蒙古文网站Logo
ᠰᠢᠨᠬᠤᠸᠠ ᠮᠤᠩᠭ᠋ᠤᠯ ᠨᠧᠲ

ᠪᠦ᠋ ᠰᠢᠶᠤᠤ ᠯᠢᠨ ᠤᠯᠠᠭᠠᠨᠴᠠᠪ ᠰᠢᠯᠢ ᠶᠢᠨ ᠭᠤᠤᠯ ᠳᠤ ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ ᠠᠵᠢᠯ ᠢ ᠪᠠᠶᠢᠴᠠᠭᠠᠪᠠ

2017-06-06 10:32

ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠤᠯᠠᠭᠠᠨᠴᠠᠪ ᠬᠤᠳᠠ ᠶᠢᠨ ᠬᠤᠧᠠᠳᠧ ᠰᠢᠶᠠᠨ ᠤ ᠳᠤᠪᠤᠳᠤ ᠰᠢᠶᠠᠩ ᠳᠤ ᠨᠠᠰᠤᠳᠠᠳ ᠲᠠᠢ ᠳᠤᠳᠤᠨᠤ ᠶᠠᠷᠢᠯᠴᠠᠪᠠ (ᠵᠢᠷᠤᠭ ᠢ ᠬᠠᠨ ᠴᠢᠩ ᠯᠢ)

    6 ᠰᠠᠷ᠎ᠠ ᠶᠢᠨ 3 ᠡᠴᠡ 5 ᠤ ᠡᠳᠦᠷ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠤᠷᠢᠳ ᠬᠤᠵᠢᠳ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤ᠂ ᠱᠠᠩᠳᠤ ᠰᠢᠶᠠᠨ᠂ ᠬᠤᠧᠠᠳᠧ ᠰᠢᠶᠠᠨ ᠪᠤᠯᠤᠨ ᠰᠢᠯᠢ ᠶᠢᠨ ᠭᠤᠤᠯ ᠠᠶᠢᠮᠠᠭ ᠤᠨ ᠬᠦᠪᠡᠬᠡᠳᠦ ᠰᠢᠷ᠎ᠠ ᠬᠤᠰᠢᠭᠤ᠂ ᠰᠢᠯᠤᠭᠤᠨ ᠴᠠᠭᠠᠨ ᠬᠤᠰᠢᠭᠤ᠂ ᠰᠢᠯᠤᠭᠤᠨ ᠬᠦᠬᠡ ᠬᠤᠰᠢᠭᠤ᠂ ᠰᠢᠯᠢᠩᠬᠤᠳᠠ ᠵᠡᠷᠬᠡ ᠭᠠᠵᠠᠷ ᠤᠳ ᠤᠨ ᠶᠠᠳᠠᠭᠤ ᠬᠦᠴᠢᠷᠳᠡᠯᠳᠡᠢ ᠡᠷᠦᠬᠡ ᠳᠤ ᠬᠦᠷᠴᠤ᠂ ᠳᠡᠳᠡᠨᠡᠷ ᠤᠨ ᠠᠮᠢᠳᠤᠷᠠᠯ ᠦᠢᠯᠡᠳᠪᠦᠷᠢᠯᠡᠯ ᠤᠨ ᠪᠠᠶᠢᠳᠠᠯ ᠢ ᠤᠶᠢᠯᠠᠭᠠᠬᠤ ᠶᠢᠨ ᠵᠡᠷᠬᠡᠴᠡᠬᠡ ᠳᠤᠬᠠᠢ ᠶᠢᠨ ᠤᠷᠤᠨ ᠤ ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠠᠶᠢᠨ᠎ᠠ᠃

ᠪᠦ᠋ ᠰᠢᠶᠤᠤ ᠯᠢᠨ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠪᠠᠶᠠᠨᠴᠠᠭᠠᠨ ᠤ ᠶᠠᠳᠠᠭᠤ ᠬᠦᠴᠢᠷᠳᠡᠯᠳᠡᠢ ᠡᠷᠦᠬᠡ ᠯᠢ ᠳ᠋ᠧ ᠶᠢᠨ ᠬᠢᠨ ᠳᠤ

ᠪᠦ᠋ ᠰᠢᠶᠤᠤ ᠯᠢᠨ ᠰᠢᠯᠢᠩᠬᠤᠳᠠ ᠶᠢᠨ ᠪᠤᠯᠠᠭᠠᠨ ᠰᠤᠮᠤ ᠶᠢᠨ ᠮᠦᠩᠬᠦᠨᠳᠤᠭᠤᠰ ᠤᠨ ᠬᠢᠨ ᠳᠤ

ᠪᠦ᠋ ᠰᠢᠶᠤᠤ ᠯᠢᠨ ᠰᠢᠯᠢ ᠶᠢᠨ ᠭᠤᠤᠯ ᠠᠶᠢᠮᠠᠭ ᠤᠨ ᠬᠦᠪᠡᠬᠡᠳᠦ ᠰᠢᠷ᠎ᠠ ᠬᠤᠰᠢᠭᠤᠨ ᠤ ᠪᠤᠭᠳᠠ ᠶᠢᠨ ᠭᠤᠤᠯ ᠰᠤᠮᠤ ᠶᠢᠨ ᠨᠠᠰᠤᠨᠪᠠᠳᠤ ᠶᠢᠨ ᠬᠢᠨ ᠳᠤ

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121093378