蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠤᠯ ᠤᠨ ᠳᠡᠳ᠋ ᠳᠡᠷᠢᠬᠦᠯᠡᠭᠴᠢ ᠵᠤᠤ ᠯᠢ ᠫᠢᠩ ᠢ ᠴᠠᠭᠠᠵᠠᠯᠠᠪᠠ

2017-05-26 15:17

    ᠰᠢᠨᠬᠤᠧᠠ ᠬᠤᠷᠢᠶ᠎ᠠ   ᠪᠡᠭᠡᠵᠢᠩ ᠤᠨ 5 ᠰᠠᠷ᠎ᠠ ᠶᠢᠨ 26 ᠤ ᠡᠳᠦᠷ ᠤᠨ ᠴᠠᠬᠢᠯᠭᠠᠨ ᠮᠡᠳᠡᠭᠡ   ᠳᠡᠬᠡᠳᠦ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠤᠯ ᠤᠨ ᠳᠡᠳ᠋ ᠳᠡᠷᠢᠬᠦᠯᠡᠭᠴᠢ᠂ ᠵᠠᠭᠠᠯᠳᠤᠭᠳᠠᠭᠴᠢ ᠵᠤᠤ ᠯᠢ ᠫᠢᠩ ᠤᠨ ᠵᠤᠷᠢᠭᠤᠳᠠ ᠬᠦᠮᠦᠨ ᠤ ᠠᠮᠢ ᠶᠢ ᠬᠦᠨᠦᠬᠡᠭᠰᠡᠨ᠂ ᠬᠡᠬᠡᠯᠢ ᠬᠠᠬᠤᠤᠯᠢ ᠢᠳᠡᠭᠰᠡᠨ᠂ ᠬᠠᠤᠯᠢ ᠪᠤᠰᠤ ᠪᠡᠷ ᠫᠤᠤ ᠰᠤᠮᠤ ᠡᠵᠡᠮᠳᠡᠭᠰᠡᠨ᠂ ᠬᠠᠤᠯᠢ ᠪᠤᠰᠤ ᠪᠡᠷ ᠳᠡᠯᠪᠡᠷᠡᠬᠦ ᠪᠤᠳᠠᠰ ᠨᠦᠬᠡᠭᠰᠡᠨ ᠵᠡᠷᠬᠡ ᠶᠠᠯᠠᠳᠤ ᠠᠵᠢᠯᠯᠠᠭ᠎ᠠ ᠳᠤ ᠴᠠᠭᠠᠵᠠᠯᠠᠬᠤ ᠡᠷᠡᠬᠦᠦ ᠳᠤᠯᠭᠠᠭᠰᠠᠨ ᠬᠡᠷᠡᠭ ᠢ ᠳᠠᠬᠢᠨ ᠰᠢᠬᠦᠵᠤ᠂ ᠤᠶᠢᠷ᠎ᠠ ᠶᠢᠨ ᠡᠳᠦᠷ ᠬᠠᠤᠯᠢ ᠶᠤᠰᠤᠭᠠᠷ ᠴᠠᠭᠠᠵᠠᠯᠠᠬᠤ ᠶᠢ ᠵᠦᠪᠰᠢᠶᠡᠷᠡᠵᠡᠢ᠃ 2017 ᠤᠨ ᠤ 5 ᠰᠠᠷ᠎ᠠ ᠶᠢᠨ 26 ᠤ ᠦᠳᠡ ᠶᠢᠨ ᠡᠮᠦᠨ᠎ᠡ᠂ ᠱᠠᠨ ᠰᠢ ᠮᠤᠵᠢ ᠶᠢᠨ ᠳᠠᠶᠢᠶᠤᠧᠠᠨ ᠬᠤᠳᠠ ᠶᠢᠨ ᠳᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ ᠨᠢ ᠳᠡᠬᠡᠳᠦ ᠵᠡᠷᠬᠡ ᠶᠢᠨ ᠠᠷᠠᠳ ᠤᠨ ᠰᠢᠬᠦᠬᠦ ᠬᠤᠷᠢᠶᠠᠨ ᠤ ᠳᠠᠷᠤᠭ᠎ᠠ ᠶᠢᠨ ᠭᠠᠷ ᠤᠨ ᠦᠰᠦᠭ ᠲᠠᠢ ᠴᠠᠭᠠᠵᠠᠯᠠᠬᠤ ᠡᠷᠡᠬᠦᠦ ᠶᠢᠨ ᠵᠠᠷᠯᠢᠭ ᠢ ᠬᠦᠢᠴᠡᠳᠬᠡᠵᠤ᠂ ᠵᠤᠤ ᠯᠢ ᠫᠢᠩ ᠢ ᠴᠠᠭᠠᠵᠠᠯᠠᠭᠰᠠᠨ ᠪᠠᠶᠢᠨ᠎ᠠ᠃

    ᠳᠡᠬᠡᠳᠦ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ ᠡᠴᠡ ᠬᠡᠷᠡᠭ ᠢ ᠳᠠᠬᠢᠨ ᠰᠢᠯᠭᠠᠭᠰᠠᠨ ᠤ ᠳ᠋ᠦᠩ ᠳᠤ᠂ 2015 ᠤᠨ ᠤ 3 ᠰᠠᠷ᠎ᠠ ᠶᠢᠨ 20 ᠤ ᠤᠷᠤᠢ ᠵᠠᠭᠠᠯᠳᠤᠭᠳᠠᠭᠴᠢ ᠵᠤᠤ ᠯᠢ ᠫᠢᠩ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠯᠠᠭᠠᠨᠬᠠᠳᠠ ᠬᠤᠳᠠ ᠳᠤ ᠯᠢ ᠤᠪᠤᠭᠳᠤ (ᠡᠮᠡᠭᠳᠡᠢ᠂ ᠠᠮᠢ ᠬᠦᠨᠦᠬᠡᠭᠳᠡᠬᠦ ᠦᠶ᠎ᠡ ᠪᠡᠷ 26 ᠨᠠᠰᠤᠳᠠᠢ) ᠶᠢ ᠫᠤᠤᠳᠠᠵᠤ ᠠᠮᠢ ᠶᠢ ᠨᠢ ᠬᠦᠨᠦᠬᠡᠭᠰᠡᠨ; 2008 ᠤᠨ ᠡᠴᠡ 2010 ᠤᠨ ᠤ ᠬᠤᠭᠤᠷᠤᠨᠳᠤ ᠵᠤᠤ ᠯᠢ ᠫᠢᠩ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠳᠤᠳᠤᠭᠠᠳᠤ ᠶᠢ ᠬᠠᠮᠠᠭᠠᠯᠠᠬᠤ ᠳᠢᠩᠬᠢᠮ ᠤᠨ ᠳᠠᠷᠤᠭ᠎ᠠ ᠶᠢᠨ ᠳᠤᠰᠢᠶᠠᠯ ᠢᠶᠡᠨ ᠤᠷᠪᠠᠭᠤᠯᠤᠨ ᠠᠰᠢᠭᠯᠠᠵᠤ᠂ 2368 ᠳᠦᠮᠡᠨ ᠳᠦᠬᠦᠷᠢᠭ ᠤᠨ ᠬᠡᠬᠡᠯᠢ ᠬᠠᠬᠤᠤᠯᠢ ᠢᠳᠡᠭᠰᠡᠨ; 2015 ᠤᠨ ᠤ 3 ᠰᠠᠷ᠎ᠠ ᠶᠢᠨ 21 ᠤ ᠡᠳᠦᠷ ᠯᠢ ᠤᠪᠤᠭᠳᠤ ᠶᠢᠨ ᠠᠮᠢ ᠶᠢ ᠬᠦᠨᠦᠬᠡᠭᠰᠡᠨ ᠭᠠᠵᠠᠷ ᠡᠴᠡ ᠵᠤᠤ ᠯᠢ ᠫᠢᠩ ᠤᠨ ᠨᠢᠭᠤᠭᠰᠠᠨ ᠬᠤᠶᠠᠷ ᠭᠠᠷ ᠫᠤᠤ᠂ 49 ᠰᠤᠮᠤ ᠶᠢ ᠢᠯᠡᠷᠡᠬᠦᠯᠦᠭᠰᠡᠨ; ᠮᠦᠨ ᠰᠠᠷ᠎ᠠ ᠶᠢᠨ 23 ᠤ ᠡᠳᠦᠷ ᠳᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠵᠤᠤ ᠯᠢ ᠫᠢᠩ ᠤᠨ ᠠᠯᠪᠠᠨ ᠬᠡᠷ ᠡᠴᠡ 91 ᠮᠢᠨ᠎ᠠ ᠢᠯᠡᠷᠡᠬᠦᠯᠦᠭᠰᠡᠨ ᠵᠡᠷᠬᠡ ᠨᠢ ᠴᠦᠮ ᠦᠨᠡᠨ ᠪᠤᠳᠠᠳᠠᠢ ᠪᠤᠯᠬᠤ ᠶᠢ ᠳᠤᠳᠤᠯᠠᠪᠠ᠃

    ᠳᠡᠬᠡᠳᠦ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ ᠡᠴᠡ ᠵᠤᠤ ᠯᠢ ᠫᠢᠩ ᠤᠨ ᠬᠡᠷᠡᠭ ᠤᠨ ᠨᠢᠬᠡ᠂ ᠬᠤᠶᠠᠳᠤᠭᠠᠷ ᠰᠢᠬᠦᠯᠳᠡ ᠶᠢᠨ ᠳ᠋ᠦᠩ ᠢ ᠬᠠᠤᠯᠢ ᠶᠤᠰᠤᠨ ᠳᠤ ᠨᠡᠶᠢᠴᠡᠪᠡ ᠬᠡᠵᠤ ᠦᠵᠡᠭᠰᠡᠨ ᠳᠡᠳᠦᠢ ᠦᠬᠡᠢ ᠳᠡᠬᠦᠨ ᠢ ᠬᠠᠤᠯᠢ ᠶᠤᠰᠤᠭᠠᠷ ᠴᠠᠭᠠᠵᠠᠯᠠᠬᠤ ᠶᠢ ᠵᠦᠪᠰᠢᠶᠡᠷᠡᠵᠡᠢ᠃ ᠳᠠᠶᠢᠶᠤᠧᠠᠨ ᠬᠤᠳᠠ ᠶᠢᠨ ᠳᠤᠮᠳᠠ ᠵᠡᠷᠬᠡ ᠶᠢᠨ ᠠᠷᠠᠳ ᠤᠨ ᠰᠢᠬᠦᠬᠦ ᠬᠤᠷᠢᠶ᠎ᠠ ᠨᠢ ᠵᠠᠷᠯᠢᠭ ᠢ ᠳᠡᠷᠡ ᠶᠤᠰᠤᠭᠠᠷ ᠬᠦᠢᠴᠡᠳᠬᠡᠵᠤ᠂ ᠡᠷᠡᠬᠦᠦ ᠶᠢ ᠬᠡᠷᠡᠭᠵᠢᠬᠦᠯᠬᠦ ᠡᠴᠡ ᠡᠮᠦᠨᠡᠬᠡᠨ ᠵᠤᠤ ᠯᠢ ᠫᠢᠩ ᠢ ᠳᠦᠷᠦᠯ ᠰᠠᠳᠤᠨ ᠲᠠᠢ ᠨᠢ ᠠᠭᠤᠯᠵᠠᠭᠤᠯᠤᠭᠰᠠᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120701121042653