蒙古文网站Logo
ᠰᠢᠨᠬᠤᠸᠠ ᠮᠤᠩᠭ᠋ᠤᠯ ᠨᠧᠲ

ᠪᠠᠢ ᠰᠢᠶᠠᠩ ᠴᠢᠶᠦ᠋ᠨ᠄ ᠨᠠᠷᠢᠨ ᠨᠢᠮᠪᠠᠢ ᠤᠪᠤᠷ ᠢᠶᠠᠷ ᠨᠢᠬᠡᠳᠦᠯᠳᠠᠢ ᠰᠢᠯᠭᠠᠯᠳᠠ ᠶᠢᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠬᠡᠷᠡᠭᠳᠡᠢ

2017-06-06 10:32

    6 ᠰᠠᠷ᠎ᠠ ᠶᠢᠨ 5 ᠤ ᠦᠳᠠ ᠶᠢᠨ ᠡᠮᠦᠨ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠠᠢ ᠰᠢᠶᠠᠩ ᠴᠢᠶᠦ᠋ᠨ ᠬᠦᠬᠡᠬᠤᠳᠠ ᠳᠤ 2017 ᠤᠨ ᠤ ᠨᠢᠬᠡᠳᠦᠯᠳᠠᠢ ᠰᠢᠯᠭᠠᠯᠳᠠ ᠶᠢᠨ ᠪᠡᠯᠡᠳᠬᠡᠯ ᠠᠵᠢᠯ ᠢ ᠪᠠᠶᠢᠴᠠᠭᠠᠵᠠᠢ᠃

    ᠪᠠᠢ ᠰᠢᠶᠠᠩ ᠴᠢᠶᠦ᠋ᠨ ᠨᠠᠷ ᠪᠡᠬᠡᠵᠢᠩ ᠤᠨ ᠲᠦᠷᠪᠡᠳᠦᠬᠡᠷ ᠲᠤᠮᠳᠠᠳᠤ ᠰᠤᠷᠭᠠᠭᠤᠯᠢ ᠶᠢᠨ ᠬᠦᠬᠡᠬᠤᠳᠠ ᠳᠠᠬᠢ ᠬᠤᠪᠢᠶᠠᠷᠢ ᠰᠤᠷᠭᠠᠭᠤᠯᠢ ᠶᠢᠨ ᠰᠢᠯᠭᠠᠯᠳᠠ ᠶᠢᠨ ᠴᠢᠬ ᠲᠤ ᠬᠦᠷᠴᠤ᠂ ᠰᠤᠷᠭᠠᠭᠤᠯᠢ ᠶᠢᠨ ᠬᠦᠷᠢᠶᠠᠨ ᠤ ᠤᠷᠴᠢᠨ ᠲᠤᠭᠤᠷᠢᠨ᠂ ᠰᠢᠯᠭᠠᠯᠳᠠ ᠶᠢᠨ ᠲᠠᠯᠠᠪᠠᠢ ᠶᠢᠨ ᠪᠠᠶᠢᠷᠢᠯᠠᠭᠤᠯᠤᠯᠳᠠ ᠶᠢ ᠪᠠᠶᠢᠴᠠᠭᠠᠨ ᠦᠵᠡᠵᠤ᠂ ᠰᠤᠷᠭᠠᠭᠤᠯᠢ ᠶᠢᠨ ᠬᠦᠷᠢᠶᠠᠨ ᠤ ᠠᠶᠤᠯᠬᠦᠢ ᠶᠢᠨ ᠬᠠᠮᠠᠭᠠᠯᠠᠯᠳᠠ ᠶᠢᠨ ᠠᠵᠢᠯ ᠤᠨ ᠲᠤᠬᠢᠷᠠᠭᠤᠯᠤᠯᠳᠠ᠂ ᠰᠢᠯᠭᠠᠯᠳᠠ ᠶᠢᠨ ᠴᠢᠬ ᠤᠨ ᠸᠢᠳᠢᠣ᠋ ᠬᠢᠨᠠᠨ ᠡᠵᠡᠮᠰᠢᠬᠦ ᠰᠢᠰᠲ᠋ᠧᠮ ᠵᠡᠷᠬᠡ ᠶᠢ ᠪᠠᠶᠢᠴᠠᠭᠠᠨ ᠦᠵᠡᠵᠡᠢ᠃

    ᠪᠠᠢ ᠰᠢᠶᠠᠩ ᠴᠢᠶᠦ᠋ᠨ᠂ ᠨᠢᠬᠡᠳᠦᠯᠳᠠᠢ ᠰᠢᠯᠭᠠᠯᠳᠠ ᠨᠢ ᠤᠯᠠᠨ ᠲᠦᠮᠡᠨ ᠤ ᠲᠤᠰ ᠪᠡᠶ᠎ᠠ ᠶᠢᠨ ᠠᠰᠢᠬ ᠲᠤᠰᠠ ᠪᠤᠯᠤᠨ ᠨᠡᠶᠢᠬᠡᠮ ᠤᠨ ᠪᠠᠶᠢᠳᠠᠯ ᠤᠨ ᠠᠶᠤᠯᠬᠦᠢ ᠳᠤ ᠬᠤᠯᠪᠤᠭᠳᠠᠬᠤ ᠲᠤᠯᠠ ᠡᠯ᠎ᠠ ᠱᠠᠳᠤᠨ ᠤ ᠵᠠᠰᠠᠭ ᠤᠨ ᠤᠷᠳᠤᠨ ᠵᠢᠴᠢ ᠰᠤᠷᠤᠭᠴᠢ ᠡᠯᠰᠡᠬᠦ ᠵᠦᠪᠯᠡᠯ ᠤᠨ ᠬᠡᠰᠢᠬᠦᠨ ᠨᠢᠬᠡᠴᠠ ᠪᠤᠯᠤᠨ ᠰᠢᠯᠭᠠᠯᠳᠠ ᠶᠢᠨ ᠴᠢᠬ ᠤᠨ ᠰᠤᠷᠭᠠᠭᠤᠯᠢ ᠨᠤᠭᠤᠳ ᠡᠷᠬᠡᠪᠰᠢ ᠲᠡᠬᠡᠳᠦ ᠬᠡᠮᠵᠢᠶ᠎ᠠ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠡᠯ᠎ᠠ ᠪᠠᠶᠢᠷᠢᠨ ᠳᠤ ᠬᠦᠷᠳᠡᠯ᠎ᠠ ᠨᠠᠶᠢᠳᠠᠪᠤᠷᠢᠵᠢᠭᠤᠯᠬᠤ ᠬᠡᠷᠡᠭᠳᠡᠢ᠃ ᠰᠢᠯᠭᠠᠯᠳᠠ ᠶᠢᠨ ᠡᠮᠦᠨ᠎ᠠ᠂ ᠰᠢᠯᠭᠠᠯᠳᠠ ᠶᠢᠨ ᠳᠤᠮᠳᠠ᠂ ᠰᠢᠯᠭᠠᠯᠳᠠ ᠶᠢᠨ ᠲᠠᠷᠠᠭᠠᠬᠢ ᠡᠯ᠎ᠠ ᠲᠦᠷᠦᠯ ᠤᠨ ᠵᠤᠬᠢᠶᠠᠨ ᠪᠠᠶᠢᠭᠤᠯᠵᠤ ᠬᠡᠷᠡᠭᠵᠢᠬᠦᠯᠬᠦ ᠠᠵᠢᠯ ᠢ ᠰᠠᠶᠢᠳᠤᠷ ᠠᠳᠬᠤᠵᠤ᠂ ᠰᠢᠯᠭᠠᠯᠳᠠ ᠶᠢᠨ ᠰᠡᠳᠤᠪ ᠢ ᠭᠠᠷᠭᠠᠬᠤ᠂ ᠬᠦᠷᠬᠡᠬᠦ᠂ ᠬᠠᠳᠠᠭᠠᠯᠠᠵᠤ ᠬᠠᠮᠢᠶᠠᠷᠬᠤ᠂ ᠲᠠᠷᠬᠠᠭᠠᠬᠤ᠂ ᠰᠢᠯᠭᠠᠯᠳᠠ ᠬᠢᠬᠦ᠂ ᠰᠢᠯᠭᠠᠯᠳᠠ ᠦᠵᠡᠬᠦ ᠵᠡᠷᠬᠡ ᠪᠦᠬᠦ ᠶᠠᠪᠤᠴᠠ ᠳᠤ ᠬᠢᠨᠠᠨ ᠬᠠᠮᠢᠶᠠᠷᠤᠯᠳᠠ ᠬᠢᠬᠦ ᠶᠢ ᠭᠤᠤᠯᠳᠠᠯᠭ᠎ᠠ ᠲᠠᠢ ᠠᠳᠬᠤᠵᠤ᠂ ᠰᠢᠯᠭᠠᠯᠳᠠ ᠶᠢᠨ ᠰᠡᠳᠦᠪ ᠰᠢᠯᠭᠠᠯᠳᠠ ᠶᠢᠨ ᠬᠠᠭᠤᠳᠠᠰᠤ ᠶᠢᠨ ᠠᠶᠤᠯᠬᠦᠢ ᠶᠢ ᠪᠠᠳᠤᠯᠠᠬᠤ ᠬᠡᠷᠡᠭᠳᠡᠢ; ᠰᠢᠯᠭᠠᠯᠳᠠ ᠶᠢᠨ ᠲᠠᠯᠠᠪᠠᠢ ᠳᠤ ᠤᠷᠤᠵᠤ ᠭᠠᠷᠬᠤ ᠪᠤᠭᠤᠮᠳᠠ ᠶᠢ ᠴᠢᠩᠭ᠎ᠠ ᠰᠠᠬᠢᠵᠤ᠂ ᠤᠯᠠᠨ ᠦᠨᠡᠮᠯᠡᠯ ᠢᠶᠠᠷ ᠬᠠᠷᠭᠤᠭᠤᠯᠵᠤ ᠰᠢᠯᠭᠠᠬᠤ᠂ ᠬᠦᠮᠦᠨ ᠮᠠᠰᠢᠨ ᠢᠶᠠᠷ ᠬᠠᠷᠢᠴᠠᠭᠤᠯᠵᠤ ᠬᠠᠷᠭᠤᠭᠤᠯᠬᠤ ᠵᠡᠷᠬᠡ ᠠᠷᠭ᠎ᠠ ᠪᠠᠷᠢᠯ ᠢ ᠠᠪᠴᠤ᠂ ᠤᠷᠤᠯᠠᠵᠤ ᠰᠢᠯᠭᠠᠬᠤ ᠶᠢ ᠡᠷᠡᠰ ᠬᠤᠷᠢᠬᠯᠠᠬᠤ ᠬᠡᠷᠡᠭᠳᠡᠢ᠃ ᠡᠬᠦᠨ ᠤ ᠬᠠᠮᠳᠤ᠂ ᠬᠦᠮᠦᠯᠢᠭ ᠬᠠᠯᠠᠮᠵᠢᠯᠠᠵᠤ ᠬᠠᠷᠠᠭᠠᠯᠵᠠᠬᠤ ᠰᠢᠯᠢᠳᠡᠭ ᠰᠤᠷᠳᠠᠯ ᠢᠶᠠᠨ ᠦᠷᠬᠦᠯᠵᠢᠯᠠᠨ ᠪᠠᠳᠠᠷᠠᠭᠤᠯᠵᠤ᠂ ᠰᠢᠯᠭᠠᠭᠤᠯᠤᠭᠰᠠᠳ ᠪᠦᠬᠦᠨ ᠰᠢᠯᠭᠠᠯᠳᠠ ᠪᠠᠨ ᠤᠷᠤᠭᠰᠢᠳᠠᠢ ᠪᠡᠶᠡᠯᠡᠬᠦᠯᠬᠦ ᠶᠢ ᠪᠠᠳᠤᠯᠠᠵᠤ᠂ 《ᠠᠮᠦᠷ ᠲᠠᠶᠢᠪᠤᠩ ᠨᠢᠬᠡᠳᠦᠯᠳᠠᠢ ᠰᠢᠯᠭᠠᠯᠳᠠ》 ᠶ᠋ᠢ ᠪᠡᠶᠡᠯᠡᠬᠦᠯᠬᠦ ᠬᠡᠷᠡᠭᠳᠡᠢ ᠬᠡᠵᠡᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121093497