蒙古文网站Logo
ᠰᠢᠨᠬᠤᠸᠠ ᠮᠤᠩᠭ᠋ᠤᠯ ᠨᠧᠲ

ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠳᠤ ᠲᠤᠭᠤᠷᠢᠨ ᠪᠠᠶᠢᠴᠠᠭᠠᠵᠥ《ᠡᠷᠬᠢᠵᠥ ᠬᠠᠷᠠᠭᠰᠠᠠ》 ᠪᠠᠶᠢᠳᠠᠯ ᠢ ᠬᠠᠷᠢᠭᠤ ᠲᠤᠰᠬᠠᠪᠠ

2017-06-12 16:43

    ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠪᠠᠶᠢᠷᠢᠯᠠᠭᠤᠯᠤᠯᠳᠠ ᠶᠢ ᠦᠨᠳᠦᠰᠦᠯᠡᠨ᠂ 2017 ᠤᠨ ᠤ 6 ᠰᠠᠷ᠎ᠠ ᠶᠢᠨ 7 ᠤ ᠡᠳᠤᠷ᠂ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠳᠤ ᠲᠤᠭᠤᠷᠢᠨ ᠪᠠᠶᠢᠴᠠᠭᠠᠵᠥ 《ᠡᠷᠬᠢᠵᠥ ᠬᠠᠷᠠᠭᠰᠠᠠ》 ᠪᠠᠶᠢᠳᠠᠯ ᠢ ᠬᠠᠷᠢᠭᠤ ᠲᠤᠰᠬᠠᠪᠠ᠃ ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠬᠦᠨ ᠴᠧᠨ ᠰᠢ ᠡᠴᠡ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ ᠳᠤ ᠬᠠᠷᠢᠭᠤ ᠲᠤᠰᠬᠠᠬᠤ ᠬᠤᠷᠠᠯ ᠢ ᠡᠷᠬᠢᠯᠡᠨ ᠬᠤᠷᠠᠯᠳᠤᠭᠤᠯᠵᠥ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠲᠤ ᠲᠤᠭᠤᠷᠢᠨ ᠪᠠᠶᠢᠴᠠᠭᠠᠵᠥ《ᠡᠷᠬᠢᠵᠥ ᠬᠠᠷᠠᠭᠰᠠᠠ》ᠪᠠᠶᠢᠳᠠᠯ ᠢ ᠬᠠᠷᠢᠭᠤ ᠲᠤᠰᠬᠠᠬᠤ ᠬᠤᠷᠠᠯ ᠳᠤ ᠤᠷᠤᠯᠴᠠᠵᠥ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠭᠤᠤᠯ ᠬᠠᠷᠢᠭᠤᠴᠠᠯᠭᠠᠳᠠᠨ ᠪᠤᠯᠤᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠲᠤ ᠲᠤᠭᠤᠷᠢᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠲᠤᠬᠠᠢ ᠱᠠᠭᠠᠷᠳᠠᠯᠭ᠎ᠠ ᠲᠤᠷᠠᠳᠴᠠᠢ᠃

    ᠲᠦᠪ ᠤᠨ ᠵᠤᠬᠢᠶᠠᠨ ᠪᠠᠶᠢᠭᠤᠯᠬᠤ ᠬᠡᠯᠳᠡᠰ ᠤᠨ ᠺᠠᠳ᠋ᠷ ᠲᠤ ᠬᠢᠨᠠᠯᠳᠠ ᠲᠠᠯᠪᠢᠬᠤ ᠲᠤᠪᠴᠢᠶ᠎ᠠ ᠶᠢᠨ ᠬᠠᠷᠢᠭᠤᠴᠠᠯᠭᠠᠳᠠᠨ ᠠᠴᠠ ᠯᠢ ᠵᠢᠢ ᠡᡁᠧᠩ ᠳᠤ ᠶᠡᠷᠤᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠵᠥ᠂ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠲᠠᠷᠤᠭ᠎ᠠ ᠶᠧ ᠴᠢᠩ ᠴᠦᠨ ᠲᠦᠪ ᠤᠨ ᠲᠤᠭᠤᠷᠢᠨ ᠪᠠᠶᠢᠴᠠᠭᠠᠬᠤ ᠲᠤᠭᠤᠢᠢᠯᠠᠩ ᠢ ᠲᠦᠯᠥᠬᠡᠯᠡᠨ ᠯᠢ ᠵᠢᠢ ᠡᡁᠧᠩ ᠪᠤᠯᠤᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠲᠤ ᠲᠤᠭᠤᠷᠢᠨ ᠪᠠᠶᠢᠴᠠᠭᠠᠵᠥ《ᠡᠷᠬᠢᠵᠥ ᠬᠠᠷᠠᠭᠰᠠᠠ》ᠪᠠᠶᠢᠳᠠᠯ ᠢ ᠬᠠᠷᠢᠭᠤ ᠲᠤᠰᠬᠠᠵᠥ᠂ ᠲᠡᠳ᠋ ᠲᠤᠭᠤᠢᠢᠯᠠᠩ ᠤᠨ ᠲᠠᠷᠤᠭ᠎ᠠ ᠰᠢᠤᠸᠠᠢ ᠯᠢ᠂ ᠶᠠᠩ ᠬᠤᠩ ᠶᠦᠩ᠂ ᠰᠢᠶᠤᠤ ᠬᠦᠢ ᠢᠤᠢ᠂ ᠬᠤᠤ ᠬᠤᠢ ᠵᠢᠶᠧ ᠬᠠᠷᠢᠭᠤ ᠲᠤᠰᠬᠠᠬᠤ ᠬᠤᠷᠠᠯ ᠳᠤ ᠤᠷᠤᠯᠴᠠᠪᠠ᠃

    ᠯᠢ ᠵᠢᠢ ᠡᡁᠧᠩ ᠤᠳᠤᠷᠢᠳᠬᠤ ᠪᠠᠭ ᠲᠤ ᠬᠠᠷᠢᠭᠤ ᠲᠤᠰᠬᠠᠬᠤ ᠬᠤᠷᠠᠯ ᠢ ᠡᠷᠬᠢᠯᠡᠭᠰᠡᠡ ᠪᠦᠭᠡᠳ ᠲᠤᠭᠤᠷᠢᠨ ᠪᠠᠶᠢᠴᠠᠭᠠᠵᠥ ᠴᠡᠭᠴᠡᠯᠡᠨ ᠰᠠᠶᠢᠷᠠᠭᠤᠯᠬᠤ ᠠᠵᠢᠯ ᠢ ᠰᠠᠶᠢᠳᠤᠷ ᠬᠢᠬᠦ ᠲᠤᠬᠠᠢ ᠤᠪᠤᠷ ᠢᠶᠠᠨ ᠢᠯᠡᠳᠭᠡᠬᠦ ᠶᠠᠷᠢᠶ᠎ᠠ ᠲᠠᠯᠪᠢᠵᠠᠢ᠃ ᠲᠦᠪ ᠤᠨ ᠨᠢᠬᠡᠳᠤᠯᠳᠡᠢ ᠪᠠᠶᠢᠷᠢᠯᠠᠭᠤᠯᠤᠯᠳᠠ ᠶᠢ ᠦᠨᠳᠦᠰᠦᠯᠡᠨ᠂ 2017 ᠤᠨ ᠤ 2 ᠰᠠᠷ᠎ᠠ ᠶᠢᠨ 26 ᠡᠴᠡ 4 ᠰᠠᠷ᠎ᠠ ᠶᠢᠨ 27 ᠤ ᠡᠳᠤᠷ ᠪᠤᠯᠳᠠᠯ᠎ᠠ᠂ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠲᠤᠭᠤᠷᠢᠨ ᠪᠠᠶᠢᠴᠠᠭᠠᠵᠥ《ᠡᠷᠬᠢᠵᠥ ᠬᠠᠷᠠᠬᠤ》ᠠᠵᠢᠯ ᠦᠷᠨᠢᠬᠦᠯᠪᠡ᠃ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠬᠢᠨ ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠴᠢᠭᠯᠡᠯᠳᠡ ᠶᠢ ᠨᠠᠷᠢᠨ ᠬᠢᠨᠠᠮᠠᠭᠠᠢ ᠲᠤᠤᠱᠯᠠᠭᠤᠯᠵᠥ᠂ 《ᠲᠦᠷᠪᠡᠨ ᠤᠬᠠᠮᠰᠠᠷ》 ᠢ᠋ᠶᠡᠷ ᠤᠯᠤᠰ ᠲᠦᠷᠦ ᠶᠢᠨ ᠪᠠᠷᠢᠮᠵᠢᠶ᠎ᠠ ᠪᠤᠯᠭᠠᠨ ᠨᠠᠮ ᠤᠨ ᠲᠦᠪ ᠬᠤᠷᠢᠶᠠᠨ ᠤ ᠲᠦᠪᠯᠡᠷᠡᠭᠰᠡᠡ ᠨᠢᠬᠡᠳᠤᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠪᠠᠷ ᠦᠨᠳᠦᠰᠦᠨ ᠤᠯᠤᠰ ᠲᠦᠷᠦ ᠶᠢᠨ ᠡᠬᠦᠷᠬᠡ ᠪᠤᠯᠭᠠᠵᠥ᠂《ᠲᠠᠪᠤ ᠶᠢ ᠨᠢᠬᠡ ᠴᠤᠭᠴᠠᠵᠢᠭᠤᠯᠬᠤ》ᠶᠡᠷᠤᠩᠬᠡᠢ ᠪᠠᠶᠢᠷᠢᠰᠢᠭᠤᠯᠤᠯᠳᠠ ᠪᠤᠯᠤᠨ《ᠲᠦᠷᠪᠡᠨ ᠪᠦᠬᠦ ᠲᠠᠯ᠎ᠠ》 ᠶ᠋ᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠲᠤᠤᠱᠯᠠᠭᠤᠯᠬᠤ ᠪᠠᠷ ᠦᠨᠳᠦᠰᠦᠨ ᠤᠯᠤᠰ ᠲᠦᠷᠦ ᠶᠢᠨ ᠱᠠᠭᠠᠷᠳᠠᠯᠭ᠎ᠠ ᠪᠤᠯᠭᠠᠵᠥ᠂ ᠠᠰᠠᠭᠤᠳᠠᠯ ᠤᠨ ᠤᠳᠤᠷᠢᠳᠤᠮᠵᠢ ᠶᠢ ᠲᠤᠪᠤᠶᠢᠯᠭᠠᠨ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ᠂ ᠨᠠᠮ ᠤᠨ ᠪᠠᠶᠢᠭᠤᠯᠤᠯᠳᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠭᠤᠤᠯᠳᠠᠭᠤᠯᠵᠥ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠪᠤᠯᠤᠨ ᠨᠠᠮ ᠤᠨ ᠬᠡᠰᠢᠬᠦᠨ ᠤᠳᠤᠷᠢᠳᠬᠤ ᠺᠠᠳ᠋ᠷᠴᠤᠳ ᠢ ᠠᠩᠬᠠᠷᠴᠦ᠂《ᠵᠠᠩᠬᠢᠯᠠᠭ᠎ᠠ ᠶᠢᠨ ᠴᠦᠭᠡᠨ ᠲᠤᠭᠠᠳᠠᠨ》 ᠢ᠋ ᠲᠤᠪᠤᠶᠢᠯᠭᠠᠨ᠂ ᠤᠯᠤᠰ ᠲᠦᠷᠦ ᠶᠢᠨ ᠵᠦᠷᠢᠶ᠎ᠡ ᠪᠠᠨ ᠪᠠᠶᠢᠴᠠᠭᠠᠨ ᠡᠷᠢᠵᠥ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠯᠤᠰ ᠲᠦᠷᠦ ᠶᠢᠨ ᠬᠠᠷᠢᠭᠤᠴᠠᠯᠭ᠎ᠠ᠂ ᠤᠯᠤᠰ ᠲᠦᠷᠦ ᠶᠢᠨ ᠠᠮᠢ ᠠᠬᠤᠢ᠂ ᠤᠯᠤᠰ ᠲᠦᠷᠦ ᠶᠢᠨ ᠰᠠᠬᠢᠯᠭ᠎ᠠ ᠪᠠᠳᠤ ᠶᠢ ᠬᠡᠷᠡᠭᠵᠢᠬᠦᠯᠬᠦ ᠲᠠᠯ᠎ᠠ ᠪᠠᠷ ᠤᠷᠤᠰᠢᠵᠥ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠨᠵᠡᠬᠡᠢ ᠢᠯᠡᠴᠢᠯᠡᠵᠥ᠂ ᠲᠤᠭᠤᠷᠢᠨ ᠪᠠᠶᠢᠴᠠᠭᠠᠵᠥ ᠬᠢᠨᠠᠯᠳᠠ ᠲᠠᠯᠪᠢᠬᠤ ᠠᠵᠢᠯ ᠢ ᠴᠢᠩᠭ᠎ᠠ ᠪᠦᠭᠡᠳ ᠪᠤᠳᠠᠳᠠᠢ ᠦᠷᠨᠢᠬᠦᠯᠵᠥ᠂ ᠠᠰᠠᠭᠤᠳᠠᠯ ᠢ ᠢᠯᠡᠷᠡᠬᠦᠯᠤᠨ ᠠᠶᠤᠯᠭᠠᠨ ᠰᠦᠷᠳᠡᠬᠦᠯᠵᠥ᠂ ᠦᠭᠡᠷᠡᠴᠢᠯᠡᠯᠳᠡ ᠶᠢ ᠠᠬᠢᠭᠤᠯᠤᠨ ᠬᠦᠭᠵᠢᠯᠳᠡ ᠶᠢ ᠠᠬᠢᠭᠤᠯᠵᠥ᠂ ᠤᠯᠤᠰ ᠲᠦᠷᠦ ᠶᠢᠨ《ᠮᠢᠺᠷᠤᠰᠺᠤᠫ》ᠪᠠ ᠤᠯᠤᠰ ᠲᠦᠷᠦ ᠶᠢᠨ《ᠬᠠᠶᠢᠭᠤᠯ ᠳ᠋ᠧᠩ》 ᠤ᠋ᠨ ᠦᠢᠯᠡᠳᠦᠯ ᠢ ᠬᠦᠢᠴᠡᠳ ᠪᠠᠳᠠᠷᠠᠭᠤᠯᠵᠥ᠂ ᠦᠩᠬᠡᠨ ᠲᠠᠯ᠎ᠠ ᠪᠡ ᠦᠨᠳᠦᠰᠦ ᠠᠴᠠ ᠨᠢ ᠵᠠᠰᠠᠬᠤ ᠪᠠᠶᠢᠯᠳᠤᠬᠤ ᠪᠤᠳᠤᠯᠭ᠎ᠠ ᠶᠢᠨ ᠦᠢᠯᠡᠳᠦᠯ ᠢ ᠪᠠᠳᠠᠷᠠᠭᠤᠯᠤᠭᠰᠠᠠ ᠪᠠᠶᠢᠨ᠎ᠠ᠃《ᠡᠷᠬᠢᠵᠥ ᠬᠠᠷᠠᠬᠤ》 ᠳ᠋ᠠᠭᠠᠨ ᠤᠯᠤᠰ ᠲᠦᠷᠦᠴᠢ ᠴᠢᠨᠠᠷ ᠪᠤᠯᠤᠨ ᠤᠯᠤᠰ ᠲᠦᠷᠦ ᠶᠢᠨ ᠰᠠᠬᠢᠯᠭ᠎ᠠ ᠪᠠᠳᠤ ᠶᠢ ᠲᠤᠪᠤᠶᠢᠯᠭᠠᠵᠥ᠂ ᠨᠠᠮ ᠤᠨ ᠲᠤᠳᠤᠭᠠᠳᠤ ᠶᠢᠨ ᠬᠢᠨᠠᠯᠳᠠ ᠲᠠᠯᠪᠢᠯᠳᠠ ᠶᠢᠨ ᠲᠦᠪ ᠴᠢᠩᠭ᠎ᠠ ᠴᠢᠨᠠᠷ ᠢ ᠢᠯᠡᠷᠡᠬᠦᠯᠵᠥ᠂ ᠠᠶᠤᠯᠭᠠᠨ ᠰᠦᠷᠳᠡᠬᠦᠯᠬᠦ ᠦᠷ᠎ᠡ ᠪᠦᠳᠦᠭᠡᠯ ᠢ ᠦᠷᠬᠡᠳᠭᠡᠨ ᠤᠷᠳᠤᠳᠬᠠᠭᠰᠠᠠ ᠪᠠᠶᠢᠨ᠎ᠠ᠃ ᠤᠨᠴᠠᠭᠠᠢ ᠵᠠᠷᠢᠮ ᠬᠦᠮᠥᠨ ᠲᠠᠢ ᠶᠠᠷᠢᠯᠴᠠᠬᠤ ᠠᠵᠢᠯ ᠢ ᠦᠷᠭᠡᠨ ᠲᠠᠯᠬᠡᠷᠡᠩᠬᠦᠢ ᠦᠷᠨᠢᠬᠦᠯᠬᠦ ᠪᠠᠷ ᠲᠠᠮᠵᠢᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠨᠠᠷᠢᠨ ᠬᠢᠨᠠᠮᠠᠭᠠᠢ ᠬᠦᠯᠢᠶᠡᠨ ᠰᠢᠢᠳᠪᠤᠷᠢᠯᠡᠵᠥ᠂ ᠬᠠᠮᠢᠶ᠎ᠠ ᠪᠦᠬᠦᠢ ᠪᠢᠴᠢᠭ᠌ ᠮᠠᠲ᠋ᠧᠷᠢᠶᠠᠯ ᠢ ᠤᠩᠰᠢᠨ ᠪᠠᠶᠢᠳᠠᠯ ᠢ ᠬᠦᠨᠵᠡᠬᠡᠢ ᠤᠢᠢᠯᠠᠭᠠᠵᠥ᠂ ᠲᠤᠭᠤᠷᠢᠨ ᠪᠠᠶᠢᠴᠠᠭᠠᠬᠤ ᠡᠬᠦᠷᠬᠡ ᠶᠢ ᠤᠷᠤᠭᠰᠢᠳᠠᠢ ᠪᠡᠶᠡᠯᠡᠬᠦᠯᠥᠭᠰᠡᠡ ᠪᠠᠶᠢᠨ᠎ᠠ᠃ ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠬᠢᠨ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠲᠤᠭᠤᠷᠢᠨ ᠪᠠᠶᠢᠴᠠᠭᠠᠭᠰᠠᠠ ᠪᠠᠶᠢᠳᠠᠯ ᠤᠨ ᠬᠠᠷᠢᠭᠤ ᠮᠡᠳᠡᠬᠦᠯᠥᠯᠳᠡ ᠶᠢ ᠰᠤᠨᠤᠰᠤᠭᠰᠠᠠ ᠪᠦᠭᠡᠳ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ ᠳᠤ ᠬᠠᠮᠢᠶ᠎ᠠ ᠪᠦᠬᠦᠢ ᠪᠠᠶᠢᠳᠠᠯ ᠢ ᠮᠡᠳᠡᠬᠦᠯᠵᠡᠢ᠃

    ᠶᠧ ᠴᠢᠩ ᠴᠦᠨ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠷᠮᠠᠶᠢᠨ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠵᠤ᠂ ᠳᠡᠭᠡᠷ᠎ᠠ ᠨᠢᠬᠡ ᠡᠭᠡᠯᠵᠢ ᠶᠢᠨ ᠲᠤᠭᠤᠷᠢᠨ ᠪᠠᠶᠢᠴᠠᠭᠠᠵᠤ ᠴᠡᠭᠴᠡᠯᠨ ᠰᠠᠶᠢᠵᠢᠷᠠᠭᠤᠯᠬᠤ ᠠᠵᠢᠯ ᠳᠤ ᠮᠡᠳᠡᠭᠳᠡᠮ᠎ᠠ ᠦᠷ᠎ᠠ ᠪᠦᠲᠦᠮᠵᠢ ᠤᠯᠵᠠᠢ᠃ ᠲᠤᠭᠤᠷᠢᠨ ᠪᠠᠶᠢᠴᠠᠭᠠᠬᠤ ᠳᠤᠮᠳᠠ᠂ ᠲᠤᠭᠤᠷᠢᠨ ᠪᠠᠶᠢᠴᠠᠭᠠᠬᠤ ᠳᠤᠭᠤᠢᠢᠯᠠᠩ ᠨᠢᠭᠡ ᠪᠦᠯᠦᠭ ᠠᠰᠠᠭᠤᠳᠠᠯ ᠢ ᠢᠯᠡᠷᠡᠭᠦᠯᠦᠭᠰᠡᠨ ᠪᠤᠶᠤ ᠺᠠᠳ᠋ᠷ ᠤᠯᠠᠨ ᠲᠦᠮᠡᠨ ᠪᠠᠰᠠ ᠵᠠᠷᠢᠮ ᠠᠰᠠᠭᠤᠳᠠᠯ ᠢ ᠳᠤᠰᠬᠠᠪᠠ᠂ ᠭᠤᠤᠯᠳᠠᠭᠤ᠄《ᠳᠦᠷᠪᠠᠨ ᠤᠬᠠᠮᠰᠠᠷ》ᠴᠢᠩᠭ᠎ᠠ ᠪᠢᠰᠢ᠂ ᠲᠦᠪ ᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠴᠢᠩᠭ᠎ᠠ ᠬᠦᠴᠦᠨ ᠲᠠᠢ ᠪᠢᠰᠢ᠂ ᠮᠠᠨ ᠤ ᠤᠯᠤᠰ ᠤᠨ ᠤᠮᠠᠷᠠᠲᠦ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠮᠦᠨᠬᠦ ᠴᠢᠩᠭᠠᠳᠬᠠᠬᠤ ᠴᠢᠬᠤᠯᠠᠲᠠᠢ᠂ ᠲᠦᠪ ᠤᠨ ᠤᠨᠢᠨ ᠲᠠᠬᠡᠷ᠎ᠠ ᠨᠢ ᠶᠠᠳᠠᠭᠤ ᠶᠢ ᠳᠡᠳᠭᠦᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ ᠪᠠᠶᠢᠬᠤ ᠨᠢ ᠭᠦᠢᠴᠡᠳ ᠪᠢᠰᠢ᠂ ᠵᠠᠷᠢᠮ ᠭᠠᠵᠠᠷ ᠤᠷᠤᠨ ᠤ ᠬᠢᠨ ᠡᠳ᠋ ᠤᠨ ᠵᠠᠰᠠᠭ ᠤᠨ ᠲᠤᠭ᠎ᠠ ᠪᠠᠷᠢᠮᠳᠠ ᠶᠢ ᠬᠠᠭᠤᠷᠮᠠᠭ ᠢᠶᠠᠷ ᠵᠤᠬᠢᠶᠠᠪᠠ; ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠤᠯᠪᠠᠴᠦ ᠪᠤᠳᠠᠳᠠᠢ ᠪᠢᠰᠢ᠂ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠲᠦᠪ ᠴᠢᠩᠭ᠎ᠠ ᠪᠢᠰᠢ᠂ ᠵᠠᠷᠢᠮ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠨᠠᠵᠠᠭᠠᠢ ᠪᠠᠭᠤᠷᠠᠢ ᠪᠠᠶᠢᠭᠰᠠᠭᠠᠷ; ᠬᠦᠮᠦᠨ ᠰᠤᠩᠭᠤᠬᠤ ᠬᠦᠮᠦᠨ ᠬᠡᠷᠡᠭᠯᠡᠬᠦ ᠳᠦᠷᠢᠮ ᠢ ᠬᠡᠷᠡᠭᠵᠢᠭᠦᠯᠵᠤ ᠪᠠᠶᠢᠬᠤ ᠨᠢ ᠴᠢᠩᠭ᠎ᠠ ᠪᠢᠰᠢ᠂ 《ᠠᠰᠠᠭᠤᠳᠠᠯ ᠲᠠᠢ ᠪᠠᠶᠢᠲᠠᠯ᠎ᠠ ᠰᠢᠯᠢᠨ ᠳᠡᠪᠰᠢᠭᠦᠯᠬᠦ》᠂ ᠲᠤᠭᠳᠠᠭᠠᠯ ᠠᠴᠠ ᠵᠦᠷᠢᠴᠡᠨ ᠬᠦᠮᠦᠨ ᠬᠡᠷᠡᠭᠯᠡᠬᠦ ᠵᠡᠷᠭᠡ ᠠᠰᠠᠭᠤᠳᠠᠯ ᠪᠠᠶᠢᠨ ᠳᠠᠬᠢᠨ ᠢᠯᠡᠷᠡᠵᠤ ᠪᠠᠶᠢᠨ᠎ᠠ; ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠴᠢᠩᠭ᠎ᠠ ᠬᠦᠴᠦᠨ ᠲᠠᠢ ᠪᠢᠰᠢ᠂ ᠲᠦᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠬᠡᠷᠡᠭᠵᠢᠭᠦᠯᠵᠤ ᠪᠠᠶᠢᠬᠤ ᠨᠢ ᠴᠢᠩᠭ᠎ᠠ ᠪᠢᠰᠢ᠂ ᠠᠯᠪᠠᠨ ᠵᠤᠭᠤᠰ ᠢᠶᠠᠷ ᠢᠳᠡᠵᠤ ᠤᠤᠭᠤᠬᠤ ᠵᠡᠷᠭᠡ ᠠᠰᠠᠭᠤᠳᠠᠯ ᠮᠦᠨᠬᠦ ᠡᠭᠦᠰᠴᠤ ᠪᠠᠶᠢᠨ᠎ᠠ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠪᠠ ᠠᠭᠤᠷᠬᠠᠢ ᠶᠢᠨ ᠡᠬᠢ ᠪᠠᠶᠠᠯᠢᠭ ᠤᠨ ᠨᠡᠬᠡᠬᠡᠯᠲᠡ ᠵᠡᠷᠭᠡ ᠬᠦᠷᠢᠶᠠᠨ ᠳᠤ ᠠᠷᠢᠭᠤᠨ ᠴᠢᠬᠡᠴᠢ ᠶᠢᠨ ᠠᠶᠤᠯ ᠲᠦᠭᠰᠢᠬᠦᠷᠢ ᠤᠷᠤᠰᠢᠵᠤ ᠪᠠᠶᠢᠨ᠎ᠠ; ᠳᠡᠭᠡᠷ᠎ᠠ ᠨᠢᠬᠡ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠳᠤ ᠵᠢᠭᠠᠵᠤ ᠭᠠᠷᠭᠠᠭᠰᠨ ᠪᠢᠴᠢᠭ᠌ ᠮᠠᠲ᠋ᠧᠷᠢᠶᠠᠯ ᠬᠤᠷᠠᠯ ᠬᠤᠷᠠᠯᠳᠤᠭᠠᠨ ᠬᠡᠳᠦ ᠤᠯᠠᠨ᠂ ᠲᠤᠭ᠎ᠠ ᠬᠡᠪᠴᠢᠶ᠎ᠠ ᠠᠴᠠ ᠬᠡᠳᠦᠷᠡᠲᠡᠯ᠎ᠠ ᠺᠠᠳ᠋ᠷ ᠲᠤᠬᠢᠷᠠᠭᠤᠯᠬᠤ ᠵᠡᠷᠭᠡ ᠠᠰᠠᠭᠤᠳᠠᠯ ᠢ ᠴᠡᠭᠴᠡᠯᠡᠨ ᠵᠠᠰᠠᠵᠤ ᠪᠠᠶᠢᠬᠤ ᠨᠢ ᠡᠷᠴᠢᠮ ᠮᠠᠭᠤᠲᠠᠢ ᠪᠠᠶᠢᠨ᠎ᠠ᠃ ᠡᠭᠦᠨ ᠤ ᠬᠠᠮᠲᠦ᠂ ᠲᠤᠭᠤᠷᠢᠨ ᠪᠠᠶᠢᠴᠠᠭᠠᠬᠤ ᠳᠤᠭᠤᠢᠢᠯᠠᠩ ᠵᠠᠷᠢᠮ ᠤᠳᠤᠷᠢᠳᠬᠤ ᠺᠠᠳ᠋ᠷ ᠤᠨ ᠲᠤᠬᠠᠢ ᠳᠤᠰᠬᠠᠯ ᠢ ᠤᠯᠵᠤ᠂ ᠬᠤᠯᠪᠤᠭᠳᠠᠯ ᠪᠦᠭᠦᠢ ᠲᠤᠭᠳᠠᠭᠠᠯ ᠶᠤᠰᠤᠭᠠᠷ ᠲᠦᠪ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ᠂ ᠲᠦᠪ ᠤᠨ ᠵᠤᠬᠢᠶᠠᠨ ᠪᠠᠶᠢᠭᠤᠯᠬᠤ ᠬᠡᠯᠲᠡᠰ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠰᠢᠯᠵᠢᠭᠦᠯᠦᠨ ᠲᠤᠰᠢᠶᠠᠵᠠᠢ ᠭᠡᠵᠤ ᠵᠢᠭᠠᠵᠤ ᠭᠠᠷᠭᠠᠪᠠ᠃

    ᠶᠧ ᠴᠢᠩ ᠴᠦᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠳᠤ ᠲᠠᠪᠤᠨ ᠲᠠᠯ᠎ᠠ ᠶᠢᠨ ᠰᠠᠨᠠᠯ ᠰᠠᠨᠠᠭᠤᠯᠭ᠎ᠠ ᠳᠤᠷᠠᠳᠪᠠ᠃ ᠨᠢᠭᠡ ᠳᠤ᠂ 《ᠳᠦᠷᠪᠠᠨ ᠤᠬᠠᠮᠰᠠᠷ》 ᠢ᠋ ᠴᠢᠨᠠᠭᠰᠢᠳᠠ ᠳᠡᠭᠡᠭᠰᠢᠯᠡᠭᠦᠯᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠤᠪᠤᠷᠠᠯ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠲᠦᠷᠦ ᠶᠢ ᠵᠠᠰᠠᠵᠤ ᠵᠠᠰᠠᠬ ᠢ ᠡᠷᠬᠢᠯᠡᠬᠦ ᠰᠢᠨ᠎ᠠ ᠤᠢᠢᠯᠠᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠤᠤᠱᠯᠠᠭᠤᠯᠵᠤ᠂《ᠲᠠᠪᠤ ᠶᠢ ᠨᠢᠭᠡ ᠴᠤᠭᠴᠠᠵᠢᠭᠤᠯᠬᠤ》ᠶᠡᠷᠤᠩᠬᠡᠢ ᠪᠠᠶᠢᠷᠢᠰᠢᠭᠤᠯᠤᠯᠲᠠ᠂ 《ᠳᠦᠷᠪᠡᠨ ᠪᠦᠬᠦ ᠲᠠᠯ᠎ᠠ》 ᠶ᠋ᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠪᠤᠯᠤᠨ ᠰᠢᠨ᠎ᠠ ᠬᠦᠭᠵᠢᠯᠲᠠ ᠶᠢᠨ ᠤᠢᠢᠯᠠᠭᠠᠭᠳᠠᠬᠤᠨ ᠢ ᠨᠠᠶᠢᠳᠠᠪᠤᠷᠢᠵᠢᠭᠤᠯᠵᠤ᠂《ᠳᠦᠷᠪᠡᠨ ᠢᠲᠡᠭᠡᠯ》 ᠢ᠋ ᠪᠠᠳᠤᠳᠬᠠᠵᠤ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠤᠯᠤᠨ ᠲᠦᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠤᠳᠠᠳᠠᠢ ᠳᠤ ᠨᠠᠶᠢᠳᠠᠪᠤᠷᠢᠵᠢᠭᠤᠯᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠡᠷᠬᠡ ᠰᠦᠷ ᠪᠤᠯᠤᠨ ᠲᠦᠪᠯᠡᠷᠡᠭᠰᠡᠨ ᠨᠢᠭᠡᠳᠦᠯᠲᠠᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠲᠡᠢ᠃ ᠤᠯᠤᠰ ᠲᠦᠷᠦ ᠶᠢᠨ ᠵᠤᠭᠰᠤᠯᠲᠠ ᠪᠤᠯᠤᠨ ᠤᠯᠤᠰ ᠲᠦᠷᠦ ᠶᠢᠨ ᠲᠠᠨᠢᠯᠲᠠ ᠪᠠᠨ ᠳᠡᠭᠡᠭᠰᠢᠯᠡᠭᠦᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠬᠦᠭᠵᠢᠯᠲᠠ ᠶᠢᠨ ᠬᠡᠯᠪᠡᠷᠢ ᠪᠠᠨ ᠲᠦᠷᠭᠡᠳᠬᠡᠨ ᠬᠤᠪᠢᠷᠠᠭᠤᠯᠵᠤ᠂ ᠮᠠᠨ ᠤ ᠤᠯᠤᠰ ᠤᠨ ᠤᠮᠠᠷᠠᠲᠦ ᠶᠢᠨ ᠴᠢᠬᠤᠯᠠ ᠠᠮᠢ ᠠᠬᠤᠢ ᠶᠢᠨ ᠠᠶᠤᠯᠬᠦᠢ ᠶᠢᠨ ᠬᠠᠯᠬᠠᠪᠴᠢ ᠶᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ᠃ ᠲᠦᠪ ᠤᠨ ᠤᠨᠢᠨ ᠳᠡᠭᠡᠷ᠎ᠠ ᠨᠢ ᠶᠠᠳᠠᠭᠤ ᠶᠢ ᠳᠡᠳᠭᠦᠬᠦ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠤᠬᠢᠶᠠᠭᠰᠠᠨ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠤᠯᠤᠰ ᠲᠦᠷᠦ ᠶᠢᠨ ᠵᠤᠭᠰᠤᠯᠲᠠ ᠪᠠᠨ ᠴᠢᠨᠠᠭᠰᠢᠳᠠ ᠳᠡᠭᠡᠭᠰᠢᠯᠡᠭᠦᠯᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠷᠠᠳᠴᠢᠯᠠᠯ ᠲᠦᠪᠯᠡᠷᠡᠯ ᠤᠨ ᠶᠤᠰᠤ ᠶᠢ ᠨᠠᠷᠢᠨ ᠬᠢᠨᠠᠮᠠᠭᠠᠢ ᠬᠡᠷᠡᠭᠵᠢᠭᠦᠯᠵᠤ᠂ ᠲᠦᠪ ᠤᠨ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠵᠢᠭᠤᠯᠵᠤ᠂ ᠤᠯᠤᠰ ᠲᠦᠷᠦ ᠶᠢᠨ ᠰᠠᠬᠢᠯᠭ᠎ᠠ ᠪᠠᠲᠦ ᠪᠤᠯᠤᠨ ᠤᠯᠤᠰ ᠲᠦᠷᠦ ᠶᠢᠨ ᠳᠦᠷᠢᠮ ᠲᠤᠭᠳᠠᠭᠠᠯ ᠢ ᠴᠢᠩᠭ᠎ᠠ ᠰᠠᠬᠢᠵᠤ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠬᠡᠷᠡᠭᠲᠡᠢ᠃ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠪᠤᠯᠤᠨ《ᠭᠤᠷᠪᠠᠨ ᠴᠢᠩᠭ᠎ᠠ ᠭᠤᠷᠪᠠᠨ ᠪᠤᠳᠠᠳᠠᠢ》ᠲᠤᠰᠬᠠᠢ ᠰᠡᠳᠦᠪᠲᠦ ᠬᠦᠮᠦᠵᠢᠯ ᠢᠶᠠᠷ ᠴᠡᠭᠴᠡᠯᠡᠨ ᠵᠠᠰᠠᠬᠤ ᠦᠷ᠎ᠠ ᠪᠦᠲᠦᠭᠡᠯ ᠢ ᠪᠠᠬᠢᠵᠢᠭᠦᠯᠵᠤ᠂《ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ》ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ ᠶᠢ ᠠᠬᠢᠭᠤᠯᠬᠤ ᠬᠡᠷᠡᠭᠲᠡᠢ᠃ ᠨᠠᠮ ᠤᠨ ᠭᠡᠰᠢᠭᠦᠳ ᠤᠨ ᠬᠦᠰᠡᠯᠡᠩ ᠢᠲᠡᠭᠡᠯ ᠪᠢᠰᠢᠷᠡᠯ ᠤᠨ ᠬᠦᠮᠦᠵᠢᠯ ᠢ ᠴᠢᠩᠭᠠᠳᠬᠠᠵᠤ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢ ᠴᠢᠩᠭᠠᠳᠬᠠᠵᠤ᠂《ᠭᠤᠷᠪᠠᠨ ᠬᠤᠷᠠᠯ ᠨᠢᠭᠡ ᠬᠢᠴᠢᠶᠡᠯ》 ᠤᠨ ᠳᠦᠷᠢᠮ ᠢ ᠴᠢᠩᠳᠠᠯᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠤᠯᠤᠰ ᠲᠦᠷᠤ ᠶᠢᠨ ᠬᠠᠷᠢᠭᠤᠴᠠᠯᠭ᠎ᠠ ᠪᠠᠨ ᠵᠤᠷᠢᠬᠳᠠᠢ ᠡᠬᠦᠷᠬᠡᠯᠡᠬᠦ ᠶᠢ ᠴᠢᠨᠠᠬᠰᠢᠳᠠ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠭᠡᠷᠡᠭᠳᠠᠢ᠃ ᠤᠳᠤᠷᠢᠳᠬᠤ ᠪᠠᠬ ᠤᠨ ᠪᠦᠷᠢᠯᠳᠤᠬᠦᠨ ᠪᠤᠯᠤᠨ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠶᠢᠨ ᠠᠶᠤᠯ ᠲᠦᠭᠰᠢᠬᠦᠷᠢ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠤᠳᠤᠷᠢᠳᠬᠤ ᠪᠠᠬ ᠤᠨ ᠲᠤᠰ ᠪᠠᠶ᠎ᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠰᠠᠬᠢᠯᠭ᠎ᠠ ᠪᠠᠳᠤ ᠶᠢᠨ ᠬᠢᠵᠠᠭᠠᠷᠯᠠᠯ ᠢ ᠴᠢᠩᠭᠠᠳᠬᠠᠬᠤ ᠭᠡᠷᠡᠭᠳᠠᠢ᠃ ᠰᠠᠬᠢᠯᠭ᠎ᠠ ᠪᠠᠳᠤ ᠶᠢᠨ ᠬᠡᠷᠡᠭᠵᠢᠬᠦᠯᠦᠯᠳᠡ ᠳᠤ ᠬᠢᠨᠠᠯᠳᠠ ᠲᠠᠯᠪᠢᠬᠤ《ᠲᠦᠷᠪᠡᠨ ᠵᠦᠢᠯ ᠤᠨ ᠪᠠᠶᠢᠳᠠᠯ》 ᠢ᠋ ᠰᠠᠶᠢᠳᠤᠷ ᠠᠰᠢᠬᠯᠠᠵᠤ᠂ ᠲᠤᠭᠤᠷᠢᠨ ᠪᠠᠶᠢᠴᠠᠭᠠᠵᠤ ᠰᠢᠯᠵᠢᠬᠦᠯᠤᠨ ᠲᠤᠰᠢᠶᠠᠬᠰᠠᠨ ᠠᠰᠠᠭᠤᠳᠠᠯ ᠤᠨ ᠰᠦᠪᠡᠭᠴᠢ ᠶᠢ ᠨᠠᠷᠢᠨ ᠬᠢᠨᠠᠮᠠᠭᠠᠢ ᠬᠠᠷᠠᠭᠤᠭᠤᠯᠤᠨ ᠪᠠᠶᠢᠴᠠᠭᠠᠬᠤ ᠭᠡᠷᠡᠭᠳᠠᠢ᠃ ᠲᠦᠪ ᠤᠨ ᠨᠠᠶ᠋ᠮᠠᠨ ᠲᠤᠭᠳᠠᠭᠠᠯ ᠤᠨ ᠵᠤᠷᠢᠬ ᠰᠠᠨᠠᠭ᠎ᠠ ᠶᠢ ᠭᠡᠷᠡᠭᠵᠢᠬᠦᠯᠬᠦ ᠰᠠᠨᠠᠯ ᠢ ᠨᠠᠶᠢᠳᠠᠪᠤᠷᠢᠵᠢᠭᠤᠯᠤᠬᠰᠠᠨ ᠪᠠᠶᠢᠳᠠᠯ ᠢ ᠲᠠᠬᠢᠨ ᠰᠢᠯᠤᠭᠤᠳᠬᠠᠵᠤ᠂ ᠪᠠᠷᠢᠮᠳᠠᠯᠠᠬᠤ ᠶᠠᠪᠤᠴᠠ ᠳᠤ ᠬᠦᠨᠵᠡᠬᠡᠶᠢᠷᠡᠬᠦᠯᠤᠨ ᠬᠦᠨᠵᠡᠬᠡᠶᠢᠷᠡᠬᠦᠯᠬᠦ ᠶᠠᠪᠤᠴᠠ ᠳᠤ ᠪᠠᠷᠢᠮᠳᠠᠯᠠᠵᠤ᠂ ᠰᠦᠷᠬᠡᠬᠦᠯᠤᠨ ᠰᠠᠬᠢᠯᠭ᠎ᠠ ᠪᠠᠳᠤ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠰᠢᠳᠬᠡᠬᠦ ᠭᠡᠷᠡᠭᠳᠠᠢ᠃ ᠲᠦᠷᠪᠡ ᠳᠤ᠂ ᠬᠦᠮᠤᠨ ᠭᠡᠷᠡᠭᠯᠡᠬᠦ ᠵᠦᠪ ᠤᠳᠤᠷᠢᠳᠤᠮᠵᠢ ᠶᠢ ᠴᠢᠨᠠᠬᠰᠢᠳᠠ ᠪᠤᠢ ᠪᠤᠯᠭᠠᠵᠤ᠂ ᠺᠠᠳ᠋ᠷ ᠢ ᠰᠢᠯᠢᠨ ᠲᠡᠪᠰᠢᠬᠦᠯᠬᠦ ᠪᠠ ᠬᠠᠮᠢᠶᠠᠷᠬᠤ ᠶᠢ ᠴᠢᠩᠭᠠᠳᠬᠠᠬᠤ ᠭᠡᠷᠡᠭᠳᠠᠢ᠃ ᠨᠠᠮ ᠤᠨ ᠺᠠᠳ᠋ᠷ ᠢ ᠬᠠᠮᠢᠶᠠᠷᠬᠤ ᠵᠠᠷᠴᠢᠮ ᠪᠤᠯᠤᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠳᠠᠯᠠᠵᠤ᠂ ᠬᠦᠮᠤᠨ ᠰᠤᠩᠭᠤᠬᠤ ᠬᠦᠮᠤᠨ ᠭᠡᠷᠡᠭᠯᠡᠬᠦ ᠪᠤᠭᠤᠮᠳᠠ ᠶᠢ ᠴᠢᠩᠭ᠎ᠠ ᠡᠵᠡᠮᠳᠡᠵᠤ᠂ ᠠᠰᠠᠭᠤᠳᠠᠯ ᠲᠠᠢ ᠪᠠᠶᠢᠳᠠᠯ᠎ᠠ ᠰᠢᠯᠢᠨ ᠲᠡᠪᠰᠢᠬᠦᠯᠬᠦ᠂ ᠠᠰᠠᠭᠤᠳᠠᠯ ᠲᠠᠢ ᠪᠠᠶᠢᠳᠠᠯ᠎ᠠ ᠠᠵᠢᠯ ᠤᠨ ᠪᠠᠶᠢᠷᠢᠨ ᠳᠤ ᠭᠠᠷᠭᠠᠬᠤ᠂ ᠲᠤᠷ᠎ᠠ ᠪᠠᠷ ᠢᠶᠠᠨ ᠲᠠᠬᠢᠨ ᠲᠠᠪᠳᠠᠨ ᠺᠠᠳ᠋ᠷ ᠢ ᠰᠢᠯᠵᠢᠬᠦᠯᠵᠤ ᠲᠤᠬᠢᠷᠠᠭᠤᠯᠬᠤ ᠶᠢ ᠡᠷᠡᠰ ᠴᠠᠭᠠᠵᠠᠯᠠᠬᠤ ᠭᠡᠷᠡᠭᠳᠠᠢ᠃ ᠬᠦᠮᠤᠨ ᠰᠤᠩᠭᠤᠬᠤ ᠬᠦᠮᠤᠨ ᠭᠡᠷᠡᠭᠯᠡᠬᠦ ᠬᠠᠷᠠᠴᠠ ᠪᠠᠨ ᠬᠤᠯᠠ ᠲᠠᠯᠪᠢᠵᠤ᠂ ᠤᠷᠤᠨ ᠲᠤᠭ᠎ᠠ ᠠᠴᠠ ᠬᠡᠳᠤᠷᠡᠬᠦᠯᠤᠨ ᠺᠠᠳ᠋ᠷ ᠲᠤᠬᠢᠷᠠᠭᠤᠯᠬᠤ ᠠᠰᠠᠭᠤᠳᠠᠯ ᠢ ᠴᠡᠭᠴᠡᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠺᠠᠳ᠋ᠷ ᠢ ᠰᠢᠯᠢᠨ ᠲᠡᠪᠰᠢᠬᠦᠯᠬᠦ ᠲᠡᠰ ᠲᠠᠷᠠᠭᠠᠯᠠᠯ ᠢ ᠴᠢᠩᠭᠠᠳᠬᠠᠵᠤ᠂ ᠺᠠᠳ᠋ᠷᠴᠤᠳ ᠤᠨ ᠡᠳᠤᠷ ᠲᠤᠳᠤᠮ ᠤᠨ ᠬᠠᠮᠢᠶᠠᠷᠤᠯᠳᠠ ᠶᠢ ᠦᠨᠡᠨᠬᠦ ᠴᠢᠩᠭᠠᠳᠬᠠᠬᠤ ᠭᠡᠷᠡᠭᠳᠠᠢ᠃ ᠲᠠᠪᠤ ᠳᠤ᠂ ᠲᠤᠭᠤᠷᠢᠨ ᠪᠠᠶᠢᠴᠠᠭᠠᠵᠤ ᠴᠡᠭᠴᠡᠯᠠᠨ ᠰᠠᠶᠢᠵᠢᠷᠠᠭᠤᠯᠬᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠴᠢᠨᠠᠬᠰᠢᠳᠠ ᠨᠠᠶᠢᠳᠠᠪᠤᠷᠢᠵᠢᠭᠤᠯᠵᠤ᠂ ᠲᠤᠭᠤᠷᠢᠨ ᠪᠠᠶᠢᠴᠠᠭᠠᠵᠤ ᠴᠡᠭᠴᠡᠯᠠᠨ ᠰᠠᠶᠢᠵᠢᠷᠠᠭᠤᠯᠬᠤ ᠱᠠᠭᠠᠷᠳᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠳᠠᠢ᠃ ᠲᠤᠤᠷ᠎ᠠ ᠱᠠᠳᠤᠨ ᠠᠴᠠ ᠲᠡᠭᠡᠷ᠎ᠠ ᠱᠠᠳᠤ ᠶᠢ ᠦᠵᠡᠬᠦ ᠶᠢ ᠪᠠᠷᠢᠮᠳᠠᠯᠠᠵᠤ᠂ ᠲᠤᠭᠤᠷᠢᠨ ᠪᠠᠶᠢᠴᠠᠭᠠᠬᠤ ᠳᠤ ᠢᠯᠡᠷᠡᠬᠦᠯᠦᠭᠰᠡᠨ ᠠᠰᠠᠭᠤᠳᠠᠯ ᠲᠠᠢ ᠬᠠᠷᠭᠤᠭᠤᠯᠤᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠵᠤ᠂ ᠠᠰᠠᠭᠤᠳᠠᠯ ᠤᠨ ᠤᠬ ᠦᠨᠳᠤᠰᠤ ᠶᠢ ᠬᠦᠨᠵᠡᠬᠡᠢ ᠵᠠᠳᠠᠯᠤᠨ ᠨᠢᠬᠡ ᠠᠴᠠ ᠵᠦᠢᠴᠢᠯᠠᠵᠤ ᠨᠦᠬᠦᠬᠡ ᠶᠢ ᠮᠡᠳᠡᠬᠦ ᠭᠡᠷᠡᠭᠳᠠᠢ᠃ ᠴᠡᠭᠴᠡᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠷᠢᠨ ᠬᠢᠨᠠᠮᠠᠭᠠᠢ ᠴᠡᠭᠴᠡᠯᠠᠨ ᠰᠠᠶᠢᠵᠢᠷᠠᠭᠤᠯᠬᠤ ᠦᠬᠡᠢ᠂ ᠬᠦᠩᠬᠡᠨ ᠬᠠᠭᠤᠮᠠᠬᠠᠢ ᠬᠠᠰᠢ ᠶᠠᠰᠢ ᠤᠷᠤᠬᠰᠠᠳ ᠠᠴᠠ ᠬᠠᠷᠢᠭᠤᠴᠠᠯᠭ᠎ᠠ ᠨᠡᠬᠡᠮᠵᠢᠯᠡᠬᠦ ᠭᠡᠷᠡᠭᠳᠠᠢ᠃ ᠲᠤᠭᠤᠷᠢᠨ ᠪᠠᠶᠢᠴᠠᠭᠠᠬᠰᠠᠨ ᠦᠷ᠎ᠠ ᠪᠦᠳᠤᠬᠡᠯ ᠢ ᠰᠠᠶᠢᠳᠤᠷ ᠠᠰᠢᠬᠯᠠᠵᠤ ᠴᠡᠭᠴᠡᠯᠠᠨ ᠰᠠᠶᠢᠵᠢᠷᠠᠭᠤᠯᠬᠤ ᠪᠠᠷ ᠠᠵᠠ ᠲᠤᠬᠢᠶᠠᠯ ᠪᠤᠯᠭᠠᠵᠤ᠂ ᠦᠬᠡᠷᠡᠴᠢᠯᠠᠯᠳᠠ ᠶᠢ ᠠᠬᠢᠭᠤᠯᠤᠨ ᠬᠦᠭᠵᠢᠯᠳᠠ ᠶᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠭᠤᠵᠢᠭᠤ ᠰᠤᠯᠠ ᠵᠦᠬᠡᠯᠡᠨ ᠪᠠᠶᠢᠭᠰᠠᠨ ᠠᠴᠠ ᠬᠠᠳᠠᠭᠤ ᠴᠢᠩᠭ᠎ᠠ ᠲᠡᠰᠢ ᠠᠬᠢᠭᠤᠯᠬᠤ ᠭᠡᠷᠡᠭᠳᠠᠢ᠃ ᠴᠧᠨ ᠰᠢ ᠲᠤᠭᠤᠷᠢᠨ ᠪᠠᠶᠢᠴᠠᠭᠠᠯᠳᠠ ᠴᠡᠭᠴᠡᠯᠡᠨ ᠰᠠᠶᠢᠵᠢᠷᠠᠭᠤᠯᠤᠯᠳᠠ ᠳᠤ ᠳᠤᠳᠤᠷᠬᠠᠢ ᠱᠠᠭᠠᠷᠳᠠᠯᠭ᠎ᠠ ᠲᠤᠷᠠᠳᠴᠤ᠂ ᠲᠤᠭᠤᠷᠢᠨ ᠪᠠᠶᠢᠴᠠᠭᠠᠬᠤ ᠪᠤᠯ ᠠᠰᠠᠭᠤᠳᠠᠯ ᠢ ᠢᠯᠡᠷᠡᠬᠦᠯᠵᠤ᠂ ᠴᠡᠭᠴᠡᠯᠠᠨ ᠰᠠᠶᠢᠵᠢᠷᠠᠭᠤᠯᠬᠤ ᠪᠤᠯ ᠠᠰᠠᠭᠤᠳᠠᠯ ᠢ ᠰᠢᠢᠳᠪᠤᠷᠢᠯᠡᠬᠦ ᠪᠤᠯᠤᠨ᠎ᠠ᠃ ᠲᠤᠭᠤᠷᠢᠨ ᠪᠠᠶᠢᠴᠠᠭᠠᠬᠤ ᠪᠤᠯ ᠤᠯᠤᠰ ᠲᠦᠷᠤ ᠶᠢᠨ《ᠦᠩᠬᠡᠷᠡᠯᠳᠠ》᠂ ᠴᠡᠭᠴᠡᠯᠠᠨ ᠰᠠᠶᠢᠵᠢᠷᠠᠭᠤᠯᠬᠤ ᠪᠤᠯ ᠤᠯᠤᠰ ᠲᠦᠷᠤ ᠶᠢᠨ ᠡᠬᠦᠷᠬᠡ ᠪᠤᠯᠤᠨ᠎ᠠ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠢᠨ 《ᠲᠦᠷᠪᠡᠨ ᠤᠬᠠᠮᠰᠠᠷ》 ᠢ᠋ᠶᠠᠨ ᠲᠡᠭᠡᠭᠰᠢᠯᠡᠬᠦᠯᠵᠤ᠂ ᠤᠯᠤᠰ ᠲᠦᠷᠤ ᠶᠢᠨ ᠬᠠᠷᠢᠭᠤᠴᠠᠯᠭ᠎ᠠ ᠪᠠᠨ ᠴᠢᠩᠭᠠᠳᠬᠠᠨ ᠲᠤᠭᠤᠷᠢᠨ ᠪᠠᠶᠢᠴᠠᠭᠠᠬᠤ ᠳᠤ ᠢᠯᠡᠷᠡᠬᠦᠯᠦᠭᠰᠡᠨ ᠠᠰᠠᠭᠤᠳᠠᠯ ᠢ ᠵᠠᠯᠠᠷᠠᠭᠤᠯᠵᠤ᠂ ᠨᠢᠬᠡᠳ ᠨᠢᠬᠡᠳ ᠢᠶᠠᠷ ᠠᠳᠬᠤᠵᠤ᠂ 《ᠲᠦᠷᠪᠡᠨ ᠤᠬᠠᠮᠰᠠᠷ》 ᠢ᠋ ᠪᠤᠳᠠᠳᠠᠢ ᠠᠵᠢᠯᠯᠠᠭ᠎ᠠ ᠲᠡᠭᠡᠷ᠎ᠠ ᠪᠠᠨ ᠢᠯᠡᠷᠡᠬᠦᠯᠬᠦ ᠭᠡᠷᠡᠭᠳᠠᠢ᠃ ᠲᠦᠪ ᠤᠨ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠬᠠᠷᠢᠭᠤ ᠲᠤᠰᠬᠠᠬᠰᠠᠨ ᠰᠠᠨᠠᠯ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠠᠰᠠᠭᠤᠳᠠᠯ ᠤᠨ ᠤᠬ ᠦᠨᠳᠤᠰᠤ ᠶᠢ ᠬᠦᠨᠵᠡᠬᠡᠢ ᠮᠠᠯᠳᠠᠵᠤ ᠤᠨᠢᠨ ᠲᠡᠭᠡᠷ᠎ᠠ ᠨᠢ ᠬᠦᠴᠤᠯᠠᠨ ᠶᠠᠷᠤᠩᠬᠡᠶᠢᠯᠠᠨ ᠭᠡᠷᠡᠭᠵᠢᠬᠦᠯᠵᠤ᠂ ᠤᠳᠤᠬᠠᠨ ᠳᠤ ᠰᠠᠶᠢᠵᠢᠷᠠᠭᠤᠯᠬᠤ ᠠᠷᠭ᠎ᠠ ᠬᠡᠮᠵᠢᠶ᠎ᠠ ᠪᠠᠶᠢᠬᠤ ᠪᠠᠷ ᠪᠠᠷᠠᠬᠤ ᠦᠬᠡᠢ ᠪᠠᠰᠠ ᠤᠷᠳᠤ ᠬᠤᠭᠤᠴᠠᠭ᠎ᠠ ᠪᠦᠳᠤᠮᠵᠢᠳᠠᠢ ᠪᠠᠶᠢᠬᠤ ᠲᠤᠭᠳᠠᠴᠠ ᠶᠢ ᠲᠡᠬᠦᠯᠳᠡᠷᠵᠢᠬᠦᠯᠵᠤ᠂ ᠵᠦᠢᠯ ᠪᠦᠬᠦᠨ ᠢ ᠴᠡᠭᠴᠡᠯᠠᠨ ᠰᠠᠶᠢᠵᠢᠷᠠᠭᠤᠯᠵᠤ᠂ ᠠᠰᠠᠭᠤᠳᠠᠯ ᠪᠦᠬᠦᠨ ᠢ ᠨᠠᠶᠢᠳᠠᠪᠤᠷᠢᠵᠢᠭᠤᠯᠬᠤ ᠭᠡᠷᠡᠭᠳᠠᠢ᠃ ᠨᠠᠮ ᠤᠨ ᠬᠤᠷᠢᠶ᠎ᠠ ᠶᠢᠨ ᠱᠦᠵᠢ ᠪᠤᠯᠤᠨ ᠤᠳᠤᠷᠢᠳᠬᠤ ᠪᠠᠬ ᠤᠨ ᠪᠦᠷᠢᠯᠳᠤᠬᠦᠨ ᠦᠪᠡᠷ ᠢ ᠪᠠᠨ ᠵᠢᠬᠰᠠᠭᠠᠨ ᠤᠷᠤᠭᠤᠯᠵᠤ᠂ ᠤᠬᠠᠮᠰᠠᠷ ᠠᠴᠠ ᠪᠠᠨ ᠨᠠᠮ ᠤᠨ ᠲᠦᠯᠤᠬᠡ ᠵᠤᠷᠢᠬᠳᠠᠢ ᠬᠠᠷᠢᠭᠤᠴᠠᠵᠤ ᠨᠠᠮ ᠤᠨ ᠲᠦᠯᠤᠬᠡ ᠬᠠᠷᠢᠭᠤᠴᠠᠯᠭ᠎ᠠ ᠪᠠᠨ ᠬᠦᠢᠴᠡᠳᠬᠡᠨ ᠨᠠᠮ ᠤᠨ ᠲᠦᠯᠤᠬᠡ ᠬᠠᠷᠢᠭᠤᠴᠠᠯᠭ᠎ᠠ ᠡᠬᠦᠷᠬᠡᠯᠠᠵᠤ᠂ ᠤᠬᠠᠮᠰᠠᠷ ᠠᠴᠠ ᠪᠠᠨ ᠬᠠᠷᠢᠭᠤᠴᠠᠯᠭ᠎ᠠ ᠶᠢ ᠲᠠᠭᠠᠭᠠᠨ ᠠᠪᠴᠤ᠂ ᠲᠠᠭᠠᠭᠤᠯᠤᠨ ᠴᠡᠭᠴᠡᠯᠠᠨ ᠰᠠᠶᠢᠵᠢᠷᠠᠭᠤᠯᠵᠤ᠂ ᠡᠬᠦᠷᠬᠡ ᠶᠢ ᠱᠠᠯᠠᠪᠳᠠᠭᠤᠯᠵᠤ ᠠᠬᠢᠴᠠ ᠶᠢ ᠱᠠᠯᠠᠪᠳᠠᠭᠤᠯᠤᠨ ᠦᠷ᠎ᠠ ᠠᠰᠢᠬ ᠢ ᠱᠠᠯᠠᠪᠳᠠᠭᠤᠯᠵᠤ᠂ ᠲᠠᠨᠢᠯᠳᠠ ᠶᠢ ᠪᠠᠶᠢᠴᠠᠭᠠᠵᠤ ᠬᠠᠷᠢᠭᠤᠴᠠᠯᠭ᠎ᠠ ᠶᠢ ᠪᠠᠶᠢᠴᠠᠭᠠᠨ ᠰᠤᠷᠳᠠᠯ ᠢ ᠪᠠᠶᠢᠴᠠᠭᠠᠵᠤ᠂ ᠦᠨᠡᠨ ᠵᠦᠪᠰᠢᠶᠡᠷᠡᠵᠤ ᠦᠨᠡᠨ ᠰᠡᠩᠬᠡᠷᠡᠨ ᠦᠨᠡᠨ ᠴᠡᠭᠴᠡᠯᠠᠨ ᠰᠠᠶᠢᠵᠢᠷᠠᠭᠤᠯᠵᠤ ᠦᠨᠡᠨ ᠬᠠᠷᠢᠭᠤᠴᠠᠵᠤ᠂ ᠲᠤᠭᠤᠷᠢᠨ ᠪᠠᠶᠢᠴᠠᠭᠠᠬᠰᠠᠨ ᠦᠷ᠎ᠠ ᠪᠦᠳᠤᠬᠡᠯ ᠤᠨ ᠬᠡᠷᠡᠭᠵᠢᠬᠦᠯᠦᠯᠳᠡ ᠪᠤᠯᠤᠨ ᠴᠡᠭᠴᠡᠯᠠᠨ ᠰᠠᠶᠢᠵᠢᠷᠠᠭᠤᠯᠤᠬᠰᠠᠨ ᠦᠷ᠎ᠠ ᠪᠦᠳᠤᠮᠵᠢ ᠪᠠᠷ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠬᠤ ᠭᠡᠷᠡᠭᠳᠠᠢ᠃ ᠲᠤᠭᠤᠷᠢᠨ ᠪᠠᠶᠢᠴᠠᠭᠠᠵᠤ ᠴᠡᠭᠴᠡᠯᠠᠨ ᠰᠠᠶᠢᠵᠢᠷᠠᠭᠤᠯᠤᠬᠰᠠᠨ ᠪᠠᠶᠢᠳᠠᠯ ᠢ ᠵᠤᠬᠢᠬᠤ ᠬᠡᠯᠪᠡᠷᠢ ᠪᠠᠷ ᠨᠡᠶᠢᠬᠡᠮ ᠨᠡᠶᠢᠳᠡ ᠳᠤ ᠨᠡᠶᠢᠳᠠᠯᠠᠵᠤ᠂ ᠺᠠᠳ᠋ᠷ ᠤᠯᠠᠨ ᠲᠦᠮᠡᠨ ᠤ ᠬᠢᠨᠠᠯᠳᠠ ᠶᠢ ᠬᠦᠯᠢᠶᠠᠵᠤ᠂ ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠠᠯᠪᠠᠨ ᠭᠡᠷ ᠤᠨ ᠬᠢᠨ ᠴᠠᠭ ᠲᠤᠨᠢ ᠲᠤᠬᠢᠷᠠᠭᠤᠯᠤᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠵᠤ ᠦᠷᠨᠢᠬᠦᠯᠬᠦ ᠪᠤᠯᠤᠨ᠎ᠠ ᠬᠡᠵᠤ ᠴᠢᠬᠤᠯᠠᠴᠢᠯᠠᠪᠠ᠃

    ᠯᠢ ᠵᠢᠢ ᠡᡁᠧᠩ ᠤᠪᠤᠷ ᠢᠶᠠᠨ ᠢᠯᠡᠳᠬᠡᠬᠦ ᠶᠠᠷᠢᠶᠠᠨ ᠳᠠᠭᠠᠨ᠂ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ ᠮᠠᠨ ᠤ ᠤᠷᠤᠨ ᠳᠤ ᠲᠤᠭᠤᠷᠢᠨ ᠪᠠᠶᠢᠴᠠᠭᠠᠵᠤ《ᠡᠷᠬᠢᠵᠤ ᠬᠠᠷᠠᠬᠤ》ᠠᠵᠢᠯ ᠦᠷᠨᠢᠬᠦᠯᠦᠭᠰᠡᠨ ᠨᠢ ᠦᠪᠤᠷ ᠮᠤᠩᠭᠤᠯ ᠤᠨ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ᠂ ᠨᠠᠮ ᠤᠨ ᠪᠠᠶᠢᠭᠤᠯᠤᠯᠳᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠲᠠᠯ᠎ᠠ ᠪᠠᠷ ᠨᠢᠬᠡ ᠤᠳᠠᠭ᠎ᠠ ᠶᠢᠨ ᠤᠯᠤᠰ ᠲᠦᠷᠤ ᠶᠢᠨ ᠪᠠᠶᠢᠴᠠᠭᠠᠯᠳᠠ ᠪᠤᠯᠤᠨ《ᠰᠤᠳᠠᠯ ᠪᠠᠷᠢᠬᠤ ᠤᠨᠤᠰᠢᠯᠠᠯᠳᠠ》ᠪᠠᠶᠢᠵᠤ᠂ ᠮᠦᠨᠴᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠬ ᠪᠤᠯᠤᠨ ᠨᠠᠮ ᠤᠨ ᠬᠡᠰᠢᠬᠦᠨ ᠤᠳᠤᠷᠢᠳᠬᠤ ᠺᠠᠳ᠋ᠷ ᠤᠨ ᠡᠩᠨᠡᠭᠡ ᠳᠤ ᠦᠭᠬᠦᠭᠰᠡᠨ ᠨᠢᠬᠡ ᠤᠳᠠᠭ᠎ᠠ ᠶᠢᠨ ᠨᠠᠮᠴᠢ ᠴᠢᠨᠠᠷ ᠤᠨ ᠬᠠᠳᠠᠭᠤᠵᠢᠯ ᠪᠠ ᠰᠡᠷᠡᠮᠵᠢᠯᠡᠬᠦᠯᠤᠯ ᠤᠨ ᠬᠦᠮᠤᠵᠢᠯ ᠪᠤᠯᠤᠨ᠎ᠠ᠃ ᠡᠨᠡ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠦᠪᠤᠷ ᠮᠤᠩᠭᠤᠯ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ ᠳᠤᠳᠤᠨᠤ ᠪᠠᠷ ᠬᠠᠯᠠᠮᠵᠢᠯᠠᠵᠤ ᠪᠠᠶᠢᠬᠤ ᠶᠢ ᠬᠦᠢᠴᠡᠳ ᠬᠠᠷᠠᠭᠤᠯᠵᠤ ᠪᠠᠶᠢᠨ᠎ᠠ᠃ ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠳᠤ ᠵᠢᠭᠠᠵᠤ ᠭᠠᠷᠭᠠᠬᠰᠠᠨ ᠠᠰᠠᠭᠤᠳᠠᠯ ᠪᠦᠷᠢ ᠨᠢ ᠭᠤᠤᠯ ᠵᠦᠢᠯ ᠢ ᠲᠤᠰᠬᠠᠵᠤ᠂ ᠬᠦᠮᠦᠰ ᠢ ᠭᠦᠨ ᠪᠤᠳᠤᠯᠭᠠᠰᠢᠷᠠᠭᠤᠯᠵᠤ᠂ ᠬᠦᠮᠦᠰ ᠢ ᠰᠡᠷᠡᠮᠵᠢᠯᠡᠭᠦᠯᠦᠨ᠎ᠡ; ᠳᠤᠷᠠᠳᠤᠬᠰᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢᠨ ᠵᠤᠬᠰᠤᠯᠳᠠ ᠦᠨᠳᠦᠷ᠂ ᠪᠤᠲᠠᠲᠠᠢ ᠳᠤ ᠨᠡᠶᠢᠴᠡᠨ ᠠᠮᠢᠨ ᠭᠠᠵᠠᠷ ᠲᠤ ᠤᠨᠤᠭᠠᠪᠠ᠂ ᠪᠢᠳᠠ ᠯᠠᠪᠳᠠᠢ ᠴᠢᠩ ᠦᠨᠡᠨᠴᠢ ᠪᠠᠷ ᠪᠦᠬᠦᠨ ᠢᠶᠠᠷ ᠨᠢ ᠬᠦᠯᠢᠶᠡᠨ ᠠᠪᠴᠤ᠂ ᠲᠦᠪ ᠬᠤᠷᠢᠶᠠᠨ ᠤ ᠱᠠᠭᠠᠷᠳᠠᠯᠭ᠎ᠠ ᠶᠢ ᠴᠢᠩᠭ᠎ᠠ ᠦᠨᠳᠦᠰᠦᠯᠡᠨ ᠡᠷᠡᠰ ᠲᠦᠢᠯᠪᠤᠷᠢᠲᠠᠢ᠂ ᠲᠡᠷᠡ ᠬᠡᠪ ᠢᠶᠠᠷ ᠨᠢ ᠴᠡᠭᠴᠡᠯᠡᠨ ᠰᠠᠶᠢᠵᠢᠷᠠᠭᠤᠯᠬᠤ ᠶᠢ ᠰᠠᠶᠢᠳᠤᠷ ᠠᠳᠬᠤᠨ᠎ᠠ᠃ ᠲᠤᠰ ᠤᠳᠠᠭ᠎ᠠ ᠶᠢᠨ ᠬᠠᠷᠢᠭᠤ ᠲᠤᠰᠬᠠᠬᠤ ᠬᠤᠷᠠᠯ ᠤᠨ ᠳᠠᠷᠠᠭ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ᠂ ᠪᠦᠬᠦ ᠤᠷᠤᠨ ᠤ ᠲᠤᠭᠤᠷᠢᠨ ᠪᠠᠶᠢᠴᠠᠭᠠᠵᠤ《ᠡᠷᠬᠢᠵᠦ ᠬᠠᠷᠠᠭᠰᠠᠨ》ᠬᠠᠷᠢᠭᠤ ᠲᠤᠰᠬᠠᠭᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠬᠤ ᠳᠠᠶᠢᠴᠢᠯᠠᠯᠳᠠ ᠶᠢᠨ ᠬᠤᠷᠠᠯ᠂ ᠲᠤᠰᠬᠠᠢ ᠰᠡᠳᠦᠪᠲᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠠᠷᠤᠢ ᠲᠦᠷᠭᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠠᠰᠠᠭᠤᠳᠠᠯ ᠤᠨ ᠡᠬᠢ ᠦᠨᠳᠦᠰᠦ ᠶᠢ ᠬᠦᠨᠵᠡᠭᠡᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠤᠨ ᠦᠵᠡᠯ ᠰᠠᠨᠠᠭ᠎ᠠ ᠪᠡ ᠦᠢᠯᠡ ᠠᠵᠢᠯᠯᠠᠭ᠎ᠠ ᠪᠠᠨ ᠲᠦᠪ ᠤᠨ ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠤᠲᠠᠲᠠᠢ ᠠᠵᠢᠯᠯᠠᠭ᠎ᠠ ᠪᠠ ᠦᠷ᠎ᠡ ᠪᠦᠲᠦᠮᠵᠢ ᠪᠠᠷ ᠤᠯᠤᠰ ᠲᠦᠷᠦ ᠶᠢᠨ ᠦᠨᠡᠨᠴᠢ ᠰᠢᠳᠤᠷᠭᠤ ᠪᠠᠨ ᠳᠤᠳᠤᠷᠬᠠᠢᠢᠯᠠᠨ ᠲᠠᠶᠢᠯᠪᠤᠷᠢᠯᠠᠨ᠎ᠠ ᠬᠡᠵᠥ ᠵᠢᠭᠠᠵᠥ ᠭᠠᠷᠭᠠᠪᠠ᠃

    ᠯᠢ ᠵᠢᠢ ᠾᠧᠩ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠬ ᠰᠠᠨᠠᠭ᠎ᠠ ᠪᠠ ᠲᠦᠷᠦ ᠶᠢ ᠵᠠᠰᠠᠵᠤ ᠵᠠᠰᠠᠬ ᠢ ᠡᠷᠬᠢᠯᠡᠬᠦ ᠰᠢᠨ᠎ᠡ ᠤᠢᠢᠯᠠᠭᠠᠬᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ 《ᠳᠦᠷᠪᠡᠨ ᠤᠬᠠᠮᠰᠠᠷ》 ᠢ᠋ ᠪᠠᠲᠤ ᠪᠤᠢ ᠪᠤᠯᠭᠠᠵᠤ《ᠳᠦᠷᠪᠡᠨ ᠢᠲᠡᠭᠡᠯ》 ᠢ᠋ ᠪᠠᠲᠤᠳᠬᠠᠨ᠂ ᠴᠠᠬ ᠢᠮᠠᠬᠲᠠ ᠤᠴᠢᠷ ᠶᠠᠪᠤᠳᠠᠯ ᠪᠤᠯᠭᠠᠨ ᠢ ᠨᠠᠮ ᠤᠨ ᠲᠦᠪ ᠬᠤᠷᠢᠶ᠎ᠠ ᠲᠠᠢ ᠨᠢᠭᠡᠳᠦᠯᠲᠡᠢ ᠪᠠᠶᠢᠯᠭᠠᠵᠤ᠂ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠲᠠᠢ ᠨᠢᠭᠡᠳᠦᠯᠲᠡᠢ ᠪᠠᠶᠢᠯᠭᠠᠵᠤ᠂ ᠨᠠᠮ ᠤᠨ ᠲᠦᠪ ᠬᠤᠷᠢᠶ᠎ᠠ ᠶᠢᠨ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠡᠳᠦᠯᠲᠡᠢ ᠪᠠᠶᠢᠯᠭᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠢ ᠡᠷᠡᠰ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠢᠮᠠᠬᠲᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ᠂ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠲᠤᠯᠤᠭᠠᠢᠢᠯᠠᠨ ᠴᠡᠭᠴᠡᠯᠡᠨ ᠰᠠᠶᠢᠵᠢᠷᠠᠭᠤᠯᠬᠤ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠠᠷᠭ᠎ᠠ ᠪᠠᠷᠢᠯ ᠢ ᠨᠠᠷᠢᠯᠢᠬᠵᠢᠭᠤᠯᠬᠤ ᠶᠢ ᠴᠢᠩᠭ᠎ᠠ ᠠᠳᠬᠤᠵᠤ᠂ ᠠᠪᠤᠨ ᠳᠤᠤᠷ᠎ᠠ ᠪᠠᠨ ᠰᠢᠢᠳᠪᠦᠷᠢᠯᠡᠵᠦ ᠪᠤᠯᠬᠤ ᠶᠢ ᠨᠢ ᠴᠦᠮ ᠲᠡᠷᠡ ᠳᠤᠤᠷ᠎ᠠ ᠨᠢ ᠴᠡᠭᠴᠡᠯᠡᠨ ᠦᠭᠡᠷᠡᠴᠢᠯᠡᠵᠦ᠂ ᠲᠡᠷᠡ ᠳᠤᠤᠷ᠎ᠠ ᠨᠢ ᠠᠮᠵᠢᠯᠲᠠ ᠤᠯᠬᠤ ᠬᠡᠷᠡᠭᠲᠡᠢ; ᠦᠷᠬᠦᠯᠵᠢᠯᠡᠨ ᠪᠤᠭᠤᠮᠲᠠ ᠰᠢᠪᠲᠤᠯᠬᠤ ᠴᠢᠬᠤᠯᠠᠳᠠᠢ ᠳᠤᠨᠢ ᠴᠠᠬ ᠤᠨ ᠬᠢᠵᠠᠭᠠᠷ ᠳᠤᠬᠲᠠᠭᠠᠵᠤ ᠴᠢᠩᠭ᠎ᠠ ᠠᠳᠬᠤᠨ ᠠᠬᠢᠭᠤᠯᠵᠤ᠂ ᠨᠢᠬᠡ ᠨᠢᠬᠡ ᠵᠤᠷᠪᠤᠰ ᠢᠶᠠᠷ ᠵᠠᠰᠠᠨ ᠵᠠᠯᠠᠷᠠᠭᠤᠯᠵᠤ᠂ ᠪᠤᠷᠤᠭᠤ ᠶᠢ ᠵᠠᠯᠠᠷᠠᠭᠤᠯᠵᠤ᠂ ᠬᠡᠯᠪᠠᠶᠢᠷᠡᠯ ᠢ ᠵᠠᠯᠠᠷᠠᠭᠤᠯᠵᠤ᠂ ᠠᠰᠠᠭᠤᠳᠠᠯ ᠢ ᠲᠤᠭᠤᠷᠠᠳᠠᠯ᠎ᠠ ᠰᠢᠢᠳᠪᠤᠷᠢᠯᠡᠬᠦ ᠦᠭᠡᠢ ᠪᠤᠯ ᠬᠠᠶᠠᠬᠤ ᠦᠭᠡᠢ᠂ ᠲᠦᠢᠯᠪᠤᠷᠢᠲᠠᠢ ᠰᠢᠢᠳᠪᠦᠷᠢᠯᠡᠬᠦ ᠦᠭᠡᠢ ᠪᠤᠯ ᠲᠠᠯᠪᠢᠬᠤ ᠦᠭᠡᠢ᠂ ᠲᠤᠤᠱᠲᠠᠯ᠎ᠠ ᠴᠡᠭᠴᠡᠯᠡᠨ ᠰᠠᠶᠢᠵᠢᠷᠠᠭᠤᠯᠬᠤ ᠦᠭᠡᠢ ᠪᠤᠯ ᠵᠤᠬᠰᠤᠬᠤ ᠦᠭᠡᠢ ᠪᠠᠶᠢᠵᠤ᠂ ᠠᠰᠠᠭᠤᠳᠠᠯ ᠪᠤᠯᠭᠠᠨ ᠢ ᠴᠡᠭᠴᠡᠯᠡᠨ ᠰᠠᠶᠢᠵᠢᠷᠠᠭᠤᠯᠵᠤ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠦᠴᠦ ᠪᠠᠨ ᠲᠦᠪᠯᠡᠷᠡᠬᠦᠯᠦᠨ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠵᠤ᠂ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠵᠤ᠂ ᠺᠠᠳ᠋ᠷ ᠰᠤᠩᠭᠤᠨ ᠬᠡᠷᠡᠭᠯᠡᠬᠦ ᠪᠠ ᠬᠢᠨᠠᠯᠲᠠ ᠲᠠᠯᠪᠢᠨ ᠬᠠᠮᠢᠶᠠᠷᠬᠤ ᠠᠵᠢᠯ ᠢ ᠴᠢᠩᠭᠠᠳᠬᠠᠨ᠂ ᠦᠵᠡᠯ ᠰᠠᠨᠠᠭ᠎ᠠ ᠪᠠ ᠳᠦᠷᠢᠮ ᠤᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠳᠠ ᠦᠬᠡᠢ ᠬᠦᠨᠵᠡᠬᠡᠶᠢᠷᠡᠬᠦᠯᠤᠨ ᠬᠦᠭᠵᠢᠬᠦᠯᠬᠦ ᠬᠡᠷᠡᠭᠳᠠᠢ᠃ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠳᠤᠬᠢᠶᠠᠯ ᠪᠤᠯᠭᠠᠨ ᠡᠳ᠋ ᠤᠨ ᠵᠠᠰᠠᠭ ᠨᠡᠶᠢᠭᠡᠮ ᠤᠨ ᠦᠷᠬᠦᠯᠵᠢᠯᠡᠨ ᠡᠷᠡᠭᠦᠯ ᠢᠶᠠᠷ ᠬᠦᠭᠵᠢᠬᠦ ᠶᠢ ᠬᠦᠴᠦᠯᠡᠨ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠬᠲᠤᠵᠤ᠂ ᠦᠪᠡᠷᠲᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠥ ᠴᠢᠬᠤᠯᠠᠴᠢᠯᠠᠪᠠ᠃

    ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠳᠤᠭᠤᠢᠢᠯᠠᠩ ᠤᠨ ᠬᠤᠯᠪᠤᠬᠳᠠᠯ ᠪᠦᠬᠦᠢ ᠭᠡᠰᠢᠭᠦᠨ᠂ ᠲᠦᠪ ᠤᠨ ᠲᠤᠭᠤᠷᠢᠨ ᠪᠠᠶᠢᠴᠠᠭᠠᠬᠤ ᠠᠯᠪᠠᠨ ᠭᠡᠷ ᠤᠨ ᠬᠤᠯᠪᠤᠬᠳᠠᠯ ᠪᠦᠬᠦᠢ ᠨᠦᠭᠦᠳ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠬ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠳᠤᠭᠤᠢᠢᠯᠠᠩ ᠤᠨ ᠤᠳᠤᠷᠢᠳᠬᠤ ᠪᠠᠬ ᠤᠨ ᠭᠡᠰᠢᠭᠦᠳ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶ᠎ᠠ ᠶᠢᠨ ᠳᠠᠷᠤᠭ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠤᠷᠤᠯᠴᠠᠪᠠ᠃ ᠳᠡᠳ᠋ ᠮᠤᠵᠢ ᠶᠢᠨ ᠳᠡᠰ ᠠᠴᠠ ᠳᠡᠭᠡᠭ᠍ᠰᠢᠬᠢ ᠪᠤᠰᠤᠳ ᠤᠳᠤᠷᠢᠳᠬᠤ ᠨᠦᠬᠦᠳ᠂ ᠡᠯ᠎ᠡ ᠠᠶᠢᠮᠠᠬ ᠬᠤᠲᠠ ᠶᠢᠨ ᠨᠠᠮ ᠵᠠᠰᠠᠬ ᠤᠨ ᠭᠤᠤᠯ ᠬᠠᠷᠢᠭᠤᠴᠠᠯᠭᠠᠲᠠᠳ᠂ ᠦᠪᠡᠷᠲᠡᠭᠡᠨ ᠵᠠᠰᠠᠬᠤ ᠤᠷᠤᠨ ᠤ ᠰᠠᠯᠠᠭ᠎ᠠ ᠮᠦᠴᠢᠷ᠂ ᠪᠠᠶᠢᠭᠤᠯᠤᠯᠭ᠎ᠠ ᠶᠢᠨ ᠬᠠᠷᠢᠭᠤᠴᠠᠯᠭᠠᠲᠠᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠵᠤᠬᠢᠶᠠᠨ ᠪᠠᠶᠢᠭᠤᠯᠬᠤ ᠬᠡᠯᠲᠡᠰ ᠤᠨ ᠤᠳᠤᠷᠢᠳᠬᠤ ᠪᠠᠬ ᠤᠨ ᠭᠡᠰᠢᠭᠦᠳ᠂ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠬᠤᠯᠪᠤᠬᠳᠠᠯ ᠪᠦᠬᠦᠢ ᠳᠡᠳ᠋ ᠨᠠᠷᠢᠨ ᠪᠢᠴᠢᠭ᠌ ᠤᠨ ᠳᠠᠷᠤᠭ᠎ᠠ ᠬᠤᠷᠠᠯ ᠳᠤ ᠰᠤᠯᠠ ᠤᠷᠤᠯᠴᠠᠪᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011120791121128413