蒙古文网站Logo
ᠰᠢᠨᠬᠤᠸᠠ ᠮᠤᠩᠭ᠋ᠤᠯ ᠨᠧᠲ

ᠪᠠᠶᠠᠨᠴᠢᠯᠠᠭᠤ ᠭᠢᠷᠢᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠪᠡᠷ ᠰᠤᠩᠭ᠋ᠤᠭᠳᠠᠪᠠ

2017-05-30 12:45

    ᠰᠢᠨᠬᠤᠸᠠ ᠬᠤᠷᠢᠶ᠎ᠠ  ᠴᠠᠩ ᠴᠦᠨ ᠤ 5 ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ  ᠳᠤᠮᠳᠠᠳᠤ ᠤᠯᠤᠰ ᠤᠨ ᠡᠪ ᠬᠠᠮᠲᠤ ᠨᠠᠮ ᠤᠨ ᠭᠢᠷᠢᠨ ᠮᠤᠵᠢ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠨᠢᠭᠡᠳᠦᠭᠡᠷ ᠪᠦᠭᠦᠲᠡ ᠬᠤᠷᠠᠯ ᠡᠴᠡ 5 ᠰᠠᠷ᠎᠎ᠠ ᠶᠢᠨ 29 ᠤ ᠡᠳᠦᠷ ᠪᠠᠶᠠᠨᠴᠢᠯᠠᠭᠤ ᠶᠢ( ᠮᠤᠩᠭ᠋ᠤᠯ ᠦᠨᠳᠦᠰᠦᠲᠡᠨ) ᠮᠤᠵᠢ ᠶᠢᠨ ᠨᠠᠮ ᠤᠨ ᠬᠤᠷᠢᠶ᠎ᠠ᠎ ᠶᠢᠨ ᠱᠦᠵᠢ ᠪᠡᠷ ᠰᠤᠩᠭ᠋ᠤᠵᠤ᠂ ᠯᠢᠦ ᠭᠦᠸᠸ ᠵᠦᠩ᠂ ᠭᠤᠤ ᠭᠤᠸᠠᠩ ᠪᠢᠨ ᠢ ᠮᠤᠵᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠪᠡᠷ ᠰᠤᠩᠭ᠋ᠤᠵᠠᠢ᠃ ᠵᠠᠩ ᠠᠨ ᠱᠦᠨ᠂ ᠵᠤᠸᠠᠩ ᠶᠠᠨ᠂ ᠸᠠᠩ ᠵᠢᠶᠦ᠋ᠨ ᠵᠸᠩ᠂ ᠯᠢᠨ ᠡᠦ᠂ ᠵᠢᠶᠡᠩ ᡁᠢ ᠶᠢᠩ᠂ ᠲᠤᠤ ᡁᠢ ᠭᠦᠸᠸ᠂ ᠸᠠᠩ ᠰᠢᠶᠤᠤ ᠫᠢᠩ (ᠡᠮᠡᠭᠲᠡᠢ)᠂ ᠸᠠᠩ ᠺᠠᠢ᠂ ᠯᠢ ᠵᠢᠩ ᠬᠤᠤ( ᠰᠤᠯᠤᠩᠭ᠋ᠤᠰ ᠦᠨᠳᠦᠰᠦᠲᠡᠨ) ᠨᠠᠷ ᠮᠤᠵᠢ ᠶᠢᠨ ᠨᠠᠮ ᠤᠨ ᠬᠤᠷᠢᠶᠠᠨ ᠤ ᠪᠠᠶᠢᠩᠭ᠋ᠤ ᠶᠢᠨ ᠭᠡᠰᠢᠭᠦᠨ ᠢᠶᠡᠷ ᠰᠤᠩᠭ᠋ᠤᠭᠳᠠᠭᠰᠠᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠢᠷᠢᠨ ᠮᠤᠵᠢ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠢᠭᠡᠳᠦᠭᠡᠷ ᠪᠦᠭᠦᠲᠡ ᠬᠤᠷᠠᠯ ᠡᠴᠡ ᠲᠤᠤ ᡁᠢ ᠭᠦᠸᠸ ᠶᠢ ᠮᠤᠵᠢ ᠶᠢᠨ ᠰᠠᠬᠢᠯᠭ᠎ᠠ ᠪᠠᠲᠤ ᠶᠢᠨ ᠬᠤᠷᠢᠶᠠᠨ ᠤ ᠱᠦᠵᠢ ᠪᠡᠷ ᠰᠤᠩᠭ᠋ᠤᠵᠤ᠂ ᠸᠠᠩ ᠱᠤᠤ ᠵᠢᠶᠠᠨ᠂ ᠴᠢᠤ ᠳ᠋ᠠ ᠮᠢᠩ᠂ ᠰᠦᠨ ᠵᠶ᠋ᠢ ᠭᠤᠸᠠᠩ᠂ ᠳ᠋ᠦᠩ ᠲᠢᠶᠠᠨ ᠪᠦᠸᠸ ᠮᠤᠵᠢ ᠶᠢᠨ ᠰᠠᠬᠢᠯᠠᠭ᠎ᠠ ᠶᠢᠨ ᠪᠠᠲᠤ ᠪᠠᠶᠢᠴᠠᠭᠠᠬᠤ ᠬᠤᠷᠢᠶᠠᠨ ᠤ ᠲᠡᠳ᠋ ᠱᠦᠵᠢ ᠪᠡᠷ ᠰᠤᠩᠭ᠋ᠤᠭᠳᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121057929