蒙古文网站Logo
ᠰᠢᠨᠬᠤᠸᠠ ᠮᠤᠩᠭ᠋ᠤᠯ ᠨᠧᠲ

ᠤᠷᠤᠨ ᠳᠠᠶᠠᠭᠠᠷ ᠤᠨ ᠴᠠᠭ ᠠᠭᠠᠷ ᠤᠨ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠠᠵᠢᠯ ᠤᠨ ᠲᠸᠯᠸᠢᠰ ᠤᠲᠠᠰᠤᠲᠤ ᠬᠤᠷᠠᠯ ᠬᠤᠷᠠᠯᠳᠤᠪᠠ

2017-06-20 10:59

    6 ᠰᠠᠷ᠎ᠠ ᠶᠢᠨ 19 ᠪ ᠡᠳᠤᠷ᠂ ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠪ ᠵᠠᠰᠠᠭ ᠤᠨ ᠤᠷᠳᠤᠨ ᠤᠷᠤᠨ ᠳᠠᠶᠠᠭᠠᠷ ᠤᠨ ᠴᠠᠭ ᠠᠭᠠᠷ ᠤᠨ ᠭᠠᠮᠰᠢᠭ ᠢ ᠰᠡᠷᠬᠡᠢᠢᠯᠡᠨ ᠬᠤᠬᠢᠷᠠᠯ ᠢ ᠪᠠᠭᠠᠰᠬᠠᠬᠤ ᠠᠵᠢᠯ ᠤᠨ ᠲᠸᠯᠸᠢᠰ ᠤᠳᠠᠰᠤᠲᠤ ᠬᠤᠷᠠᠯ ᠬᠤᠷᠠᠯᠳᠤᠭᠤᠯᠵᠤ᠂ 2016 ᠤᠨ ᠪ ᠤᠷᠤᠨ ᠳᠠᠶᠠᠭᠠᠷ ᠤᠨ ᠴᠠᠭ ᠠᠭᠠᠷ ᠤᠨ ᠭᠠᠮᠰᠢᠭ ᠢ ᠰᠡᠷᠬᠡᠢᠢᠯᠡᠨ ᠬᠤᠬᠢᠷᠠᠯ ᠢ ᠪᠠᠭᠠᠰᠬᠠᠬᠰᠠᠨ ᠠᠵᠢᠯ ᠤᠨ ᠪᠠᠢᠢᠳᠠᠯ ᠪᠤᠯᠤᠨ 2017 ᠤᠨ ᠪ ᠵᠤᠨ ᠪ ᠤᠯᠠᠷᠢᠯ ᠤᠨ ᠴᠠᠭ ᠠᠭᠠᠷ ᠤᠨ ᠬᠠᠨᠳᠤᠰᠢ ᠵᠢ ᠨᠡᠢᠢᠳᠡᠯᠡᠨ᠂ ᠬᠦᠬᠡᠬᠤᠳᠡ᠂ ᠤᠷᠳᠤᠰ᠂ ᠰᠢᠯᠢ ᠶᠢᠨ ᠭᠤᠤᠯ ᠠᠢᠢᠮᠠᠬ ᠤᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠨᠡᠷ ᠲᠤᠷᠰᠢᠯᠭ᠎ᠠ ᠪᠡᠨ ᠰᠤᠯᠢᠯᠴᠠᠭᠰᠠᠨ ᠪᠠᠶᠢᠨ᠎ᠠ᠃

    ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠪ ᠲᠡᠳ᠋ ᠲᠡᠷᠢᠬᠦᠯᠡᠭᠴᠢ ᠪᠠᠢ ᠰᠢᠶᠠᠩ ᠴᠢᠶᠦ᠋ᠨ ᠬᠤᠷᠠᠯ ᠳ᠋᠋ᠤ ᠤᠷᠤᠯᠴᠠᠨ ᠶᠠᠷᠢᠶ᠎ᠠ ᠲᠠᠯᠪᠢᠪᠡ᠃

    ᠪᠠᠢ ᠰᠢᠶᠠᠩ ᠴᠢᠶᠦ᠋ᠨ᠂ ᠡᠨᠡ ᠵᠢᠯ ᠤᠨ ᠴᠠᠭ ᠠᠭᠠᠷ ᠤᠨ ᠶᠡᠷᠤᠩᠬᠡᠢ ᠪᠠᠢᠢᠳᠠᠯ ᠡᠴᠡ ᠦᠵᠡᠪᠡᠯ ᠴᠠᠭ ᠠᠭᠠᠷ ᠤᠨ ᠭᠠᠮᠰᠢᠭ ᠢ ᠰᠡᠷᠬᠡᠢᠢᠯᠡᠨ ᠬᠤᠬᠢᠷᠠᠯ ᠢ ᠪᠠᠭᠠᠰᠬᠠᠬᠤ ᠠᠵᠢᠯ ᠲᠤᠯᠭᠠᠮ᠎ᠠ ᠱᠠᠭᠠᠷᠳᠠᠬᠳᠠᠵᠤ ᠪᠠᠢᠢᠨ᠎ᠠ᠂ ᠡᠯ᠎ᠠ ᠪᠦᠰᠡ ᠨᠤᠲᠤᠭ ᠤᠨ ᠡᠯ᠎ᠠ ᠰᠠᠯᠠᠭ᠎ᠠ ᠮᠦᠴᠢᠷ ᠤᠳᠤᠬᠠᠨ ᠤ ᠴᠠᠭ ᠠᠭᠠᠷ ᠤᠨ ᠪᠠᠢᠢᠳᠠᠯ ᠢ ᠬᠦᠢᠴᠡᠳ ᠲᠠᠨᠢᠵᠤ᠂ ᠭᠠᠩ ᠬᠠᠬᠰᠠᠷᠠᠭᠠᠨ ᠲᠠᠢ ᠲᠡᠮᠡᠴᠡᠬᠦ᠂ ᠦᠶᠡᠷ ᠤᠰᠤᠳᠠᠯ ᠢ ᠰᠡᠷᠬᠡᠢᠢᠯᠡᠬᠦ ᠠᠵᠢᠯ ᠢ ᠵᠡᠷᠬᠡᠪᠡᠷ ᠠᠳᠬᠤᠵᠤ᠂ ᠴᠠᠭ ᠠᠭᠠᠷ ᠤᠨ ᠭᠠᠮᠰᠢᠭ ᠢ ᠰᠡᠷᠬᠡᠢᠢᠯᠡᠨ ᠬᠤᠬᠢᠷᠠᠯ ᠢ ᠪᠠᠭᠠᠰᠬᠠᠵᠤ᠂ ᠪᠠᠴᠢᠮ ᠪᠠᠢᠢᠳᠠᠯ ᠢ ᠠᠷᠭᠠᠴᠠᠬᠤ ᠪᠠᠳᠤᠯᠠᠭ᠎ᠠ ᠶᠢᠨ ᠠᠵᠢᠯ ᠢ ᠰᠠᠢᠢᠳᠤᠷ ᠴᠢᠷᠮᠠᠢᠢᠨ ᠬᠢᠵᠤ᠂ ᠤᠷᠤᠨ ᠳᠠᠶᠠᠭᠠᠷ ᠤᠨ ᠡᠳ᠋ ᠤᠨ ᠵᠠᠰᠠᠭ ᠨᠡᠢᠢᠬᠡᠮ ᠤᠨ ᠬᠦᠭ᠍ᠵᠢᠯᠳᠡ ᠪᠤᠯᠤᠨ ᠨᠠᠮ ᠤᠨ ᠠᠷᠪᠡ ᠶᠢᠰᠤᠳᠦᠬᠡᠷ ᠶᠡᠬᠡ ᠬᠤᠷᠠᠯ᠂ ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠤᠢ ᠶᠢᠨ ᠪᠡᠶᠡᠷ ᠵᠡᠷᠬᠡ ᠡᠯ᠎ᠠ ᠲᠦᠷᠦᠯ ᠤᠨ ᠲᠤᠮᠤ ᠴᠢᠬᠤᠯᠡ ᠠᠵᠢᠯᠯᠠᠭ᠎ᠠ ᠳᠤ ᠰᠠᠢᠢᠨ ᠰᠠᠢᠢᠬᠠᠨ ᠤᠷᠴᠢᠨ ᠲᠤᠭᠤᠷᠢᠨ ᠬᠠᠩᠭ᠋ᠠᠵᠤ ᠦᠭ᠍ᠬᠦ ᠬᠡᠷᠡᠭᠳᠡᠢ ᠬᠡᠵᠦ ᠴᠢᠬᠤᠯᠠᠴᠢᠯᠠᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121175996