蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠲᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠢ ᠺᠤᠮᠫᠠᠨᠢ ᠶᠢᠨ ᠶᠡᠷᠦᠩᠬᠡᠢ ᠵᠠᠬᠢᠷᠤᠯ ᠯᠦ ᠳ᠋ᠦᠩ ᠹᠦ᠋ ᠲᠠᠢ ᠠᠭᠤᠯᠵᠠᠪᠠ

2017-05-23 14:55

    5 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠦᠬᠡᠬᠤᠳᠠ ᠳᠤ ᠲᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠢ ᠺᠤᠮᠫᠠᠨᠢ ᠶᠢᠨ ᠶᠡᠷᠦᠩᠬᠡᠢ ᠵᠠᠬᠢᠷᠤᠯ ᠯᠦ ᠳ᠋ᠦᠩ ᠹᠦ᠋ ᠨᠠᠷ ᠲᠠᠢ ᠠᠭᠤᠯᠵᠠᠪᠠ᠃

    ᠬᠤᠶᠠᠷ ᠲᠠᠯ᠎ᠠ ᠪᠠᠷ ᠢᠶᠠᠨ ᠦᠪᠦᠷ ᠮᠤᠩᠭᠤᠯ ᠤᠨ ᠲᠡᠮᠦᠷ ᠵᠠᠮ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠬᠤ᠂ ᠤᠨᠴᠠᠭᠠᠢᠢᠯᠠᠨ ᠲᠦᠷᠭᠡᠨ ᠤ ᠲᠡᠮᠦᠷ ᠵᠠᠮ ᠤᠨ ᠪᠦᠳᠦᠭᠡᠨ ᠪᠠᠶᠢᠭᠤᠯᠤᠯᠳᠠ᠂ ᠲᠡᠮᠦᠷ ᠵᠠᠮ ᠤᠨ ᠬᠤᠷᠳᠤᠴᠠ ᠶᠢ ᠲᠦᠷᠭᠡᠳᠭᠡᠭᠦ ᠦᠭᠡᠷᠡᠴᠢᠯᠡᠨ ᠪᠠᠶᠢᠭᠤᠯᠬᠤ ᠠᠵᠢᠯ ᠵᠡᠷᠭᠡ ᠵᠦᠢᠯᠡᠰ ᠤᠨ ᠲᠠᠯ᠎ᠠ ᠪᠠᠷ ᠰᠠᠨᠠᠯ ᠢᠶᠠᠨ ᠬᠦᠨᠵᠡᠭᠡᠢ ᠰᠤᠯᠢᠯᠴᠠᠪᠠ᠃

    ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠵᠢᠶᠠᠨ ᠮᠢᠨ᠂ ᠯᠦᠸᠧ ᠶᠦᠩ ᠭᠠᠩ ᠨᠠᠷ ᠠᠭᠤᠯᠵᠠᠯᠳᠠ ᠳᠤ ᠤᠷᠤᠯᠴᠠᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120701121020870