蒙古文网站Logo
ᠰᠢᠨᠬᠤᠸᠠ ᠮᠤᠩᠭ᠋ᠤᠯ ᠨᠧᠲ

ᠵᠠᠩ ᠮᠤᠤ ᠦᠪᠦᠷ ᠮᠤᠩᠭᠤᠯ ᠳᠤ ᠪᠠᠶᠢᠴᠠᠭᠠᠨ ᠰᠤᠳᠤᠯᠤᠯᠲᠠ ᠬᠢᠪᠡ

2017-06-06 10:32

    6 ᠰᠠᠷ᠎ᠠ ᠶᠢᠨ 1 ᠠᠴᠠ 3 ᠤ ᠡᠳᠤᠷ ᠪᠤᠯᠳᠠᠯ᠎ᠠ᠂ ᠤᠯᠤᠰ ᠤᠨ ᠤᠢᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠶᠡᠷᠦᠩᠬᠡᠢ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠲᠤᠪᠴᠢᠶᠠᠨ ᠳᠠᠷᠤᠭ᠎ᠠ ᠵᠠᠩ ᠮᠤᠤ ᠨᠠᠷ ᠤᠷᠢᠳ ᠬᠤᠵᠢᠳ ᠬᠦᠬᠡᠬᠤᠳᠠ ᠪᠠ ᠪᠠᠶᠠᠨᠨᠠᠭᠤᠷ ᠬᠤᠳᠠ ᠳᠤ ᠬᠦᠷᠴᠦ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ᠂ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠨ ᠬᠠᠮᠢᠶᠠᠷᠤᠯᠳᠠ ᠶᠢᠨ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠪᠤᠯᠤᠨ ᠵᠠᠰᠠᠭ ᠢ ᠴᠤᠮᠬᠠᠳᠬᠠᠨ ᠡᠷᠭᠡ ᠶᠢ ᠳᠠᠯᠪᠢᠬᠤ᠂ ᠳᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠤ ᠠᠵᠢᠯ ᠢ ᠴᠢᠨᠠᠬᠰᠢᠳᠠ ᠰᠢᠯᠢᠳᠡᠭᠵᠢᠭᠦᠯᠬᠦ ᠠᠵᠢᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠪᠠ᠃

    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠬᠦᠬᠡᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠦᠨ ᠭᠤᠸᠠᠩ ᠵᠦᠩ᠂ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠴᠠᠩ ᠵᠢᠶᠦ᠋ᠨ ᠵᠧᠩ ᠨᠠᠷ ᠪᠠᠷ᠎ᠠ ᠪᠤᠯᠵᠤ ᠪᠠᠶᠢᠴᠠᠭᠠᠨ ᠰᠤᠳᠤᠯᠪᠠ᠃

    ᠵᠠᠩ ᠮᠤᠤ ᠨᠠᠷ ᠬᠦᠬᠡᠬᠤᠳᠠ ᠶᠢᠨ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠪᠴᠢᠶ᠎ᠠ ᠶᠢᠨ ᠰᠢᠨ᠎ᠡ ᠬᠤᠳᠠ ᠲᠤᠭᠤᠷᠢᠭ ᠤᠨ ᠬᠤᠪᠢᠶᠠᠷᠢ ᠲᠤᠪᠴᠢᠶ᠎ᠠ᠂ ᠢᠦᠢ ᠴᠢᠤᠸᠠᠨ ᠲᠤᠭᠤᠷᠢᠭ ᠤᠨ ᠬᠤᠪᠢᠶᠠᠷᠢ ᠲᠤᠪᠴᠢᠶ᠎ᠠ ᠶᠢᠨ ᠶᠡᠭᠡ ᠵᠤᠤ ᠦᠢᠯᠡᠳᠪᠦᠷᠢ ᠬᠤᠳᠠᠯᠳᠤᠭ᠎ᠠ ᠶᠢᠨ ᠭᠠᠵᠠᠷ᠂ ᠪᠠᠶᠠᠨᠨᠠᠭᠤᠷ ᠬᠤᠳᠠ ᠶᠢᠨ ᠦᠶᠤᠸᠠᠨ ᠰᠢᠶᠠᠨ ᠤ ᠲᠢᠶᠠᠨ ᠵᠢᠢ ᠲᠠᠢ ᠵᠠᠬ᠎ᠠ ᠳᠡᠯᠬᠡᠬᠦᠷ ᠤᠨ ᠬᠠᠮᠢᠶᠠᠷᠤᠯᠳᠠ ᠶᠢᠨ ᠭᠠᠵᠠᠷ᠂ ᠬᠠᠩᠬᠢᠨ ᠬᠤᠶᠢᠳᠤ ᠬᠤᠰᠢᠭᠤᠨ ᠤ ᠵᠠᠬ᠎ᠠ ᠳᠡᠯᠭᠡᠬᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠵᠢᠴᠢ ᠪᠸᠢ ᠰᠢᠨ ᠵᠠᠬ᠎ᠠ ᠳᠡᠯᠬᠡᠬᠦᠷ ᠤᠨ ᠬᠢᠨᠠᠨ ᠬᠠᠮᠢᠶᠠᠷᠤᠯᠳᠠ ᠶᠢᠨ ᠭᠠᠵᠠᠷ ᠵᠡᠷᠭᠡ ᠦᠨᠳᠦᠰᠦᠨ ᠱᠠᠳᠤᠨ ᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠬᠡᠬᠦᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠢᠶᠠᠷ ᠬᠦᠷᠴᠦ᠂ ᠪᠤᠳᠠᠳᠠᠢ ᠭᠠᠵᠠᠷ ᠲᠤᠨᠢ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠵᠡᠷᠭᠡ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ ᠦᠪᠦᠷ ᠮᠤᠩᠭᠤᠯ ᠤᠨ ᠤᠯᠤᠰ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠬᠦᠷᠢᠶᠡᠯᠡᠩ ᠳᠤ ᠪᠠᠭ᠎ᠠ ᠵᠢᠵᠢᠭ᠌ ᠠᠵᠤ ᠠᠬᠤᠢᠢᠯᠠᠯ ᠤᠨ ᠤᠯᠠᠨ ᠨᠡᠶᠢᠳᠡ ᠶᠢᠨ ᠦᠢᠯᠡᠴᠢᠯᠡᠭᠡᠨ ᠤ ᠰᠦᠯᠵᠢᠶᠡᠨ ᠤ ᠳᠠᠪᠴᠠᠩ᠂ ᠦᠪᠦᠷ ᠮᠤᠩᠭᠤᠯ ᠤᠨ ᠡᠭᠦᠯᠡᠨ ᠪᠤᠳᠤᠯᠳᠠ ᠲᠤᠮᠤ ᠳ᠋ᠠᠶᠢᠲ᠋ᠠ ᠶᠢᠨ ᠰᠢᠨ᠎ᠡ ᠶᠢ ᠡᠭᠦᠳᠬᠦ ᠲᠦᠪ ᠤᠨ ᠪᠦᠳᠦᠭᠡᠨ ᠪᠠᠶᠢᠭᠤᠯᠤᠯᠳᠠ ᠡᠷᠬᠢᠯᠳᠡ ᠶᠢᠨ ᠪᠠᠶᠢᠳᠠᠯ ᠵᠡᠷᠭᠡ ᠶᠢ ᠰᠢᠨᠵᠢᠯᠡᠨ ᠪᠠᠶᠢᠴᠠᠭᠠᠪᠠ᠃ ᠢᠯᠢ ᠪᠦᠯᠦᠭᠯᠡᠯ ᠤᠨ ᠵᠢᠨ ᠬᠠᠢ ᠰᠦᠨ ᠲᠠᠯᠬ᠎ᠠ ᠶᠢᠨ ᠪᠦᠬᠦ ᠪᠦᠮᠪᠦᠷᠴᠡᠭ ᠤᠨ ᠦᠯᠢᠭᠡᠷ ᠦᠢᠯᠡᠳᠪᠦᠷᠢ᠂ ᠪᠤᠷᠤᠳᠤᠬᠤᠢ ᠠᠷᠢᠬᠢᠨ ᠤ ᠦᠢᠯᠡᠰ ᠤᠨ ᠪᠦᠯᠦᠭᠯᠡᠯ᠂ ᠳᠠᠯ᠎ᠠ ᠨᠤᠳᠤᠭ ᠤᠨ ᠬᠤᠩ ᠪᠤᠤ ᠢᠳᠡᠭᠡᠨ ᠤ ᠬᠢᠵᠠᠭᠠᠷᠳᠤ ᠺᠤᠮᠫᠠᠨᠢ ᠵᠡᠷᠭᠡ ᠠᠵᠤ ᠠᠬᠤᠢᠢᠯᠠᠯ ᠳᠤ ᠬᠦᠷᠴᠤ᠂ ᠠᠵᠤ ᠠᠬᠤᠢᠢᠯᠠᠯ ᠤᠳ ᠤᠨ ᠦᠢᠯᠡᠳᠪᠦᠷᠢᠯᠡᠯ ᠡᠵᠡᠩᠨᠡᠯᠳᠡ ᠵᠡᠷᠭᠡ ᠪᠠᠶᠢᠳᠠᠯ ᠢ ᠨᠠᠷᠢᠨ ᠤᠢᠢᠯᠠᠭᠠᠵᠠᠢ᠃

    ᠪᠠᠶᠢᠴᠠᠭᠠᠨ ᠰᠤᠳᠤᠯᠤᠯᠳᠠ ᠬᠢᠬᠦ ᠬᠤᠭᠤᠴᠠᠭᠠᠨ ᠳᠤ᠂ ᠵᠠᠩ ᠮᠤᠤ ᠦᠪᠡᠷᠳᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠪᠴᠢᠶ᠎ᠠ ᠶᠢᠨ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ᠃ ᠵᠠᠩ ᠮᠤᠤ ᠠᠴᠠ᠂ ᠤᠢᠢᠷ᠎ᠠ ᠶᠢᠨ ᠵᠢᠯ ᠳᠤ᠂ ᠦᠪᠡᠷᠳᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠢᠨᠠᠨ ᠬᠠᠮᠢᠶᠠᠷᠤᠯᠳᠠ ᠶᠢᠨ ᠲᠤᠪᠴᠢᠶ᠎ᠠ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠠᠵᠢᠯ ᠤᠨ ᠢᠶᠠᠨ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠤᠯᠭᠠᠵᠤ᠂ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ ᠦᠵᠦ ᠲᠦᠯᠦᠪᠯᠡᠭᠡ ᠶᠢ ᠰᠠᠶᠢᠳᠤᠷ ᠠᠳᠬᠤᠵᠤ᠂ ᠳᠡᠭᠠᠭᠤᠯᠬᠤ ᠦᠢᠯᠡᠳᠦᠯ ᠢᠶᠠᠨ ᠪᠠᠳᠠᠷᠠᠭᠤᠯᠤᠨ ᠵᠤᠬᠢᠴᠠᠭᠤᠯᠬᠤ ᠪᠠ ᠱᠠᠯᠠᠪᠳᠠᠨ ᠪᠠᠶᠢᠴᠠᠭᠠᠬᠤ ᠠᠵᠢᠯ ᠢ ᠴᠢᠩᠭᠠᠳᠬᠠᠵᠤ᠂ 《ᠵᠠᠬ᠎ᠠ ᠲᠡᠯᠭᠡᠭᠦᠷ ᠲᠤ ᠤᠷᠤᠬᠤ ᠨᠦᠬᠦᠴᠡᠯ ᠢ ᠠᠭᠤᠵᠢᠭᠤ ᠲᠠᠯᠪᠢᠬᠤ᠂ ᠴᠢᠩᠭ᠎ᠠ ᠬᠠᠮᠢᠶᠠᠷᠬᠤ᠂ ᠦᠢᠯᠡᠴᠢᠯᠡᠭᠡ ᠪᠠᠨ ᠰᠢᠯᠢᠳᠡᠭᠵᠢᠭᠦᠯᠬᠦ》 ᠡᠯ᠎ᠡ ᠵᠦᠢᠯ ᠤᠨ ᠠᠵᠢᠯ ᠳᠤ ᠢᠯᠡᠷᠬᠡᠢ ᠠᠮᠵᠢᠯᠳᠠ ᠪᠦᠳᠦᠮᠵᠢ ᠤᠯᠵᠤ᠂ ᠵᠠᠬ᠎ᠠ ᠳᠡᠯᠬᠡᠭᠦᠷ ᠲᠤ ᠤᠷᠤᠬᠤ ᠶᠢ ᠵᠦᠪᠰᠢᠶᠡᠷᠡᠬᠦ ᠤᠷᠴᠢᠨ ᠲᠤᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠵᠠᠬ᠎ᠠ ᠳᠡᠯᠬᠡᠬᠦᠷ ᠤᠨ ᠦᠷᠢᠰᠦᠯᠳᠦᠭᠡᠨ ᠤ ᠤᠷᠴᠢᠨ ᠲᠤᠭᠤᠷᠢᠨ ᠳᠤᠭᠳᠠᠭᠤᠨ ᠤ ᠲᠤᠮᠳᠠ ᠰᠠᠶᠢᠵᠢᠷᠠᠵᠤ᠂ ᠬᠡᠷᠡᠭᠯᠡᠭᠡᠨ ᠤ ᠤᠷᠴᠢᠨ ᠲᠤᠭᠤᠷᠢᠨ ᠳᠠᠰᠤᠷᠠᠯᠳᠠ ᠦᠭᠡᠢ ᠰᠠᠶᠢᠵᠢᠷᠠᠵᠤ᠂ ᠬᠦᠭᠵᠢᠯᠳᠡ ᠳᠤ ᠦᠢᠯᠡᠴᠢᠯᠡᠬᠦ ᠲᠦᠪᠰᠢᠨ ᠲᠠᠰᠤᠷᠠᠯᠳᠠ ᠦᠭᠡᠢ ᠳᠡᠭᠡᠭᠰᠢᠯᠡᠵᠤ᠂ ᠲᠤᠰ ᠪᠡᠶ᠎ᠡ ᠶᠢᠨ ᠪᠠᠶᠢᠭᠤᠯᠤᠯᠳᠠ ᠶᠢᠨ ᠦᠷ᠎ᠡ ᠪᠦᠳᠦᠮᠵᠢ ᠢᠯᠡᠷᠭᠡᠢ ᠪᠤᠯᠵᠤ᠂ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠬᠦᠯᠬᠦ ᠬᠢᠯᠠᠰ ᠴᠡᠭ ᠪᠤᠯᠤᠭᠰᠠᠨ ᠭᠡᠵᠦ ᠵᠢᠭᠠᠵᠦ ᠭᠠᠷᠭᠠᠪᠠ᠃

    ᠵᠠᠩ ᠮᠤᠤ᠂ ᠤᠳᠤᠬᠠᠨ ᠳᠤ ᠮᠠᠨ ᠤ ᠤᠯᠤᠰ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠬᠦᠯᠬᠦ ᠰᠢᠨ᠎ᠡ ᠱᠠᠳᠤᠨ ᠳᠤ ᠤᠷᠤᠵᠤ᠂ ᠦᠢᠯᠡᠳᠪᠦᠷᠢ ᠬᠤᠳᠠᠯᠳᠤᠭ᠎ᠠ ᠬᠢᠬᠡᠳ ᠵᠠᠬ᠎ᠠ ᠳᠡᠯᠬᠡᠬᠦᠷ ᠤᠨ ᠬᠢᠨᠠᠨ ᠬᠠᠮᠢᠶᠠᠷᠤᠯᠳᠠ ᠶᠢᠨ ᠠᠵᠢᠯ ᠴᠤ ᠦᠭᠡᠷᠡᠴᠢᠯᠡᠯᠳᠡ ᠬᠦᠭᠵᠢᠯᠳᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠤᠷᠤᠰᠢᠵᠤ ᠪᠠᠶᠢᠨ᠎ᠠ᠃ ᠦᠢᠯᠡᠳᠪᠦᠷᠢ ᠬᠤᠳᠠᠯᠳᠤᠭ᠎ᠠ ᠬᠢᠬᠡᠳ ᠵᠠᠬ᠎ᠠ ᠳᠡᠯᠬᠡᠬᠦᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠢᠨ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢᠨ ᠴᠢᠬᠤᠯᠠ ᠴᠢᠨᠠᠷ ᠢ ᠬᠦᠢᠴᠡᠳ ᠳᠠᠨᠢᠵᠤ᠂ ᠦᠭᠡᠷᠡᠴᠢᠯᠡᠯᠲᠡ ᠬᠢᠬᠦ ᠢᠳᠡᠭᠡᠯ ᠵᠤᠷᠢᠭ ᠢᠶᠠᠨ ᠪᠠᠳᠤᠳᠬᠠᠵᠤ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠴᠢᠨᠠᠭᠰᠢᠳᠠ ᠬᠦᠨᠵᠡᠭᠡᠶᠢᠷᠡᠭᠦᠯᠦᠨ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠨ ᠬᠠᠮᠢᠶᠠᠷᠤᠯᠳᠠ ᠶᠢ ᠦᠨᠡᠨᠬᠦ ᠴᠢᠩᠭᠠᠳᠬᠠᠵᠤ᠂ 《ᠤᠯᠠᠨ ᠦᠨᠡᠮᠯᠡᠯ ᠢ ᠨᠢᠭᠡᠳᠭᠡᠬᠦ》ᠦᠭᠡᠷᠡᠴᠢᠯᠡᠯᠳᠡ ᠶᠢ ᠲᠦᠷᠭᠡᠳᠭᠡᠨ ᠠᠬᠢᠭᠤᠯᠵᠤ᠂ ᠠᠵᠤ ᠠᠬᠤᠢᠢᠯᠠᠯ ᠢ ᠳᠠᠩᠰᠠᠯᠠᠭᠤᠯᠬᠤ ᠪᠦᠬᠦ ᠶᠠᠪᠤᠴᠠ ᠶᠢ ᠡᠯᠧᠺᠲ᠋ᠷᠤᠨᠴᠢᠯᠡᠬᠦ ᠪᠠ ᠡᠯᠧᠺᠲ᠋ᠷᠣᠨ ᠡᠵᠡᠩᠨᠡᠯᠳᠡ ᠶᠢᠨ ᠦᠨᠡᠮᠯᠡᠯ ᠤᠨ ᠦᠭᠡᠷᠡᠴᠢᠯᠡᠯᠳᠡ ᠶᠢ ᠢᠳᠡᠪᠬᠢᠳᠠᠢ ᠬᠢᠵᠤ᠂ 《ᠬᠡᠨ ᠵᠦᠪᠰᠢᠶᠡᠷᠡᠪᠡᠯ ᠬᠡᠨ ᠭᠤᠤᠯᠯᠠᠨ ᠬᠠᠮᠢᠶᠠᠷᠬᠤ ᠬᠡᠨ ᠬᠢᠨᠠᠨ ᠬᠠᠮᠢᠶᠠᠷᠬᠤ》 ᠦᠨᠳᠦᠰᠦᠨ ᠵᠠᠷᠴᠢᠮ ᠢ ᠡᠷᠡᠰ ᠲᠤᠤᠱᠯᠠᠭᠤᠯᠤᠨ《ᠬᠤᠶᠠᠷ ᠢ ᠲᠠᠰᠢᠷᠠᠮ ᠢᠶᠠᠷ ᠬᠢᠬᠦ᠂ ᠨᠢᠭᠡ ᠶᠢ ᠢᠯᠡ ᠪᠤᠯᠭᠠᠬᠤ》ᠬᠢᠨᠠᠨ ᠬᠠᠮᠢᠶᠠᠷᠤᠯᠳᠠ ᠶᠢ ᠬᠦᠨᠵᠡᠭᠡᠢ ᠬᠡᠷᠡᠭᠵᠢᠭᠦᠯᠵᠤ᠂ ᠤᠯᠤᠰ ᠤᠨ ᠠᠵᠤ ᠠᠬᠤᠢᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢ ᠨᠡᠶᠢᠳᠡ ᠳᠤ ᠵᠠᠷᠯᠠᠬᠤ ᠰᠢᠰᠲ᠋ᠧᠮ ᠢ ᠪᠦᠬᠦ ᠳᠠᠯ᠎ᠠ ᠪᠠᠷ ᠪᠠᠶᠢᠭᠤᠯᠵᠤ᠂ ᠵᠠᠬ᠎ᠠ ᠲᠡᠯᠭᠡᠭᠦᠷ ᠲᠤ ᠤᠷᠤᠬᠤ ᠳᠤ ᠲᠦᠬᠦᠮ᠂ ᠦᠷᠢᠰᠦᠯᠳᠦᠭᠡᠨ ᠭᠤᠤᠯᠴᠢ ᠪᠦᠬᠦᠢ ᠵᠠᠬ᠎ᠠ ᠳᠡᠯᠬᠡᠬᠦᠷ ᠤᠨ ᠤᠷᠴᠢᠨ ᠲᠤᠭᠤᠷᠢᠨ ᠢ ᠪᠦᠷᠢᠯᠳᠦᠭᠦᠯᠤᠨ᠂《ᠬᠤᠶᠠᠷ ᠢ ᠰᠣᠷᠣᠯᠴᠠᠵᠦ ᠨᠢᠭᠡ ᠳᠤ ᠲᠡᠩᠴᠡᠭᠦᠯᠬᠦ》 ᠰᠤᠷᠤᠯᠴᠠᠯᠭ᠎ᠠ ᠬᠦᠮᠦᠵᠢᠯ ᠢ ᠨᠠᠷᠢᠨ ᠬᠢᠨᠠᠮᠠᠭᠠᠢ ᠦᠷᠨᠢᠭᠦᠯᠵᠤ᠂ ᠺᠠᠳ᠋ᠷ ᠤᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠨ᠂ ᠦᠨᠡᠨᠬᠦ ᠠᠳᠬᠤᠨ ᠪᠤᠳᠠᠳᠠᠢ ᠬᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠯᠠᠪᠳᠠᠭᠤᠨ ᠪᠠᠳᠤᠳᠠᠢ ᠪᠠᠷ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠳᠠᠢ ᠭᠡᠵᠦ ᠴᠢᠬᠤᠯᠠᠴᠢᠯᠠᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭