蒙古文网站Logo
ᠰᠢᠨᠬᠤᠸᠠ ᠮᠤᠩᠭ᠋ᠤᠯ ᠨᠧᠲ

ᠯᠢ ᠵᠢᠢ ᠡᡁᠧᠩ᠄ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ ᠲᠦᠪ ᠤᠨ ᠲᠤᠭᠤᠷᠢᠨ ᠪᠠᠶᠢᠴᠠᠭᠠᠵᠤ《ᠡᠷᠬᠢᠨ ᠬᠠᠷᠠᠭᠰᠠᠨ》ᠪᠠᠶᠢᠳᠠᠯ ᠢ ᠬᠠᠷᠢᠭᠤ ᠲᠤᠰᠬᠠᠭᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠰᠠᠶᠢᠲᠤᠷ ᠠᠳᠬᠤᠬᠤ ᠬᠡᠷᠡᠭᠲᠠᠢ

2017-06-14 17:35

    6 ᠰᠠᠷ᠎ᠠ ᠶᠢᠨ 13 ᠤ ᠦᠳᠡ ᠶᠢᠨ ᠬᠤᠶᠢᠨ᠎ᠡ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠥ᠂ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠲᠤᠭᠤᠷᠢᠨ ᠪᠠᠶᠢᠴᠠᠭᠠᠵᠥ《ᠡᠷᠬᠢᠨ ᠬᠠᠷᠠᠭᠰᠠᠠ》ᠪᠠᠶᠢᠳᠠᠯ ᠢ ᠬᠠᠷᠢᠭᠤ ᠲᠤᠰᠬᠠᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ᠲᠤᠭᠤᠷᠢᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠡᡁᠧᠩ ᠬᠤᠷᠠᠯ ᠢ ᠡᠷᠬᠢᠯᠡᠪᠡ᠃

    ᠬᠤᠷᠠᠯ ᠠᠴᠠ᠂ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠨᠢ ᠪᠢᠳᠡᠨ ᠤ ᠲᠤᠭᠤᠷᠢᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ᠂ ᠬᠤᠶᠢᠰᠢᠳᠠ ᠶᠢᠨ ᠲᠤᠭᠤᠷᠢᠨ ᠪᠠᠶᠢᠴᠠᠭᠠᠬᠤ ᠠᠵᠢᠯ ᠢ ᠰᠠᠶᠢᠳᠤᠷ ᠬᠢᠬᠦ ᠳᠤ ᠰᠢᠨᠵᠢᠯᠡᠬᠦ ᠤᠬᠠᠭᠠᠨᠴᠢ ᠬᠦᠴᠦᠳᠠᠢ ᠵᠢᠯᠤᠭᠤᠳᠤᠯᠭ᠎ᠠ ᠬᠠᠩᠭᠠᠭᠰᠠᠠ ᠪᠠᠶᠢᠨ᠎ᠠ᠃ ᠤᠷᠤᠨ ᠲᠠᠶᠠᠭᠠᠷ ᠤᠨ ᠡᠯ᠎ᠡ ᠰᠠᠯᠠᠭ᠎ᠠ ᠮᠦᠴᠢᠷ ᠤᠨ ᠬᠢᠨ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠤᠳᠤᠬᠠᠨ ᠤ ᠴᠢᠬᠤᠯᠠ ᠤᠯᠤᠰ ᠲᠦᠷᠦ ᠶᠢᠨ ᠡᠬᠦᠷᠬᠡ ᠪᠠᠨ ᠪᠤᠯᠭᠠᠵᠥ᠂ ᠤᠯᠤᠰ ᠲᠦᠷᠦ ᠶᠢᠨ ᠲᠤᠭᠤᠷᠢᠨ ᠪᠠᠶᠢᠴᠠᠭᠠᠯᠳᠡ ᠬᠢᠬᠦ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠥ᠂ ᠤᠯᠤᠰ ᠲᠦᠷᠦ ᠶᠢᠨ ᠦᠨᠳᠤᠷᠴᠡ ᠠᠴᠠ ᠨᠠᠮ ᠤᠨ ᠤᠳᠤᠷᠢᠳᠤᠯᠭ᠎ᠠ ᠶᠢ ᠲᠤᠪᠤᠶᠢᠯᠭᠠᠨ ᠤᠯᠤᠰ ᠲᠦᠷᠦ ᠶᠢᠨ ᠱᠠᠭᠠᠷᠳᠠᠯᠭ᠎ᠠ ᠪᠠᠷ ᠨᠠᠮ ᠤᠨ ᠪᠠᠶᠢᠭᠤᠯᠤᠯᠳᠠ ᠶᠢ ᠠᠳᠬᠤᠵᠥ᠂ ᠤᠯᠤᠰ ᠲᠦᠷᠦ ᠶᠢᠨ ᠵᠤᠬᠰᠤᠴᠠ ᠠᠴᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠠᠩᠬᠠᠷᠤᠯ ᠢᠶᠠᠨ ᠲᠦᠪᠯᠡᠷᠡᠭᠦᠯᠵᠥ᠂ ᠦᠨᠡᠨᠬᠦ ᠶᠠᠷᠢᠶᠠᠨ ᠤ ᠵᠤᠷᠢᠭ ᠰᠠᠨᠠᠭ᠎ᠠ ᠪᠠᠷ ᠲᠤᠭᠤᠷᠢᠨ ᠪᠠᠶᠢᠴᠠᠭᠠᠵᠥ ᠬᠠᠷᠢᠭᠤ ᠲᠤᠰᠬᠠᠭᠰᠠᠠ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠬᠢᠬᠦ ᠶᠢ ᠵᠢᠯᠤᠭᠤᠳᠤᠭᠤᠯᠵᠥ᠂ ᠶᠠᠷᠢᠶᠠᠨ ᠤ ᠵᠤᠷᠢᠭ ᠰᠠᠨᠠᠭ᠎ᠠ ᠶᠢ ᠲᠡᠷᠡ ᠶᠤᠰᠤᠭᠠᠷ ᠨᠢ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃

    ᠬᠤᠷᠠᠯ ᠠᠴᠠ᠂ ᠲᠤᠭᠤᠷᠢᠨ ᠪᠠᠶᠢᠴᠠᠭᠠᠵᠤ《ᠡᠷᠭᠢᠨ ᠬᠠᠷᠠᠭᠰᠠᠨ》ᠪᠠᠶᠢᠳᠠᠯ ᠢ ᠬᠠᠷᠢᠭᠤ ᠳᠤᠰᠬᠠᠭᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠪᠤᠯ《ᠳᠦᠷᠪᠡᠨ ᠤᠬᠠᠮᠰᠠᠷ》 ᠢᠶᠠᠨ ᠳᠡᠭᠡᠭᠰᠢᠯᠡᠭᠦᠯᠬᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠤᠬᠠᠮᠰᠡᠷ ᠠᠴᠠ ᠪᠠᠨ ᠳᠡᠭᠡᠳᠦ ᠬᠡᠮᠵᠢᠶ᠎ᠠ ᠪᠠᠷ ᠨᠢᠭᠡᠳᠦᠯᠲᠠᠢ ᠪᠠᠶᠢᠬᠤ ᠴᠢᠬᠤᠯᠠ ᠱᠠᠭᠠᠷᠳᠠᠯᠭ᠎ᠠ ᠮᠦᠨ᠂ ᠦᠪᠦᠷ ᠮᠤᠩᠭᠤᠯ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠭᠦᠨᠵᠡᠭᠡᠶᠢᠷᠡᠭᠦᠯᠤᠨ ᠬᠦᠭᠵᠢᠭᠦᠯᠬᠦ ᠴᠢᠬᠤᠯᠠ ᠠᠵᠠ ᠲᠤᠬᠢᠶᠠᠯ ᠮᠦᠨ᠂ ᠪᠠᠰᠠᠴᠤ ᠤᠷᠤᠨ ᠲᠠᠶᠠᠭᠠᠷ ᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠠᠶᠢᠬᠤ ᠴᠢᠬᠤᠯᠠ ᠰᠢᠯᠭᠠᠯᠲᠠ ᠪᠠ ᠪᠤᠳᠠᠳᠠᠢ ᠪᠠᠶᠢᠴᠠᠭᠠᠯᠲᠠ ᠮᠦᠨ᠃ ᠤᠯᠤᠰ ᠲᠦᠷᠦ ᠶᠢᠨ ᠵᠤᠭᠰᠤᠴᠨ ᠪᠠᠨ ᠳᠡᠭᠡᠭᠰᠢᠯᠡᠭᠦᠯᠤᠨ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠲᠤᠭᠤᠷᠢᠨ ᠪᠠᠶᠢᠴᠠᠭᠠᠵᠤ ᠬᠠᠷᠢᠭᠤ ᠳᠤᠰᠬᠠᠭᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠴᠢᠬᠤᠯᠠ ᠶᠡᠭᠡ ᠠᠴᠢ ᠬᠤᠯᠪᠤᠭᠳᠠᠯ ᠢ ᠭᠦᠢᠴᠡᠳ ᠲᠠᠨᠢᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠤᠯᠤᠨ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠭᠦᠨᠵᠡᠭᠡᠢ ᠵᠠᠳᠠᠯᠤᠨ ᠡᠪᠡᠳᠴᠢᠨ ᠤ ᠦᠨᠳᠦᠰᠦ ᠶᠢ ᠠᠭᠤᠳᠠᠯᠵᠤ᠂ ᠤᠨᠢᠨ ᠳᠡᠭᠡᠷ᠎ᠠ ᠨᠢ ᠬᠦᠴᠦᠯᠡᠨ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠵᠤ᠂ ᠲᠦᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠦ᠂ ᠪᠦᠬᠦ ᠬᠦᠴᠦᠨ ᠢᠶᠠᠷ ᠢᠶᠠᠨ ᠠᠳᠬᠤᠵᠤ᠂ ᠪᠦᠬᠦ ᠲᠠᠯ᠎ᠠ ᠪᠠᠷ ᠠᠳᠬᠤᠨ᠂ ᠪᠦᠬᠦ ᠶᠠᠪᠤᠴᠠ ᠪᠠᠷ ᠠᠳᠬᠤᠵᠤ᠂ ᠴᠢᠨᠠᠷᠳᠠᠢ ᠪᠠᠷ ᠠᠳᠬᠤᠨ ᠦᠷ᠎ᠠ ᠪᠦᠲᠦᠮᠵᠢ ᠭᠠᠷᠭᠠᠵᠤ᠂ 《ᠳᠦᠷᠪᠡᠨ ᠤᠬᠠᠮᠰᠠᠷ》 ᠢ ᠪᠤᠳᠠᠳᠤ ᠠᠵᠢᠯᠯᠠᠭ᠎ᠠ ᠳᠠᠭᠠᠨ ᠦᠨᠡᠨᠬᠦ ᠨᠠᠶᠢᠳᠠᠪᠤᠷᠢᠵᠢᠭᠤᠯᠤᠨ ᠢᠯᠡᠷᠡᠭᠦᠯᠵᠤ᠂ ᠨᠠᠮ ᠤᠨ ᠲᠦᠪ ᠬᠤᠷᠢᠶ᠎ᠠ ᠪᠤᠯᠤᠨ ᠪᠦᠬᠦ ᠤᠷᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃

    ᠬᠤᠷᠠᠯ ᠠᠴᠠ᠂ ᠬᠠᠷᠢᠭᠤᠴᠠᠯᠭᠠᠲᠦ ᠰᠡᠳᠭᠢᠯᠭᠡ ᠪᠤᠯᠤᠨ ᠲᠤᠯᠭᠠᠮ᠎ᠠ ᠪᠤᠳᠤᠯ ᠢᠶᠠᠨ ᠴᠢᠩᠭᠠᠳᠬᠠᠨ ᠪᠦᠬᠦ ᠲᠠᠯ᠎ᠠ ᠪᠠᠷ ᠬᠦᠳᠡᠯᠦᠯᠴᠡᠵᠤ᠂ ᠠᠰᠠᠭᠤᠳᠠᠯ ᠢ ᠲᠦᠪᠯᠡᠷᠡᠭᠦᠯᠦᠨ ᠰᠢᠢᠳᠪᠦᠷᠢᠯᠡᠵᠤ᠂ ᠬᠤᠭᠤᠴᠠᠭ᠎ᠠ ᠲᠤᠭᠳᠠᠭᠠᠨ ᠡᠭᠦᠷᠭᠡ ᠪᠠᠨ ᠪᠡᠶᠡᠯᠡᠭᠦᠯᠬᠦ ᠬᠡᠷᠡᠭᠲᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠭᠤᠤᠯ ᠴᠤᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠤ᠂ ᠨᠠᠮ ᠤᠨ ᠬᠤᠷᠢᠶ᠎ᠠ ᠶᠢᠨ ᠱᠦ᠋ᠵᠢ ᠨᠢᠭᠡᠳᠦᠭᠡᠷ ᠬᠠᠷᠢᠭᠤᠴᠠᠯᠭᠠᠲᠠᠨ ᠪᠤᠯᠵᠤ᠂ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠪᠠᠰᠠ ᠤᠬᠠᠮᠰᠠᠷ ᠠᠴᠠ ᠪᠠᠨ ᠤᠷᠤᠯᠴᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠤ᠂ ᠱᠠᠳᠤ ᠱᠠᠳᠤ ᠪᠠᠷ ᠳᠠᠷᠤᠯᠳᠠ ᠦᠭᠴᠤ᠂ ᠱᠠᠳᠤ ᠱᠠᠳᠤ ᠪᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠵᠠᠪᠠᠯ ᠰᠠᠶᠢᠲᠤᠷ ᠠᠳᠬᠤᠬᠤ ᠬᠡᠷᠡᠭᠲᠡᠢ᠃ ᠲᠤᠭᠤᠷᠢᠨ ᠪᠠᠶᠢᠴᠠᠭᠠᠵᠤ ᠬᠠᠷᠢᠭᠤ ᠳᠤᠰᠬᠠᠭᠰᠠᠨ ᠰᠠᠨᠠᠯ ᠢ ᠵᠦᠪ ᠢᠶᠠᠷ ᠤᠢᠢᠯᠠᠭᠠᠵᠤ᠂ ᠡᠯ᠎ᠠ ᠵᠦᠢᠯ ᠤᠨ ᠴᠡᠭᠴᠡᠯᠡᠨ ᠰᠠᠶᠢᠵᠢᠷᠠᠭᠤᠯᠬᠤ ᠲᠦᠰᠦᠯ ᠢ ᠲᠦᠷᠭᠡᠨ ᠰᠤᠳᠤᠯᠤᠨ ᠲᠡᠭᠦᠯᠳᠡᠷᠵᠢᠭᠦᠯᠵᠤ᠂ ᠠᠰᠠᠭᠤᠳᠠᠯ ᠤᠨ ᠨᠠᠷᠢᠨ ᠳᠠᠩᠰᠠ᠂ ᠡᠭᠦᠷᠭᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠤᠰᠤᠭᠠᠷ ᠨᠢᠭᠡ ᠨᠢᠭᠡ ᠪᠠᠷ ᠴᠡᠭᠴᠡᠯᠡᠨ᠂ ᠨᠢᠭᠡ ᠨᠢᠭᠡ ᠪᠠᠷ ᠵᠠᠯᠠᠷᠠᠭᠤᠯᠵᠤ᠂ ᠨᠢᠭᠡ ᠨᠢᠭᠡ ᠪᠠᠷ ᠰᠠᠶᠢᠵᠢᠷᠠᠭᠤᠯᠤᠨ᠂ ᠨᠢᠭᠡ ᠨᠢᠭᠡ ᠪᠠᠷ ᠰᠢᠢᠳᠪᠦᠷᠢᠯᠡᠵᠤ᠂ ᠨᠢᠭᠡ ᠰᠢᠢᠳᠪᠤᠷᠢᠯᠡᠪᠡᠯ ᠨᠢᠭᠡ ᠶᠢ ᠬᠠᠰᠤᠵᠤ᠂ ᠵᠤᠷᠪᠤᠰ ᠪᠤᠯᠭᠠᠨ ᠢ ᠴᠡᠭᠴᠡᠯᠡᠨ ᠰᠠᠶᠢᠵᠢᠷᠠᠭᠤᠯᠵᠦ᠂ ᠤᠴᠢᠷ ᠶᠠᠪᠤᠳᠠᠯ ᠪᠦᠷᠢ ᠳᠤ ᠬᠠᠷᠢᠭᠤᠯᠳᠠ ᠦᠭᠴᠤ᠂ ᠲᠤᠰᠬᠠᠬᠰᠠᠨ ᠪᠦᠬᠦᠨ ᠢ ᠰᠠᠶᠢᠳᠤᠷ ᠰᠢᠢᠳᠪᠤᠷᠢᠯᠡᠬᠦ ᠬᠡᠷᠡᠭᠳᠠᠢ᠃ ᠬᠢᠨᠠᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ ᠵᠠᠯᠭᠠᠪᠠᠷ ᠮᠦᠷᠳᠡᠨ ᠪᠠᠶᠢᠴᠠᠭᠠᠵᠤ᠂ ᠦᠷ᠎ᠠ ᠪᠦᠲᠦᠮᠵᠢ ᠶᠢ ᠨᠢ ᠠᠰᠠᠭᠤᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠷᠤᠭᠰᠢᠲᠠᠢ ᠶᠠᠪᠤᠭᠳᠠᠨ ᠠᠮᠵᠢᠯᠲᠠ ᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃

    ᠬᠤᠷᠠᠯ ᠠᠴᠠ᠂ ᠲᠤᠭᠤᠷᠢᠨ ᠪᠠᠶᠢᠴᠠᠭᠠᠯᠳᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠪᠠᠷ ᠦᠭᠡᠷᠡᠴᠢᠯᠡᠯᠲᠡ ᠶᠢ ᠠᠬᠢᠭᠤᠯᠵᠤ᠂ ᠦᠭᠡᠷᠡᠴᠢᠯᠡᠯᠲᠡ ᠪᠠᠷ ᠬᠦᠭᠵᠢᠯᠲᠠ ᠶᠢ ᠠᠬᠢᠭᠤᠯᠵᠤ᠂ ᠲᠤᠭᠤᠷᠢᠨ ᠪᠠᠶᠢᠴᠠᠭᠠᠬᠰᠠᠨ ᠦᠷ᠎ᠠ ᠪᠦᠲᠦᠭᠡᠯ ᠪᠤᠯᠤᠨ ᠴᠡᠭᠴᠡᠯᠡᠨ ᠰᠠᠶᠢᠵᠢᠷᠠᠭᠤᠯᠤᠭᠰᠠᠨ ᠪᠤᠳᠠᠳᠤ ᠠᠮᠵᠢᠯᠳᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠤ ᠴᠢᠬᠤᠯᠠᠴᠢᠯᠠᠪᠠ᠃

    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121143831