蒙古文网站Logo
ᠰᠢᠨᠬᠤᠸᠠ ᠮᠤᠩᠭ᠋ᠤᠯ ᠨᠧᠲ

ᠤᠷᠤᠨ ᠳᠠᠶᠠᠭᠠᠷ ᠤᠨ ᠪᠤᠯᠪᠠᠰᠤᠨ ᠵᠢᠭᠤᠯᠴᠢᠯᠠᠯ ᠤᠨ ᠲᠸᠯᠸᠢᠰ ᠤᠲᠠᠰᠤᠲᠤ ᠬᠤᠷᠠᠯ ᠬᠤᠷᠠᠯᠳᠤᠪᠠ

2017-06-21 17:11

    6 ᠰᠠᠷ᠎ᠠ ᠵᠢᠨ 20 ᠤ ᠡᠳᠦᠷ ᠦᠳᠡ ᠶᠢᠨ ᠡᠮᠦᠨ᠎ᠠ᠂ ᠤᠷᠤᠨ ᠳᠠᠶᠠᠭᠠᠷ ᠤᠨ ᠪᠤᠯᠪᠠᠰᠤᠨ ᠵᠢᠭᠤᠯᠴᠢᠯᠠᠯ ᠤᠨ ᠲᠸᠯᠸᠢᠰ ᠤᠳᠠᠰᠤᠲᠤ ᠬᠤᠷᠠᠯ᠋ ᠬᠤᠷᠠᠯᠳᠤᠵᠦ᠂ 2017 ᠤᠨ ᠤ ᠤᠷᠤᠨ ᠳᠠᠶᠠᠭᠠᠷ ᠤᠨ ᠪᠤᠯᠪᠠᠰᠤᠨ ᠵᠢᠭᠤᠯᠴᠢᠯᠠᠯ ᠤᠨ ᠠᠵᠢᠯ᠋ ᠢ ᠪᠤᠳᠠᠳᠠᠢ ᠪᠡᠷ ᠪᠠᠶᠢᠷᠢᠯᠠᠭᠤᠯᠪᠠ᠃

    ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠢᠢᠩᠭ᠋ᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ ᠬᠤᠷᠠᠯ᠋ ᠳ᠋ᠤ ᠤᠷᠤᠯᠴᠠᠨ ᠶᠠᠷᠢᠶ᠎ᠠ ᠲᠠᠯᠪᠢᠵᠦ᠂ ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸᠠ ᠬᠤᠷᠠᠯ᠋ ᠡᠷᠬᠢᠯᠡᠵᠡᠢ᠃

    ᠪᠠᠢ ᠢᠤᠢ ᠭᠠᠩ᠂ ᠪᠤᠯᠪᠠᠰᠤᠨ ᠵᠢᠭᠤᠯᠴᠢᠯᠠᠯ ᠢ ᠠᠬᠢᠭᠤᠯᠬᠤ ᠶᠠᠪᠤᠳᠠᠯ᠋ ᠪᠤᠯ᠋ ᠮᠠᠨ ᠤ ᠤᠷᠤᠨ ᠤ ᠰᠠᠢᠢᠨ ᠰᠠᠢᠢᠬᠠᠨ ᠲᠦᠷᠢ ᠲᠦᠷᠬᠦ ᠵᠢ ᠱᠤᠭᠤᠬᠤ ᠪᠠ ᠨᠠᠮ ᠤᠨ ᠠᠷᠪᠠ ᠶᠢᠰᠦᠳᠦᠬᠡᠷ ᠶᠡᠬᠡ ᠬᠤᠷᠠᠯ᠋᠂ ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ᠋ ᠤᠨ ᠤᠢ ᠵᠢ ᠪᠠᠶᠠᠷᠯᠠᠨ ᠤᠬᠳᠤᠬᠤ ᠳ᠋ᠤ ᠰᠠᠢᠢᠨ ᠰᠠᠢᠢᠬᠠᠨ ᠠᠭᠤᠷ ᠠᠮᠢᠰᠬᠤᠯ᠋ ᠢ ᠪᠤᠢ ᠪᠤᠯᠭᠠᠬᠤ᠂ ᠵᠢᠭᠤᠯᠴᠢᠯᠠᠯ ᠤᠨ ᠠᠵᠦ ᠦᠢᠯᠡᠰ ᠢ ᠬᠥᠭ᠍ᠵᠢᠭᠦᠯᠦᠨ ᠪᠤᠵᠠᠭᠠᠶᠢᠷᠠᠭᠤᠯᠬᠤ ᠪᠠ ᠠᠷᠠᠳ ᠤᠯᠠᠨ ᠬᠠᠨᠤᠮᠵᠢᠳᠠᠢ ᠤᠳᠤ ᠦᠶ᠎ᠠ ᠶᠢᠨ ᠦᠢᠯᠡᠴᠢᠯᠡᠬᠡᠨ ᠤ ᠦᠢᠯᠡᠰ ᠢ ᠪᠦᠲᠦᠬᠡᠨ ᠪᠠᠢᠢᠭᠤᠯᠬᠤ᠂ ᠨᠡᠢᠢᠬᠡᠮ ᠵᠢᠷᠤᠮ ᠤᠨ ᠭᠤᠤᠯᠯᠠᠬᠴᠢ ᠦᠷᠲᠡᠭ ᠤᠨ ᠦᠵᠡᠯᠳᠡ ᠵᠢ ᠨᠠᠷᠢᠯᠢᠬᠵᠢᠭᠤᠯᠤᠨ ᠨᠠᠢᠢᠳᠠᠪᠤᠷᠢᠵᠢᠭᠤᠯᠬᠤ᠂ ᠪᠦᠰᠡ ᠨᠤᠲᠤᠭ ᠤᠨ ᠪᠤᠯᠪᠠᠰᠤᠨ ᠤ ᠲᠦᠪᠰᠢᠨ ᠢ ᠪᠦᠬᠦ ᠲᠠᠯ᠎ᠠ ᠪᠡᠷ ᠲᠡᠭᠡᠭ᠍ᠰᠢᠯᠡᠬᠦᠯᠬᠦ ᠳ᠋ᠤ ᠴᠢᠬᠤᠯᠠ ᠶᠡᠬᠡ ᠦᠢᠯᠡᠳᠦᠯ᠋ ᠲᠠᠢ ᠬᠡᠵᠦ ᠵᠢᠭᠠᠵᠦ ᠭᠠᠷᠭᠠᠪᠠ᠃

    ᠪᠠᠢ ᠢᠤᠢ ᠭᠠᠩ᠂ ᠲᠦᠷᠢ ᠲᠦᠷᠬᠦ ᠵᠢ ᠱᠤᠭᠤᠬᠤ ᠵᠢ ᠠᠳᠬᠤᠨ《ᠰᠦᠷᠯᠢᠭ ᠦᠵᠡᠮᠵᠢᠳᠤ ᠦᠪᠦᠷ ᠮᠤᠩᠭ᠋ᠤᠯ᠋ ·ᠦᠵᠡᠰᠬᠦᠯᠡᠩᠳᠤ ᠰᠠᠢᠢᠬᠠᠨ ᠦᠵᠡᠮᠵᠢ ᠵᠢᠨ ᠤᠷᠤᠨ》ᠲᠦᠷᠦᠯ᠋ ᠲᠡᠮᠳᠡᠭ ᠡᠬᠦᠳᠬᠦ ᠶᠢ ᠪᠤᠯᠪᠠᠰᠤᠨ ᠵᠢᠭᠤᠯᠴᠢᠯᠠᠯ ᠢ ᠠᠬᠢᠭᠤᠯᠬᠤ ᠲᠡᠷᠢᠬᠦᠨ ᠴᠢᠬᠤᠯᠠ ᠡᠬᠦᠷᠬᠡ ᠪᠤᠯᠭᠠᠵᠦ᠂ ᠨᠢᠬᠡ ᠲᠠᠯ᠎ᠠ ᠪᠡᠷ ᠵᠢᠭᠤᠯᠴᠢᠯᠠᠯ ᠤᠨ ᠲᠦᠷᠢ ᠲᠦᠷᠬᠦ ᠶᠢ ᠤᠬᠠᠭᠠᠯᠠᠨ ᠲᠦᠯᠦᠪᠯᠡᠬᠦ ᠠᠵᠢᠯ᠋ ᠢ ᠰᠠᠢᠢᠳᠤᠷ ᠬᠢᠵᠦ᠂ ᠨᠦᠬᠦᠬᠡ ᠲᠠᠯ᠎ᠠ ᠪᠡᠷ᠂ ᠪᠦᠬᠦ ᠲᠠᠯ᠎ᠠ ᠪᠡᠷ ᠬᠠᠮᠵᠢᠯᠴᠠᠨ ᠬᠦᠴᠦᠯᠡᠵᠦ ᠤᠬᠠᠭᠤᠯᠭ᠎ᠠ ᠵᠢᠨ ᠪᠠᠢᠢᠳᠠᠯ᠋ ᠢ ᠪᠦᠷᠢᠯᠳᠦᠬᠦᠯᠬᠦ ᠬᠡᠷᠡᠭᠳᠡᠢ᠃ ᠪᠤᠯᠪᠠᠰᠤᠨ ᠤ ᠪᠠᠢᠢᠭᠤᠯᠤᠯᠳᠠ ᠶᠢ ᠠᠳᠬᠤᠨ᠂ ᠤᠯᠠᠨ ᠲᠦᠮᠡᠨ ᠤ ᠪᠤᠯᠪᠠᠰᠤᠨ ᠤ ᠬᠡᠪ ᠴᠢᠨᠠᠷ ᠢ ᠲᠡᠭᠡᠭ᠍ᠰᠢᠯᠡᠬᠦᠯᠬᠦ ᠵᠢ ᠪᠤᠯᠪᠠᠰᠤᠨ ᠵᠢᠭᠤᠯᠴᠢᠠᠯᠯ ᠢ ᠠᠬᠢᠭᠤᠯᠬᠤ ᠠᠵᠢᠯ᠋ ᠤᠨ ᠴᠢᠬᠤᠯᠠ ᠠᠴᠢᠶᠠᠯᠠᠬᠴᠢ ᠪᠤᠯᠭᠠᠵᠦ᠂ ᠨᠢᠬᠡ ᠲᠠᠯ᠎ᠠ ᠪᠡᠷ᠂ ᠪᠤᠯᠪᠠᠰᠤᠨ ᠬᠤᠳᠠ ᠶᠢ ᠡᠬᠦᠳᠬᠦ ᠪᠡᠷ ᠶᠡᠷᠦᠩᠬᠡᠢ ᠭᠠᠷᠳᠠᠴᠠ ᠪᠤᠯᠭᠠᠨ᠂ ᠪᠤᠯᠪᠠᠰᠤᠨ ᠵᠢᠭᠤᠯᠴᠢᠯᠠᠯ ᠤᠨ ᠨᠡᠢᠢᠬᠡᠮ ᠤᠨ ᠰᠠᠭᠤᠷᠢ ᠵᠢ ᠴᠢᠨᠠᠬᠰᠢᠳᠠ ᠪᠡᠭᠢᠵᠢᠬᠦᠯᠵᠦ᠂ ᠨᠦᠬᠦᠬᠡ ᠲᠠᠯ᠎ᠠ ᠪᠡᠷ᠂ ᠠᠵᠢᠯ᠋ ᠲᠦᠷᠦᠯ᠋ ᠤᠨ ᠪᠤᠯᠪᠠᠰᠤᠨ ᠤ ᠤᠷᠤᠯᠳᠤᠭᠠᠨ ᠮᠦᠷᠦᠢᠢᠴᠡᠬᠡᠨ ᠵᠢᠡᠷ ᠬᠦᠲᠦᠴᠢ ᠪᠤᠯᠭᠠᠨ᠂ ᠵᠢᠭᠤᠯᠴᠢᠯᠠᠯ ᠤᠨ ᠠᠵᠢᠯ᠋ ᠲᠦᠷᠦᠯ᠋ ᠤᠨ ᠪᠤᠯᠪᠠᠰᠤᠨ ᠤ ᠪᠠᠢᠢᠭᠤᠯᠤᠯᠳᠠ ᠵᠢ ᠡᠬᠦᠳᠬᠦ ᠲᠦᠪᠰᠢᠨ ᠢ ᠴᠢᠨᠠᠬᠰᠢᠳᠠ ᠡᠬᠦᠳᠬᠦ ᠬᠡᠷᠡᠭᠳᠡᠢ᠃ ᠪᠤᠯᠪᠠᠰᠤᠨ ᠤ ᠠᠭᠤᠯᠬᠤᠨ ᠢ ᠪᠤᠢᠢᠵᠢᠭᠤᠯᠬᠤ ᠵᠢ ᠠᠳᠬᠤᠨ᠂ ᠲᠤᠮᠳᠠᠳᠤ ᠵᠢᠨ ᠰᠢᠯᠢᠳᠡᠭ ᠰᠤᠶᠤᠯ᠋ ᠢ ᠪᠠᠳᠠᠷᠠᠭᠠᠨ ᠬᠦᠭ᠍ᠵᠢᠬᠦᠯᠬᠦ ᠵᠢ ᠪᠤᠯᠪᠠᠰᠤᠨ ᠵᠢᠭᠤᠯᠴᠢᠯᠠᠯ ᠤᠨ ᠬᠦᠨ ᠲᠠᠪᠬᠤᠷᠭ᠎ᠠ ᠵᠢᠨ ᠲᠤᠳᠤᠭᠠᠳᠤ ᠴᠦᠮ᠎ᠠ ᠪᠤᠯᠭᠠᠵᠦ᠂ ᠦᠨᠳᠦᠰᠦᠳᠡᠨ ᠤ ᠰᠤᠶᠤᠯ᠋ ᠤᠨ ᠡᠬᠢ ᠪᠠᠶᠠᠯᠢᠬ ᠬᠢᠬᠡᠳ ᠵᠢᠭᠤᠯᠴᠢᠯᠠᠯ ᠢ ᠵᠤᠯᠭᠠᠯᠴᠠᠭᠤᠯᠤᠨ ᠠᠭᠤᠰᠤᠯᠴᠠᠭᠤᠯᠬᠤ᠂ ᠰᠤᠶᠤᠯ᠋ ᠤᠨ ᠴᠢᠬᠤᠯᠠ ᠶᠡᠬᠡ ᠲᠦᠷᠦᠯ᠋ ᠵᠦᠢᠯ᠋ ᠬᠢᠬᠡᠳ ᠵᠢᠭᠤᠯᠴᠢᠯᠠᠯ ᠢ ᠵᠤᠯᠭᠠᠯᠴᠠᠭᠤᠯᠤᠨ ᠠᠭᠤᠰᠤᠯᠴᠠᠭᠤᠯᠬᠤ᠂ ᠴᠢᠬᠤᠯᠠ ᠶᠡᠬᠡ ᠰᠤᠶᠤᠯ᠋ ᠨᠠᠢᠢᠷ ᠤᠨ ᠪᠡᠯᠭᠡᠯᠡᠬᠦ ᠠᠵᠢᠯᠯᠠᠭ᠎ᠠ ᠬᠢᠬᠡᠳ ᠵᠢᠭᠤᠯᠴᠢᠯᠠᠯ ᠢ ᠵᠤᠯᠭᠠᠯᠴᠠᠭᠤᠯᠤᠨ ᠠᠭᠤᠰᠤᠯᠴᠠᠭᠤᠯᠬᠤ ᠵᠢ ᠰᠠᠢᠢᠳᠤᠷ ᠠᠳᠬᠤᠬᠤ ᠬᠡᠷᠡᠭᠳᠡᠢ᠃ ᠦᠢᠯᠡᠴᠢᠯᠡᠬᠡ ᠬᠠᠩᠭ᠋ᠠᠬᠤ ᠶᠢ ᠠᠳᠬᠤᠨ᠂ ᠰᠢᠨᠵᠢᠯᠡᠬᠦ ᠤᠬᠠᠭᠠᠨᠴᠢ ᠪᠦᠷᠢᠨ ᠲᠦᠬᠦᠷ ᠦᠢᠯᠡᠴᠢᠯᠡᠬᠡᠨ ᠪ ᠰᠢᠰᠲ᠋ᠸᠮ ᠢ ᠪᠠᠢᠢᠭᠤᠯᠬᠤ ᠵᠢ ᠪᠤᠯᠪᠠᠰᠤᠨ ᠵᠢᠭᠤᠯᠴᠢᠯᠠᠯ ᠢ ᠠᠬᠢᠭᠤᠯᠬᠤ ᠦᠨᠳᠦᠰᠦᠨ ᠠᠭᠤᠯᠭ᠎ᠠ ᠪᠤᠯᠭᠠᠵᠦ᠂ ᠰᠠᠯᠠᠭ᠎ᠠ ᠮᠦᠴᠢᠷ ᠤᠨ ᠲᠡᠰ ᠲᠠᠪᠬᠤᠷᠭ᠎ᠠ ᠡᠴᠡ ᠦᠢᠯᠡᠴᠢᠯᠡᠬᠡᠨ ᠤ ᠲᠦᠬᠦᠬᠡᠷᠦᠮᠵᠢ ᠵᠢ ᠪᠦᠷᠢᠨᠰᠢᠬᠦᠯᠬᠦ ᠪᠡᠷ ᠲᠠᠮᠵᠢᠵᠦ ᠪᠤᠯᠪᠠᠰᠤᠨ ᠤᠷᠴᠢᠨ ᠬᠠᠩᠭ᠋ᠠᠬᠤ ᠬᠡᠷᠡᠭᠳᠡᠢ᠃ ᠠᠵᠦ ᠠᠬᠤᠢᠢᠯᠠᠯ᠋ ᠤᠨ ᠲᠡᠰ ᠲᠠᠪᠬᠤᠷᠭ᠎ᠠ ᠡᠴᠡ ᠪᠤᠯᠪᠠᠰᠤᠨ ᠤ ᠦᠢᠯᠡᠴᠢᠯᠡᠬᠡ ᠵᠢᠨ ᠲᠦᠪᠰᠢᠨ ᠢ ᠲᠡᠭᠡᠭ᠍ᠰᠢᠯᠡᠬᠦᠯᠬᠦ ᠬᠡᠷᠡᠭᠳᠡᠢ᠃ ᠨᠡᠢᠢᠬᠡᠮ ᠤᠨ ᠲᠡᠰ ᠲᠠᠪᠬᠤᠷᠭ᠎ᠠ ᠡᠴᠡ ᠰᠠᠢᠢᠨ ᠲᠤᠷ᠎ᠠ ᠶᠢᠨ ᠦᠢᠯᠡᠴᠢᠯᠡᠬᠡ ᠪᠡᠷ ᠲᠠᠮᠵᠢᠵᠦ ᠵᠢᠭᠤᠯᠴᠢᠯᠠᠯ ᠢ ᠨᠡᠩ ᠪᠤᠯᠪᠠᠰᠤᠨ ᠨᠡᠩ ᠰᠠᠢᠢᠨ ᠪᠤᠯᠭᠠᠬᠤ ᠬᠡᠷᠡᠭᠳᠡᠢ᠃ ᠲᠦᠷᠢᠮᠵᠢᠬᠦᠯᠦᠯᠳᠡ ᠬᠠᠮᠢᠶᠠᠷᠤᠯᠳᠠ ᠶᠢ ᠠᠳᠬᠤᠨ᠂ ᠬᠠᠤᠯᠢ ᠪᠡᠷ ᠵᠢᠭᠤᠯᠴᠢᠯᠠᠯ ᠢ ᠵᠠᠰᠠᠬᠤ ᠶᠢ ᠪᠤᠯᠪᠠᠰᠤᠨ ᠵᠢᠭᠤᠯᠴᠢᠯᠠᠯ ᠤᠨ ᠦᠷᠬᠦᠯᠵᠢᠯᠡᠨ ᠡᠷᠡᠬᠦᠯ᠋ ᠵᠢᠡᠷ ᠬᠦᠭ᠍ᠵᠢᠬᠦ ᠵᠢ ᠠᠬᠢᠭᠤᠯᠬᠤ ᠴᠢᠬᠤᠯᠠ ᠪᠠᠳᠤᠯᠠᠭ᠎ᠠ ᠪᠤᠯᠭᠠᠬᠤ ᠬᠡᠷᠡᠭᠳᠡᠢ ᠬᠡᠵᠦ ᠴᠢᠬᠤᠯᠠᠴᠢᠯᠠᠪᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121186277