蒙古文网站Logo
ᠰᠢᠨᠬᠤᠸᠠ ᠮᠤᠩᠭ᠋ᠤᠯ ᠨᠧᠲ

ᠳ᠋ᠦ᠋ ᠰᠢᠤᠧᠠᠢ ᠵᠢᠶᠦ᠋ᠨ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠱᠦᠵᠢ ᠪᠡᠷ ᠳᠤᠮᠢᠯᠠᠭᠳᠠᠪᠠ

2017-05-25 16:08

    ᠦᠪᠦᠷ ᠮᠤᠩᠭᠤᠯ ᠤᠨ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠨᠧᠲ ᠤᠨ ᠮᠡᠳᠡᠬᠡ ᠶᠢ ᠦᠨᠳᠦᠰᠦᠯᠡᠪᠡᠯ᠂ 5 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠪᠦᠬᠦ ᠺᠠᠳ᠋ᠷᠴᠤᠳ ᠤᠨ ᠬᠤᠷᠠᠯ ᠬᠤᠷᠠᠯᠳᠤᠭᠤᠯᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠡᠴᠡ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠭᠤᠤᠯ ᠴᠢᠬᠤᠯᠠ ᠤᠳᠤᠷᠢᠳᠬᠤ ᠬᠦᠮᠦᠰ ᠲᠤ ᠳᠤᠬᠢᠷᠠᠭᠤᠯᠤᠯᠳᠠ ᠬᠢᠭᠰᠡᠨ ᠳᠤᠭᠳᠠᠭᠠᠯ ᠢ ᠨᠡᠶᠢᠳᠡᠯᠡᠪᠡ᠄ ᠳ᠋ᠦ᠋ ᠰᠢᠤᠧᠠᠢ ᠵᠢᠶᠦ᠋ᠨ ᠢ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠬᠡᠰᠢᠬᠦᠨ᠂ ᠪᠠᠶᠢᠩᠭᠤ ᠶᠢᠨ ᠬᠡᠰᠢᠬᠦᠨ᠂ ᠱᠦᠵᠢ ᠪᠡᠷ ᠳᠤᠮᠢᠯᠠᠨ᠎ᠠ᠃ ᠠᠢ ᠯᠢ ᠬᠤᠧᠠ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠱᠦᠵᠢ᠂ ᠪᠠᠶᠢᠩᠭᠤ ᠶᠢᠨ ᠬᠡᠰᠢᠬᠦᠨ᠂ ᠬᠡᠰᠢᠬᠦᠨ ᠤ ᠳᠤᠰᠢᠶᠠᠯ ᠢ ᠳᠠᠬᠢᠵᠤ ᠡᠬᠦᠷᠬᠡᠯᠡᠬᠦ ᠦᠬᠡᠢ᠃

    ᠠᠷᠠᠳ ᠤᠨ ᠰᠦᠯᠵᠢᠶ᠎ᠠ ᠳᠡᠬᠡᠷᠡᠬᠢ ᠭᠠᠵᠠᠷ ᠤᠷᠤᠨ ᠤ ᠤᠳᠤᠷᠢᠳᠤᠯᠭ᠎ᠠ ᠶᠢᠨ ᠮᠠᠲ᠋ᠧᠷᠢᠶᠠᠯ ᠳᠤ᠂ ᠳ᠋ᠦ᠋ ᠰᠢᠤᠧᠠᠢ ᠵᠢᠶᠦ᠋ᠨ ᠤᠤᠯ ᠨᠢ ᠪᠤᠭᠤᠳᠤ ᠬᠤᠳᠠ ᠶᠢᠨ ᠳᠠᠷᠤᠭ᠎ᠠ ᠶᠢᠨ ᠳᠤᠰᠢᠶᠠᠯ ᠳᠤ ᠪᠠᠶᠢᠵᠤ᠂ ᠠᠢ ᠯᠢ ᠬᠤᠧᠠ ᠤᠳᠤ ᠪᠡᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠳᠡᠳ᠋ ᠳᠡᠷᠢᠬᠦᠯᠡᠭᠴᠢ ᠶᠢᠨ ᠳᠤᠰᠢᠶᠠᠯ ᠳᠤ ᠪᠤᠢ᠃

    ᠳ᠋ᠦ᠋ ᠰᠢᠤᠧᠠᠢ ᠵᠢᠶᠦ᠋ᠨ᠂ ᠡᠷᠡᠭᠳᠡᠢ᠂ ᠮᠤᠩᠭᠤᠯ ᠦᠨᠳᠦᠰᠦᠳᠡᠨ᠂ 1965 ᠤᠨ ᠤ 5 ᠰᠠᠷ᠎ᠠ ᠳᠤ ᠳᠦᠷᠦᠭᠰᠡᠨ᠂ ᠦᠪᠦᠷ ᠮᠤᠩᠭᠤᠯ ᠤᠨ ᠬᠠᠶᠢᠯᠠᠷ ᠤᠨ ᠬᠦᠮᠦᠨ᠂ 1980 ᠤᠨ ᠤ 8 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠤ᠂ 1988 ᠤᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠡᠢ᠃ ᠮᠠᠬᠢᠰᠲ᠋ᠷ ᠤᠨ ᠰᠤᠷᠤᠯᠭ᠎ᠠ ᠶᠢᠨ ᠨᠠᠮᠳᠠᠷ ᠲᠠᠢ᠂ ᠬᠠᠤᠯᠢ ᠶᠢᠨ ᠤᠬᠠᠭᠠᠨ ᠤ ᠳ᠋ᠤᠺᠲ᠋ᠤᠷ᠃

ᠢᠷᠡᠯᠳᠡ᠄ ᠠᠷᠠᠳ ᠤᠨ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120701121036255