᠡᠨ ᠴᠤᠬᠴᠠᠯᠠᠵᠤ᠂ 《ᠨᠢᠭᠡ ᠪᠦᠰᠡ ᠨᠢᠭᠡ ᠵᠠᠮ》 ᠋ᠤ᠋ᠨ ᠪᠦᠳᠦᠭᠡᠨ ᠪᠠᠶᠢᠭᠤᠯᠤᠯᠳᠠ ᠳᠤ ᠲᠠᠰᠤᠷᠠᠯᠳᠠ ᠦᠭᠡᠢ ᠰᠢᠨ᠎ᠠ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠳᠡᠢ ᠬᠡᠵᠡᠢ᠃

    ᠬᠤᠷᠠᠯ ᠠᠴᠠ 《ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠶᠤᠯᠭᠦᠢ ᠦᠢᠯᠡᠳᠪᠦᠷᠢᠯᠡᠯ ᠤᠨ ᠲᠦᠷᠢᠮ (ᠵᠠᠰᠠᠪᠤᠷᠢ ᠤᠷᠤᠭᠤᠯᠬᠤ ᠲᠦᠰᠦᠯ ᠳᠤ ᠵᠠᠰᠠᠪᠣᠷᠢ ᠣᠷᠣᠭᠤᠯᠣᠭᠰᠠᠨ ᠨᠤᠤᠷᠠᠭ)》 ᠢ᠋  ᠬᠢᠨᠠᠨ ᠵᠦᠪᠯᠡᠬᠦ ᠳᠡᠭᠡᠨ ᠴᠢᠬᠤᠯᠠᠴᠢᠯᠠᠭᠰᠠᠨ ᠨᠢ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠬᠠᠤᠯᠢ ᠪᠠᠶᠢᠪᠠᠯ ᠡᠷᠬᠡᠪᠰᠢ ᠵᠢᠷᠤᠮᠯᠠᠬᠤ᠂ ᠬᠠᠤᠯᠢ ᠶᠢ ᠡᠷᠬᠡᠪᠰᠢ ᠴᠢᠩᠭ᠋᠎ᠠ ᠬᠡᠷᠡᠭᠵᠢᠭᠦᠯᠬᠦ᠂ ᠬᠠᠤᠯᠢ ᠠᠴᠠ ᠵᠦᠷᠢᠴᠡᠪᠡᠯ ᠵᠠᠪᠠᠯ ᠬᠠᠷᠢᠭᠤᠴᠠᠯᠭ᠎ᠠ ᠨᠡᠭᠡᠮᠵᠢᠯᠡᠭᠦ ᠶᠢ ᠪᠠᠷᠢᠮᠳᠠᠯᠠᠵᠤ᠂ ᠬᠠᠮᠤᠭ ᠤᠨ ᠡᠷᠡᠰ ᠤᠪᠤᠷ᠂ ᠬᠠᠮᠤᠭ ᠤᠨ ᠬᠦᠴᠦᠨ ᠪᠦᠬᠦᠢ ᠠᠷᠭ᠎ᠠ ᠬᠡᠮᠵᠢᠶ᠎ᠠ᠂ ᠬᠠᠮᠤᠭ ᠤᠨ ᠴᠢᠩᠭ᠋᠎ᠠ ᠱᠠᠭᠠᠷᠳᠠᠯᠭ᠎ᠠ ᠪᠠᠷ ᠠᠶᠤᠯᠭᠦᠢ ᠦᠢᠯᠡᠳᠪᠦᠷᠢᠯᠡᠯ ᠭᠡᠰᠡᠨ ᠡᠨᠡᠭᠦ ᠲᠠᠪᠠᠵᠤ ᠪᠤᠯᠬᠤ ᠦᠭᠡᠢ ᠤᠯᠠᠭᠠᠨ ᠱᠤᠭᠤᠮ ᠢ ᠪᠠᠳᠤ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠪᠦᠬᠦ ᠤᠷᠤᠨ ᠤ ᠠᠵᠤ ᠠᠬᠤᠢ ᠨᠡᠶᠢᠭᠡᠮ ᠤᠨ ᠬᠦᠭ᠍ᠵᠢᠯᠳᠡ ᠳᠤ ᠰᠠᠶᠢᠨ ᠰᠠᠶᠢᠬᠠᠨ ᠤᠷᠴᠢᠨ ᠲᠤᠭᠤᠷᠢᠨ ᠡᠭᠦᠳᠦᠨ ᠦᠭᠴᠦ᠂ ᠰᠢᠯᠢᠳᠡᠭ ᠠᠮᠵᠢᠯᠳᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠵᠤ᠂ ᠦᠪᠡᠷᠳᠡᠭᠡᠨ ᠵᠠᠰᠬᠠᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠪᠠ᠃

    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ 

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120994966