蒙古文网站Logo
ᠰᠢᠨᠬᠤᠸᠠ ᠮᠤᠩᠭ᠋ᠤᠯ ᠨᠧᠲ

ᠲᠦᠢᠮᠡᠷ ᠢ ᠲᠠᠷᠤᠢ ᠲᠦᠷᠭᠡᠨ ᠡᠷᠡᠰ ᠲᠦᠢᠯᠪᠤᠷᠢᠲᠠᠢ ᠤᠨᠲᠠᠷᠠᠭᠠᠬᠤ ᠬᠡᠷᠡᠭᠲᠠᠢ

2017-05-19 11:43

    5 ᠰᠠᠷ᠎ᠠ ᠶᠢᠨ 17 ᠤ ᠡᠳᠦᠷ ᠤᠨ 11 ᠴᠠᠭ 50 ᠮᠢᠨᠦ᠋ᠲ ᠲᠤ᠂ ᠬᠦᠯᠦᠨ ᠪᠤᠢᠢᠷ ᠬᠤᠳᠠ ᠶᠢᠨ ᠬᠠᠭᠤᠴᠢᠨ ᠪᠠᠷᠭᠤ ᠬᠤᠰᠢᠭᠤᠨ ᠤ ᠨᠠᠵᠢ ᠤᠢ ᠰᠢᠭᠤᠢ ᠶᠢᠨ ᠲᠠᠯᠠᠪᠠᠢ ᠳ᠋ᠤ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠭᠠᠷᠪᠠ᠃ ᠲᠦᠢᠮᠡᠷ ᠤᠨ ᠪᠠᠢᠢᠳᠠᠯ ᠤᠨ ᠮᠡᠳᠡᠭᠦᠯᠦᠯᠳᠡ ᠶᠢ ᠲᠤᠰᠤᠬᠰᠠᠨ ᠤ ᠲᠠᠷᠠᠭ᠎ᠠ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠴᠤᠬᠤᠯᠠᠪᠤᠷᠢ ᠦᠭᠴᠤ᠂ ᠦᠪᠡᠷᠳᠡᠭᠡᠨ ᠵᠠᠰᠠᠬᠤ ᠤᠷᠤᠨ ᠤ ᠭᠠᠯ ᠢ ᠰᠡᠷᠬᠡᠢᠢᠯᠡᠭᠦ ᠵᠢᠯᠤᠭᠤᠳᠬᠤ ᠭᠠᠵᠠᠷ ᠢ ᠲᠠᠷᠤᠢ ᠲᠦᠷᠭᠡᠨ ᠪᠠᠴᠢᠮ ᠪᠠᠢᠢᠳᠠᠯ ᠢ ᠠᠷᠭᠠᠴᠠᠬᠤ ᠲᠦᠰᠦᠯ ᠢ ᠡᠬᠢᠯᠡᠭᠦᠯᠬᠦ ᠪᠡᠷ ᠱᠠᠭᠠᠷᠳᠠᠬᠰᠠᠨ ᠤ  ᠬᠠᠮᠳᠤ 5 ᠰᠠᠷ᠎ᠠ ᠶᠢᠨ 18 ᠤ ᠡᠳᠦᠷ ᠲᠦᠢᠮᠡᠷ ᠣᠨᠳᠠᠷᠠᠭᠠᠬᠣ ᠡᠮᠦᠨ᠎ᠠ ᠹᠷᠤᠨᠲ ᠲᠤ ᠬᠦᠷᠴᠤ ᠲᠦᠢᠮᠡᠷ ᠢ ᠤᠨᠲᠠᠷᠠᠭᠠᠵᠤ ᠭᠠᠮᠰᠢᠭ ᠡᠴᠡ ᠠᠪᠤᠷᠠᠬᠤ ᠠᠵᠢᠯ ᠢ ᠵᠢᠯᠤᠭᠤᠳᠪᠠ᠃

    ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠪᠠᠢ ᠰᠢᠶᠠᠩ ᠴᠢᠶᠦ᠋ᠨ ᠬᠠᠮᠳᠤ ᠪᠡᠷ ᠲᠦᠢᠮᠡᠷ ᠣᠨᠳᠠᠷᠠᠭᠠᠬᠣ ᠡᠮᠦᠨ᠎ᠠ ᠹᠷᠤᠨᠲ ᠲᠦ ᠲᠦᠢᠮᠡᠷ ᠢ ᠤᠨᠲᠠᠷᠠᠭᠠᠵᠤ ᠭᠠᠮᠰᠢᠭ ᠡᠴᠡ ᠠᠪᠤᠷᠠᠬᠤ ᠠᠵᠢᠯ ᠢ ᠵᠢᠯᠤᠭᠤᠳᠴᠠᠢ᠃

    ᠪᠦ᠋ ᠰᠢᠶᠤᠤ ᠯᠢᠨ ᠬᠦᠯᠦᠨ ᠪᠤᠢᠢᠷ ᠬᠤᠳᠠ ᠵᠢᠨ ᠬᠠᠭᠤᠴᠢᠨ ᠪᠠᠷᠭᠤ ᠬᠤᠰᠢᠭᠤᠨ ᠤ ᠲᠦᠢᠮᠡᠷ ᠢ ᠤᠨᠳᠠᠷᠠᠭᠠᠬᠤ ᠡᠮᠦᠨ᠎ᠠ ᠹᠷᠤᠨᠲ ᠤᠨ ᠵᠢᠯᠤᠭᠤᠳᠬᠤ ᠭᠠᠵᠠᠷ ᠲᠦ ᠬᠦᠷᠴᠤ᠂ ᠣᠳᠣᠬᠠᠨ ᠤ ᠲᠦᠢᠮᠡᠷ ᠤᠨ ᠪᠠᠢᠢᠳᠠᠯ᠂ ᠲᠦᠢᠮᠡᠷ ᠤᠨᠳᠠᠷᠠᠭᠠᠬᠰᠠᠳ ᠢ ᠪᠠᠢᠢᠷᠢᠯᠠᠭᠤᠯᠤᠬᠰᠠᠨ ᠪᠠᠢᠢᠳᠠᠯ ᠪᠠ ᠠᠶᠣᠯ ᠡᠴᠡ ᠠᠪᠤᠷᠠᠬᠤ ᠪᠠᠢᠢᠳᠠᠯ ᠢ ᠨᠠᠷᠢᠨ ᠤᠢᠢᠯᠠᠭᠠᠵᠠᠢ᠃ ᠪᠦ᠋ ᠰᠢᠶᠤᠤ ᠯᠢᠨ ᠱᠠᠭᠠᠷᠳᠠᠬᠰᠠᠨ ᠨᠢ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠨᠦᠬᠦᠳ ᠤᠨ ᠵᠢᠭᠠᠪᠤᠷᠢ ᠪᠤᠯᠤᠨ ᠤᠯᠤᠰ ᠤᠨ ᠤᠢ ᠰᠢᠭᠤᠢ ᠵᠢᠨ ᠭᠠᠯ ᠲᠦᠢᠮᠡᠷ ᠢ ᠰᠡᠷᠬᠡᠢᠢᠯᠡᠭᠦ ᠵᠢᠯᠤᠭᠤᠳᠬᠤ ᠭᠠᠵᠠᠷ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠱᠠᠭᠠᠷᠳᠠᠯᠭ᠎ᠠ ᠶᠢ ᠬᠢᠨᠡᠮᠠᠭᠠᠢ ᠨᠡᠢᠢᠳᠡᠪᠦᠷᠢᠵᠢᠭᠤᠯᠵᠤ᠂ ᠲᠦᠢᠮᠡᠷ ᠤᠨᠳᠠᠷᠠᠭᠠᠬᠤ ᠬᠦᠴᠦᠨ ᠪᠠ ᠲᠦᠭᠦᠭᠡᠷᠦᠮᠵᠢ ᠶᠢ ᠬᠦᠢᠴᠡᠳ ᠲᠤᠬᠢᠷᠠᠭᠤᠯᠵᠤ᠂ ᠪᠦᠬᠦ ᠬᠦᠴᠦᠨ ᠢᠶᠡᠷ ᠢᠶᠡᠨ ᠲᠦᠢᠮᠡᠷ ᠤᠨᠳᠠᠷᠠᠭᠠᠬᠤ ᠲᠠᠢᠢᠯᠠᠯᠳᠤᠭᠠᠨ ᠳ᠋ᠤ ᠤᠷᠤᠯᠴᠠᠬᠤ ᠬᠡᠷᠡᠭᠳᠡᠢ᠃ ᠰᠢᠨᠵᠢᠯᠡᠭᠦ ᠤᠬᠠᠭᠠᠨᠴᠢ ᠪᠡᠷ ᠲᠦᠢᠮᠡᠷ ᠢ ᠤᠨᠳᠠᠷᠠᠭᠠᠨ ᠠᠶᠣᠯ ᠡᠴᠡ ᠠᠪᠤᠷᠠᠵᠤ᠂ ᠬᠠᠮᠤᠭ ᠤᠨ ᠪᠦᠳᠦᠮᠵᠢᠳᠡᠢ ᠠᠷᠭ᠎ᠠ ᠬᠡᠮᠵᠢᠶᠠ ᠠᠪᠴᠤ᠂ ᠠᠯᠢᠪᠠ ᠠᠰᠢᠬ ᠳᠠᠢ ᠲᠤᠬᠢᠶᠠᠯ ᠢ ᠠᠮᠵᠢᠵᠤ᠂ ᠲᠦᠢᠮᠡᠷ ᠤᠨ ᠪᠠᠢᠢᠳᠠᠯ ᠢ ᠡᠵᠡᠮᠳᠡᠨ ᠬᠣᠷᠢᠭᠯᠠᠵᠣ᠂ ᠡᠨᠡᠬᠦ ᠲᠦᠢᠮᠡᠷ ᠢ ᠲᠠᠷᠤᠢ ᠲᠦᠷᠭᠡᠨ ᠡᠷᠡᠰ ᠲᠦᠢᠯᠪᠦᠷᠢᠳᠡᠢ ᠤᠨᠳᠠᠷᠠᠭᠠᠬᠤ ᠬᠡᠷᠡᠭᠳᠡᠢ᠃ ᠠᠮᠤᠷ ᠲᠦᠪᠰᠢᠨ ᠤ ᠰᠡᠷᠬᠡᠢᠢᠯᠡᠯᠳᠡ ᠶᠢ ᠦᠨᠡᠨᠭᠦ ᠴᠢᠩᠭ᠋ᠠᠷᠠᠭᠤᠯᠵᠤ᠂ ᠲᠦᠢᠮᠡᠷ ᠤᠨᠳᠠᠷᠠᠭᠠᠬᠰᠠᠳ ᠪᠠ ᠠᠶᠠᠯᠠᠯ ᠬᠠᠮᠠᠭᠠᠯᠠᠯᠳᠠ ᠶᠢᠨ ᠨᠢᠰᠬᠦ ᠤᠩᠭ᠋ᠤᠴᠠᠨ ᠤ ᠠᠮᠤᠷ ᠲᠦᠪᠰᠢᠨ ᠢ ᠦᠨᠡᠨᠬᠦ ᠪᠠᠳᠤᠯᠠᠬᠤ ᠬᠡᠷᠡᠭᠳᠡᠢ᠃ ᠡᠷᠬᠢᠨ ᠲᠤᠭᠤᠷᠢᠨ ᠤ ᠰᠡᠷᠬᠡᠢᠢᠯᠡᠯᠳᠡ ᠡᠵᠡᠮᠳᠡᠯ ᠢ ᠰᠠᠢᠢᠳᠤᠷ ᠬᠢᠵᠤ᠂ ᠲᠦᠢᠮᠡᠷ ᠤᠨ ᠲᠠᠯᠠᠪᠠᠢ ᠶᠢᠨ ᠡᠷᠬᠢᠨ ᠲᠤᠭᠤᠷᠢᠨ ᠤ ᠤᠯᠠᠨ ᠲᠦᠮᠡᠨ ᠢ ᠲᠠᠷᠬᠠᠭᠠᠨ ᠵᠠᠢᠢᠯᠠᠭᠤᠯᠵᠤ᠂ ᠲᠦᠢᠮᠡᠷ ᠤᠨ ᠦᠷᠭᠡᠳᠬᠦ ᠶᠢ ᠰᠡᠷᠭᠡᠢᠢᠯᠡᠬᠦ ᠬᠡᠷᠡᠭᠳᠡᠢ᠃ ᠴᠠᠭ ᠠᠭᠤᠷ᠂ ᠤᠢ ᠰᠢᠭᠤᠢ᠂ ᠮᠠᠯ ᠠᠵᠤ ᠠᠬᠤᠢ ᠲᠠᠷᠢᠶᠠᠯᠠᠩ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠦᠴᠢᠷ ᠨᠢᠬᠳᠠ ᠬᠠᠮᠵᠢᠯᠴᠠᠵᠤ᠂ ᠲᠦᠢᠮᠡᠷ ᠤᠨᠳᠠᠷᠠᠭᠠᠬᠤ ᠳᠤ ᠦᠢᠯᠡᠴᠢᠯᠡᠭᠦ ᠪᠠ ᠪᠠᠳᠤᠯᠠᠬᠤ ᠠᠵᠢᠯ ᠢ ᠰᠠᠢᠢᠳᠤᠷ ᠬᠢᠭᠦ ᠬᠡᠷᠡᠭᠳᠡᠢ᠃ ᠲᠦᠢᠮᠡᠷ ᠭᠠᠷᠤᠬᠰᠠᠨ ᠰᠢᠯᠳᠠᠭᠠᠨ ᠢ ᠪᠠᠢᠢᠴᠠᠭᠠᠨ ᠲᠤᠳᠤᠯᠠᠵᠤ᠂ ᠬᠠᠤᠯᠢ ᠲᠤᠬᠳᠠᠭᠠᠯ ᠶᠤᠰᠤᠭᠠᠷ ᠬᠠᠷᠢᠭᠤᠴᠠᠯᠭ᠎ᠠ ᠨᠡᠭᠡᠮᠵᠢᠯᠡᠭᠦ ᠬᠡᠷᠡᠭᠳᠡᠢ᠃ ᠮᠡᠳᠡᠭᠡ ᠵᠠᠩᠬᠢ ᠶᠢ ᠴᠠᠭ ᠲᠤᠬᠠᠢ ᠳ᠋ᠤᠨᠢ ᠵᠦᠪ ᠤᠨᠤᠪᠴᠢᠲᠠᠢ ᠨᠡᠢᠢᠳᠡᠯᠡᠵᠦ᠂ ᠨᠡᠢᠢᠭᠡᠮ ᠤᠨ ᠬᠠᠯᠠᠮᠵᠢᠯᠠᠵᠣ ᠪᠠᠢᠢᠭ᠎ᠠ ᠠᠰᠠᠭᠣᠳᠠᠯ ᠳ᠋ᠦ ᠢᠳᠡᠪᠬᠢᠳᠡᠢ ᠬᠠᠷᠢᠭᠤᠯᠳᠠ ᠦᠭ᠍ᠬᠦ ᠬᠡᠷᠡᠭᠳᠡᠢ ᠬᠡᠪᠡ᠃

    ᠪᠦ᠋ ᠰᠢᠶᠤᠤ ᠯᠢᠨ ᠱᠠᠭᠠᠷᠳᠠᠬᠰᠠᠨ ᠨᠢ᠂ ᠡᠯ᠎ᠠ ᠠᠢᠢᠮᠠᠭ ᠬᠤᠳᠠ ᠪᠠ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠪᠠᠢᠢᠭᠤᠯᠤᠯᠭ᠎ᠠ ᠨᠢᠭᠡᠴᠡ ᠶᠢᠨ ᠬᠢᠨ ᠬᠦᠨᠵᠡᠭᠡᠢ ᠰᠤᠷᠭᠠᠮᠵᠢ ᠠᠪᠴᠤ᠂ ᠨᠢᠭᠡ ᠡᠴᠡ ᠨᠦᠬᠦᠭᠡ ᠶᠢ ᠵᠦᠢᠴᠢᠯᠡᠨ᠂ ᠭᠠᠯ ᠲᠦᠢᠮᠡᠷ ᠢ ᠰᠡᠷᠬᠡᠢᠢᠯᠡᠭᠦ ᠬᠠᠷᠢᠭᠤᠴᠠᠯᠭ᠎ᠠ ᠶᠢ ᠴᠢᠩᠭ᠋᠎ᠠ ᠨᠡᠢᠢᠳᠡᠪᠦᠷᠢᠵᠢᠭᠤᠯᠵᠤ᠂ ᠬᠡᠭᠡᠷ᠎ᠠ ᠭᠠᠳᠠᠨᠠᠬᠢ ᠭᠠᠯ ᠤᠨ ᠰᠤᠷᠪᠤᠯᠵᠢ ᠵᠢ ᠴᠢᠩᠭ᠋᠎ᠠ ᠬᠠᠮᠢᠶᠠᠷᠤᠨ ᠡᠵᠡᠮᠳᠡᠵᠤ᠂ ᠭᠤᠤᠯᠳᠠᠯᠭ᠎ᠠ ᠲᠠᠢ ᠬᠡᠰᠡᠭ ᠤᠨ ᠬᠡᠮ ᠰᠤᠭᠤᠭ ᠢ ᠪᠠᠢᠢᠴᠠᠭᠠᠬᠣ ᠠᠵᠢᠯ ᠢ ᠴᠢᠩᠭ᠋ᠠᠳᠬᠠᠵᠤ᠂ ᠲᠠᠬᠢᠨ ᠶᠡᠭᠡ ᠲᠦᠢᠮᠡᠷ ᠭᠠᠷᠭᠠᠬᠤ ᠦᠭᠡᠢ ᠪᠠᠢᠢᠬᠤ ᠡᠨᠡᠭᠦ ᠬᠤᠷᠢᠭ᠎ᠠ ᠱᠤᠭᠤᠮ ᠢ ᠪᠠᠳᠤ ᠰᠠᠬᠢᠬᠤ ᠬᠡᠷᠡᠭᠳᠡᠢ᠃ ᠭᠠᠯ ᠲᠦᠢᠮᠡᠷ ᠢ ᠰᠡᠷᠬᠡᠢᠢᠯᠡᠭᠦ ᠪᠠᠢᠢᠴᠠᠭᠠᠯᠳᠠ ᠪᠠ ᠤᠬᠠᠭᠤᠯᠭ᠎ᠠ ᠬᠦᠮᠦᠵᠢᠯ ᠢ ᠴᠢᠩᠭ᠋ᠠᠳᠬᠠᠬᠣ ᠬᠡᠷᠡᠭᠳᠡᠢ᠂ ᠢᠯᠡᠩᠭ᠋ᠤᠶ᠎ᠠ ᠡᠰᠡᠷᠭᠦ ᠲᠠᠯ᠎ᠠ ᠶᠢᠨ ᠨᠡᠶᠢᠲᠡᠯᠢᠭ᠌ ᠵᠢᠱᠢᠶ᠎ᠠ ᠪᠡᠷ ᠰᠡᠷᠡᠮᠵᠢᠯᠡᠭᠦᠯᠬᠦ ᠬᠦᠮᠦᠵᠢᠯ ᠤᠨ ᠦᠢᠯᠡᠳᠦᠯ ᠢ ᠪᠠᠳᠠᠷᠠᠭᠤᠯᠵᠤ᠂ ᠪᠦᠬᠦ ᠨᠡᠢᠢᠭᠡᠮ ᠤᠨ ᠭᠠᠯ ᠲᠦᠢᠮᠡᠷ ᠢ ᠰᠡᠷᠬᠡᠢᠢᠯᠡᠭᠦ ᠤᠬᠠᠮᠰᠠᠷ ᠢ ᠴᠢᠩᠭ᠋ᠠᠷᠠᠭᠤᠯᠬᠤ ᠬᠡᠷᠡᠭᠳᠡᠢ᠃ ᠪᠠᠴᠢᠮ ᠪᠠᠢᠢᠳᠠᠯ ᠢ ᠠᠷᠭᠠᠴᠠᠬᠤ ᠠᠪᠤᠷᠠᠨ ᠲᠤᠰᠠᠯᠠᠬᠤ ᠪᠠᠳᠤᠯᠠᠪᠤᠷᠢ ᠶᠢᠨ ᠴᠢᠳᠠᠪᠤᠷᠢ ᠶᠢ ᠲᠡᠭᠡᠭ᠍ᠰᠢᠯᠡᠭᠦᠯᠵᠤ᠂ ᠰᠢᠭᠤᠶᠢᠲᠤ ᠤᠷᠤᠨ ᠤ ᠵᠠᠰᠠᠮᠠᠯ ᠵᠠᠮ᠂ ᠨᠢᠰᠬᠦ ᠤᠩᠭ᠋ᠤᠴᠠᠨ ᠤ ᠪᠠᠭᠤᠳᠠᠯ᠂ ᠴᠢᠮᠡᠭᠡ ᠬᠤᠯᠪᠤᠭ᠎ᠠ᠂ ᠭᠠᠯ ᠲᠦᠢᠮᠡᠷ ᠢ ᠰᠡᠷᠬᠡᠢᠢᠯᠡᠭᠦ ᠵᠠᠮ ᠵᠡᠷᠭᠡ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠢᠢᠭᠤᠯᠤᠯᠳᠠ ᠶᠢ ᠪᠦᠬᠦ ᠲᠠᠯ᠎ᠠ ᠪᠡᠷ ᠴᠢᠩᠭ᠋ᠠᠳᠬᠠᠬᠤ ᠬᠡᠷᠡᠭᠳᠡᠢ᠃ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠬᠡᠢᠢᠯᠡᠭᠦ ᠡᠩᠨᠡᠭᠡ ᠵᠢᠨ ᠪᠠᠢᠢᠭᠤᠯᠤᠯᠳᠠ ᠵᠢ ᠴᠢᠩᠭ᠋ᠠᠳᠬᠠᠵᠤ᠂ ᠬᠦᠮᠦᠰ ᠢ ᠪᠤᠯᠪᠠᠰᠤᠷᠠᠭᠣᠯᠬᠣ ᠪᠠ ᠪᠤᠳᠠᠳᠤ ᠳᠠᠢᠢᠯᠠᠯᠳᠣᠭᠠᠨ ᠤ ᠰᠤᠷᠢᠯᠳᠠ ᠶᠢ ᠰᠠᠢᠢᠳᠤᠷ ᠠᠳᠬᠤᠬᠣ ᠬᠡᠷᠡᠭᠳᠡᠢ᠃ ᠪᠠᠴᠢᠮ ᠪᠠᠢᠢᠳᠠᠯ ᠢ ᠠᠷᠭᠠᠴᠠᠬᠤ ᠡᠳ᠋ ᠪᠤᠳᠠᠰ ᠤᠨ ᠪᠠᠳᠤᠯᠠᠪᠣᠷᠢ ᠶᠢ ᠴᠢᠩᠭ᠋ᠠᠷᠠᠭᠤᠯᠵᠤ᠂ ᠮᠡᠳᠡᠭᠡ ᠵᠠᠩᠬᠢ ᠶᠢᠨ ᠮᠡᠷᠭᠡᠵᠢᠯ ᠤᠨ ᠭᠠᠯ ᠲᠦᠢᠮᠡᠷ ᠢ ᠰᠡᠷᠬᠡᠢᠢᠯᠡᠵᠤ ᠠᠪᠤᠷᠠᠨ ᠲᠤᠰᠠᠯᠠᠬᠤ ᠲᠤᠮᠳᠠᠬᠢ ᠬᠡᠷᠡᠭᠯᠡᠭᠡ ᠶᠢ ᠠᠬᠢᠭᠤᠯᠵᠤ᠂ ᠪᠠᠴᠢᠮ ᠪᠠᠢᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯ ᠤᠨ ᠰᠢᠨᠵᠢᠯᠡᠭᠦ ᠤᠬᠠᠭᠠᠨᠴᠢᠯᠠᠬᠣ ᠲᠦᠪᠰᠢᠨ ᠢ ᠲᠡᠭᠡᠭ᠍ᠰᠢᠯᠡᠭᠦᠯᠭᠦ ᠬᠡᠷᠡᠭᠳᠡᠢ᠃ ᠡᠯ᠎ᠠ ᠱᠠᠳᠤᠨ ᠤ ᠵᠠᠰᠠᠭ ᠤᠨ ᠤᠷᠳᠤᠨ ᠪᠠ ᠭᠠᠯ ᠲᠦᠢᠮᠡᠷ ᠢ ᠰᠡᠷᠬᠡᠢᠢᠯᠡᠭᠦ ᠰᠠᠯᠠᠭ᠎ᠠ ᠮᠦᠴᠢᠷ ᠪᠠᠴᠢᠮ ᠪᠠᠢᠢᠳᠠᠯ ᠢ ᠠᠷᠭᠠᠴᠠᠬᠤ ᠵᠢᠵᠢᠭᠦᠷᠯᠡᠬᠦ ᠠᠵᠢᠯ ᠵᠢᠡᠨ ᠴᠢᠩᠭ᠋ᠠᠳᠬᠠᠵᠤ᠂ ᠮᠡᠳᠡᠭᠡ ᠵᠠᠩᠬᠢ ᠶᠢᠨ ᠰᠠᠭᠠᠳ ᠦᠭᠡᠢ ᠨᠡᠪᠳᠡᠷᠡᠭᠦ ᠶᠢ ᠪᠠᠳᠤᠯᠠᠵᠤ᠂ ᠴᠠᠭ ᠲᠤᠬᠠᠢ ᠳ᠋ᠤᠨᠢ ᠵᠤᠬᠢᠴᠠᠭᠤᠯᠤᠨ ᠵᠢᠯᠤᠭᠤᠳᠬᠤ ᠬᠡᠷᠡᠭᠳᠡᠢ ᠬᠡᠵᠡᠢ᠃

ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠪᠠᠢ ᠰᠢᠶᠠᠩ ᠴᠢᠶᠦ᠋ᠨ ᠲᠦᠢᠮᠡᠷ ᠤᠨᠲᠠᠷᠠᠭᠠᠬᠤ ᠡᠮᠦᠨ᠎ᠠ ᠹᠷᠤᠨᠲ ᠤᠨ ᠵᠢᠯᠤᠭᠤᠳᠬᠤ ᠲᠦᠪ ᠡᠴᠡ ᠲᠦᠢᠮᠡᠷ ᠤᠨ ᠭᠠᠮᠰᠢᠭ ᠡᠴᠡ ᠠᠪᠤᠷᠠᠨ ᠲᠤᠰᠠᠯᠠᠬᠤ ᠠᠵᠢᠯ ᠤᠨ ᠪᠠᠶᠢᠷᠢᠰᠢᠭᠤᠯᠤᠯᠲᠠ ᠶᠢ ᠤᠶᠢᠯᠠᠭᠠᠵᠤ ᠪᠠᠶᠢᠭ᠎ᠠ ᠨᠢ (ᠵᠢᠷᠤᠭ ᠢ ᠬᠠᠨ ᠴᠢᠩ ᠯᠢ᠂ ᠳ᠋ᠦᠩ ᠰᠢᠶᠤᠤ ᠪᠦᠸᠸ)

ᠬᠦᠯᠦᠨ ᠪᠦᠷᠢ ᠬᠤᠲᠠ ᠶᠢᠨ ᠬᠠᠭᠤᠴᠢᠨ ᠪᠠᠷᠭᠤ ᠬᠤᠰᠢᠭᠤᠨ ᠤ ᠨᠠᠵᠢ ᠤᠢ ᠰᠢᠭᠤᠢ ᠶᠢᠨ ᠲᠦᠢᠮᠡᠷ ᠤᠨ ᠭᠠᠵᠠᠷ ᠳᠡᠭᠡᠷ᠎᠎ᠠ ᠨᠢ (ᠵᠢᠷᠤᠭ ᠢ ᠬᠠᠨ ᠴᠢᠩ ᠯᠢ᠂ ᠳ᠋ᠦᠩ ᠰᠢᠶᠤᠤ ᠪᠦᠸᠸ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001121001535