蒙古文网站Logo
ᠰᠢᠨᠬᠤᠸᠠ ᠮᠤᠩᠭ᠋ᠤᠯ ᠨᠧᠲ

ᠲᠡᠮᠦᠷ ᠮᠡᠳᠦ ᠬᠠᠳᠠᠭᠤ ᠵᠤᠷᠢᠭ ᠲᠡᠮᠦᠷ ᠮᠡᠳᠦ ᠬᠠᠳᠠᠭᠤ ᠠᠷᠭ᠎ᠠ ᠪᠠᠷ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠵᠤ ᠲᠤᠭᠤᠷᠢᠨ ᠪᠠᠶᠢᠴᠠᠭᠠᠵᠤ 《ᠡᠷᠬᠢᠨ ᠬᠠᠷᠠᠬᠤ》 ᠴᠡᠭᠴᠡᠯᠨᠨ ᠰᠠᠶᠢᠵᠢᠷᠠᠭᠤᠯᠬᠤ ᠠᠵᠢᠯ ᠰᠢᠪᠳᠤᠯᠤᠯᠳᠠ ᠲᠠᠢ ᠪᠣᠯᠵᠣ ᠡᠷᠳᠡ ᠡᠳᠦᠷ ᠦᠷ᠎ᠡ ᠪᠦᠳᠦᠮᠵᠢ ᠤᠯᠬᠤ ᠶᠢ ᠲᠠᠶᠢᠴᠢᠯᠠᠬᠤ ᠬᠡᠷᠡᠭᠳᠡᠢ

2017-06-22 17:01

    6 ᠰᠠᠷ᠎ᠠ ᠶᠢᠨ 21  ᠤ᠋ ᠦᠳᠡ ᠶᠢᠨ ᠡᠮᠦᠨ᠎ᠠ᠂ ᠦᠪᠦᠷ ᠮᠤᠩᠭ᠋ᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠪᠠᠶᠢᠩᠭ᠋ᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠵᠤ᠂ ᠲᠦᠪ ᠤᠨ ᠬᠤᠶᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠲᠤᠭᠤᠷᠢᠨ ᠪᠠᠶᠢᠴᠠᠭᠠᠵᠤ 《ᠡᠷᠬᠢᠨ ᠬᠠᠷᠠᠬᠤ》 ᠬᠠᠷᠢᠭᠤ ᠲᠤᠰᠬᠠᠭᠰᠠᠨ ᠰᠠᠨᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠵᠤ᠂ 《ᠲᠦᠪ ᠤᠨ ᠨᠠᠶ᠋ᠮᠠᠨ ᠲᠤᠬᠳᠠᠭᠠᠯ ᠤᠨ ᠵᠤᠷᠢᠭ ᠰᠠᠨᠠᠭ᠎ᠠ ᠠᠴᠠ ᠵᠦᠷᠢᠴᠡᠭᠰᠡᠨ ᠪᠠ <ᠲᠦᠷᠪᠡᠨ ᠰᠤᠷᠳᠠᠯ> ᠤ᠋ᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠬᠦᠨᠵᠡᠭᠡᠢ ᠦᠷᠨᠢᠭᠦᠯᠭᠦ ᠲᠤᠬᠠᠢ ᠲᠦᠰᠦᠯ》 《ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠳᠣᠮᠳᠠ ᠣᠷᠣᠰᠢᠵᠣ ᠪᠠᠶᠢᠭ᠎ᠠ ᠠᠰᠠᠭᠤᠳᠠᠯ ᠢ ᠳᠣᠰᠬᠠᠢ ᠴᠡᠭᠴᠡᠯᠡᠨ ᠵᠠᠰᠠᠬᠤ ᠲᠦᠰᠦᠯ》 《<ᠲᠦᠪ ᠤᠨ ᠤᠨᠢᠨ ᠲᠡᠭᠡᠷ᠎ᠡ ᠨᠢ ᠶᠠᠳᠠᠭᠤ ᠶᠢ ᠲᠡᠳᠭᠦᠭᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠨᠢ ᠬᠦᠷᠦᠯᠴᠡᠭᠦ ᠦᠭᠡᠢ> ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠲᠦᠰᠦᠯ》 《ᠠᠵᠤ ᠠᠬᠤᠢ ᠶᠢᠨ ᠲᠤᠭ᠎ᠠ ᠪᠠᠷᠢᠮᠳᠠ ᠶᠢ ᠬᠠᠭᠤᠷᠮᠠᠭ ᠢᠶᠠᠷ ᠵᠤᠬᠢᠶᠠᠬᠰᠠᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠲᠦᠰᠦᠯ》 《ᠤᠯᠤᠰ ᠤᠨ ᠭᠠᠵᠠᠷ ᠰᠢᠷᠣᠢ ᠡᠬᠢ ᠪᠠᠶᠠᠯᠢᠭ ᠪᠠ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠬᠦᠭ᠍ᠵᠢᠭᠦᠯᠭᠦ ᠵᠡᠷᠭᠡ ᠬᠦᠷᠢᠶᠡᠨ ᠳᠠᠬᠢ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠲᠦᠰᠦᠯ》 ᠵᠡᠷᠭᠡ ᠠᠵᠢᠯ ᠤᠨ ᠲᠦᠰᠦᠯ ᠢ ᠬᠢᠨᠠᠨ ᠵᠦᠪᠯᠡᠵᠤ ᠪᠠᠳᠤᠯᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠡᠷᠬᠢᠯᠡᠵᠡᠢ᠃

    ᠬᠤᠷᠠᠯ ᠠᠴᠠ᠂ ᠲᠦᠪ ᠤᠨ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠬᠠᠷᠢᠭᠤ ᠲᠤᠰᠬᠠᠬᠰᠠᠨ ᠬᠠᠮᠤᠷᠬᠤ ᠬᠡᠪᠴᠢᠶ᠎ᠡ ᠦᠷᠭᠡᠨ᠂ ᠠᠩᠬᠠᠷᠤᠯ ᠤᠨ ᠬᠡᠮᠵᠢᠶ᠎ᠠ ᠦᠨᠳᠦᠷ ᠵᠠᠷᠢᠮ ᠲᠤᠪᠤᠶᠢᠮ᠎ᠠ ᠠᠰᠠᠭᠤᠳᠠᠯ ᠳᠤ ᠴᠢᠭᠯᠡᠭᠦᠯᠣᠨ ᠲᠤᠰᠬᠠᠢ ᠴᠡᠭᠴᠡᠯᠡᠨ ᠵᠠᠰᠠᠬᠤ ᠠᠵᠢᠯ ᠦᠷᠨᠢᠭᠦᠯᠭᠦ ᠨᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠵᠤ ᠴᠡᠭᠴᠡᠯᠨᠨ ᠰᠠᠶᠢᠵᠢᠷᠠᠭᠤᠯᠬᠤ ᠠᠵᠢᠯ ᠤᠨ ᠴᠢᠬᠤᠯᠠ ᠠᠷᠭ᠎ᠠ ᠬᠡᠮᠵᠢᠶ᠎ᠠ ᠪᠣᠯᠬᠤ ᠪᠦᠭᠡᠳ ᠴᠢᠬᠤᠯᠠ ᠪᠠᠷᠢᠴᠠ ᠪᠤᠯᠤᠨ᠎ᠠ᠃ ᠲᠤᠰᠬᠠᠢ ᠴᠡᠭᠴᠡᠯᠡᠨ ᠵᠠᠰᠠᠬᠤ ᠠᠵᠢᠯ ᠢ ᠰᠠᠶᠢᠳᠤᠷ ᠠᠳᠬᠤᠵᠣ᠂ ᠲᠤᠪᠤᠶᠢᠮ᠎ᠠ ᠠᠰᠠᠭᠤᠳᠠᠯ ᠢ ᠲᠦᠪᠯᠡᠷᠡᠭᠦᠯᠦᠨ ᠰᠢᠢᠳᠪᠦᠷᠢᠯᠡᠭᠦ ᠨᠢ᠂ ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠱᠠᠭᠠᠷᠳᠠᠯᠭ᠎ᠠ ᠶᠢ ᠨᠡᠶᠢᠳᠡᠪᠦᠷᠢᠵᠢᠭᠤᠯᠬᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠭᠦ ᠪᠠ ᠨᠠᠮ ᠢ ᠬᠠᠮᠢᠶᠠᠷᠴᠤ ᠨᠠᠮ ᠢ ᠵᠠᠰᠠᠬᠤ ᠲᠦᠪᠰᠢᠨ ᠢ ᠲᠡᠭᠡᠭ᠍ᠰᠢᠯᠡᠭᠦᠯᠭᠦ᠂ ᠦᠭᠡᠷᠡᠴᠢᠯᠡᠯᠳᠡ ᠬᠦᠭ᠍ᠵᠢᠯᠳᠡ ᠲᠤᠬᠳᠠᠭᠤᠨ ᠤ ᠠᠵᠢᠯ ᠢ ᠠᠬᠢᠭᠤᠯᠬᠤ ᠳᠤ ᠴᠦᠮ ᠮᠠᠰᠢ ᠴᠢᠬᠤᠯᠠ ᠠᠴᠢ ᠬᠤᠯᠪᠤᠬᠳᠠᠯ ᠲᠠᠢ ᠬᠡᠵᠤ ᠵᠢᠭᠠᠵᠤ ᠭᠠᠷᠭᠠᠪᠠ᠃

    ᠬᠤᠷᠠᠯ ᠠᠴᠠ᠂ ᠡᠯ᠎ᠠ ᠵᠦᠢᠯ ᠤᠨ ᠲᠤᠰᠬᠠᠢ ᠴᠡᠭᠴᠡᠯᠡᠨ ᠵᠠᠰᠠᠬᠤ ᠠᠵᠢᠯ ᠢ ᠲᠠᠭᠠᠭᠤᠯᠤᠨ ᠭᠦᠢᠴᠡᠳᠭᠡᠬᠦ ᠤᠳᠤᠷᠢᠳᠬᠤ ᠨᠦᠬᠦᠳ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠦᠨᠡᠨᠭᠦ ᠡᠭᠦᠷᠭᠡᠯᠡᠵᠤ᠂ ᠪᠡᠶ᠎ᠡ ᠪᠠᠷ ᠢᠶᠠᠨ ᠵᠢᠯᠤᠭᠤᠳᠬᠤ ᠮᠦᠷᠳᠡᠭᠡᠨ ᠪᠡᠶ᠎ᠡ ᠪᠠᠷ ᠢᠶᠠᠨ ᠤᠷᠤᠯᠴᠠᠵᠤ᠂ ᠬᠤᠷᠸ᠎ᠠ ᠵᠢᠯᠤᠭᠤᠳᠤᠯᠭ᠎ᠠ ᠶᠢ ᠠᠳᠬᠤᠬᠤ ᠮᠦᠷᠳᠡᠭᠡᠨ ᠪᠤᠳᠠᠳᠠᠢ ᠨᠡᠶᠢᠳᠡᠪᠦᠷᠢᠵᠢᠭᠤᠯᠬᠤ ᠶᠢ ᠠᠳᠬᠤᠵᠤ᠂ ᠨᠢᠭᠡᠳᠦᠭᠡᠷ ᠹᠷᠤᠨᠲ ᠲᠤ ᠬᠦᠨᠵᠡᠭᠡᠶᠢᠷᠡᠨ ᠦᠨᠡᠨ ᠪᠠᠶᠢᠳᠠᠯ ᠢ ᠡᠵᠡᠮᠰᠢᠨ᠂ ᠠᠵᠢᠯ ᠢ ᠨᠡᠶᠢᠳᠡᠪᠦᠷᠢᠵᠢᠭᠤᠯᠬᠤ ᠶᠢ ᠱᠠᠯᠠᠪᠳᠠᠭᠤᠯᠤᠨ ᠠᠬᠢᠭᠤᠯᠬᠤ ᠶᠢ ᠴᠢᠬᠤᠯᠠᠴᠢᠯᠠᠵᠤ᠂ ᠵᠠᠷᠴᠢᠮ ᠢ ᠪᠠᠷᠢᠮᠳᠠᠯᠠᠨ᠂ ᠵᠤᠷᠢᠬᠳᠠᠢ ᠠᠳᠬᠤᠨ ᠵᠤᠷᠢᠬᠳᠠᠢ ᠬᠠᠮᠢᠶᠠᠷᠴᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠡᠷᠳᠡ ᠡᠳᠦᠷ ᠦᠷ᠎ᠡ ᠪᠦᠳᠦᠮᠵᠢ ᠤᠯᠬᠤ ᠶᠢ ᠠᠬᠢᠭᠤᠯᠬᠤ ᠬᠡᠷᠡᠭᠳᠡᠢ᠃ ᠬᠠᠮᠢᠶ᠎ᠠ ᠪᠦᠬᠦᠢ ᠬᠠᠷᠢᠭᠤᠴᠠᠯᠭᠠᠳᠣ ᠰᠠᠯᠠᠭ᠎ᠠ ᠮᠦᠴᠢᠷ ᠨᠢᠭᠡᠴᠡ ᠪᠠᠭᠠᠳᠤᠷ ᠢᠳᠡᠳᠡᠳ ᠭᠠᠷ ᠢᠶᠠᠨ ᠤᠭᠳᠤᠯᠵᠦ ᠬᠤᠤᠷ᠎ᠠ ᠲᠠᠶᠢᠯᠠᠬᠤ ᠰᠦᠰᠦ ᠵᠤᠷᠢᠭ ᠢᠶᠠᠷ᠂ ᠬᠠᠳᠠ ᠬᠠᠭᠠᠯᠵᠦ ᠮᠦᠷ ᠦᠯᠡᠳᠡᠭᠡᠭᠦ ᠪᠢᠷ᠎ᠡ ᠴᠢᠳᠠᠯ ᠢᠶᠠᠷ᠂ ᠲᠤᠬᠰᠢᠨ ᠡᠮ ᠢᠶᠠᠷ ᠬᠦᠨᠳᠤ ᠠᠷᠬᠠᠭ ᠢ ᠵᠠᠰᠠᠬᠤ ᠠᠷᠭ᠎ᠠ ᠬᠡᠮᠵᠢᠶ᠎ᠡ ᠪᠠᠷ ᠲᠦᠪ ᠤᠨ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠬᠠᠷᠢᠭᠤ ᠲᠤᠰᠬᠠᠬᠰᠠᠨ ᠲᠤᠪᠤᠶᠢᠮ᠎ᠠ ᠠᠰᠠᠭᠤᠳᠠᠯ ᠳᠡᠭᠡᠷ᠎ᠡ ᠠᠩᠬᠠᠷᠣᠯ ᠢᠶᠠᠨ ᠲᠦᠪᠯᠡᠷᠡᠬᠦᠯᠵᠦ᠂ ᠲᠦᠪ ᠤᠨ ᠡᠯ᠎ᠠ ᠵᠦᠢᠯ ᠤᠨ ᠪᠠᠶᠢᠴᠠᠭᠠᠯᠳᠠ᠂ ᠱᠠᠯᠠᠪᠳᠠᠭᠤᠯᠤᠨ ᠪᠠᠶᠢᠴᠠᠭᠠᠯᠳᠠ᠂ ᠬᠢᠨᠠᠨ ᠪᠤᠳᠤᠯᠳᠠ ᠵᠢᠴᠢ ᠦᠪᠡᠷᠳᠡᠭᠡᠨ ᠵᠠᠰᠠᠬᠤ ᠤᠷᠤᠨ ᠤ ᠲᠤᠭᠤᠷᠢᠨ ᠪᠠᠶᠢᠴᠠᠭᠠᠵᠤ ᠲᠤᠭᠤᠷᠢᠨ ᠦᠵᠡᠭᠦ᠂ ᠱᠠᠯᠠᠪᠳᠠᠭᠤᠯᠤᠨ ᠪᠠᠶᠢᠴᠠᠭᠠᠬᠤ ᠲᠤᠮᠳᠠ ᠢᠯᠡᠷᠡᠭᠦᠯᠦᠭᠰᠡᠨ ᠪᠤᠳᠠᠳᠠᠢ ᠠᠰᠠᠭᠤᠳᠠᠯ ᠳᠡᠭᠡᠷ᠎ᠡ ᠠᠩᠬᠠᠷᠣᠯ ᠢᠶᠠᠨ ᠲᠦᠪᠯᠡᠷᠡᠭᠦᠯᠵᠦ᠂ ᠬᠠᠮᠢᠶ᠎ᠠ ᠪᠦᠬᠦᠢ ᠲᠠᠯ᠎ᠠ ᠶᠢᠨ ᠬᠢᠨ ᠢ ᠵᠠᠷᠯᠢᠬᠳᠠᠨ ᠲᠠᠷᠤᠢ ᠲᠦᠷᠭᠡᠨ ᠴᠡᠭᠴᠡᠯᠡᠨ ᠰᠠᠶᠢᠵᠢᠷᠠᠭᠤᠯᠵᠤ᠂ ᠬᠤᠭᠤᠴᠠᠭ᠎ᠠ ᠲᠤᠬᠳᠠᠭᠠᠨ ᠴᠡᠭᠴᠡᠯᠡᠨ ᠰᠠᠶᠢᠵᠢᠷᠠᠭᠤᠯᠵᠤ᠂ ᠠᠯᠳᠠᠭ᠎ᠠ ᠳᠣᠳᠠᠭᠳᠠᠯ ᠪᠤᠷᠤᠭᠤ ᠬᠡᠯᠪᠡᠷᠢᠯ ᠢ ᠪᠦᠬᠦ ᠲᠠᠯ᠎ᠠ ᠪᠠᠷ ᠵᠠᠯᠠᠷᠠᠭᠤᠯᠵᠤ᠂ ᠴᠢᠩᠭ᠋᠎ᠠ ᠪᠦᠭᠡᠳ ᠪᠤᠳᠠᠳᠠᠢ ᠵᠤᠷᠢᠭ ᠰᠠᠨᠠᠭ᠎ᠠ ᠪᠠᠷ ᠠᠰᠠᠭᠤᠳᠠᠯ ᠢ ᠰᠢᠢᠳᠪᠦᠷᠢᠯᠡᠨ᠂ ᠲᠤᠰᠬᠠᠢ ᠴᠡᠭᠴᠡᠯᠡᠨ ᠵᠠᠰᠠᠬᠤ ᠠᠵᠢᠯ ᠢ ᠵᠠᠪᠠᠯ ᠴᠢᠩᠭ᠋᠎ᠠ ᠠᠳᠬᠤᠨ ᠰᠠᠶᠢᠳᠤᠷ ᠠᠳᠬᠤᠵᠤ᠂ ᠦᠷ᠎ᠡ ᠪᠦᠳᠦᠮᠵᠢ ᠭᠠᠷᠳᠠᠯ᠎ᠠ ᠠᠳᠬᠤᠵᠣ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠢᠪᠳᠤᠯᠤᠯᠳᠠ ᠭᠠᠷᠭᠠᠵᠦ ᠬᠦᠨᠵᠡᠬᠡᠢ ᠦᠷᠨᠢᠭᠦᠯᠬᠦ ᠶᠢ ᠲᠠᠶᠢᠴᠢᠯᠠᠬᠤ ᠬᠡᠷᠡᠭᠳᠡᠢ ᠬᠡᠵᠤ ᠱᠠᠭᠠᠷᠳᠠᠪᠠ᠃

    ᠬᠤᠷᠠᠯ ᠠᠴᠠ᠂ ᠲᠦᠮᠡ ᠪᠣᠮᠠᠨ ᠤᠳᠠᠭ᠎ᠠ ᠳᠠᠶᠢᠴᠢᠯᠠᠬᠤ ᠨᠢ ᠨᠢᠭᠡ ᠤᠳᠠᠭ᠎ᠠ ᠬᠠᠷᠢᠭᠤᠴᠠᠯᠭ᠎ᠠ ᠲᠤᠯᠭᠠᠬᠤ ᠶᠢ ᠬᠦᠷᠭᠦ ᠦᠭᠡᠢ᠃ ᠲᠦᠪ ᠤᠨ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠲᠤᠰᠢᠶᠠᠬᠰᠠᠨ ᠡᠯ᠎ᠠ ᠵᠦᠢᠯ ᠤᠨ ᠠᠰᠠᠭᠤᠳᠠᠯ ᠤᠨ ᠰᠦᠪᠡᠭ᠍ᠴᠢ᠂ ᠲᠤᠰᠬᠠᠢ ᠴᠡᠭᠴᠡᠯᠡᠨ ᠵᠠᠰᠠᠬᠤ ᠠᠵᠢᠯ ᠲᠤᠮᠳᠠ ᠢᠯᠡᠷᠡᠭᠦᠯᠦᠭᠰᠡᠨ ᠬᠠᠣᠯᠢ ᠰᠠᠬᠢᠯᠭ᠎ᠠ ᠠᠴᠠ ᠵᠦᠷᠢᠴᠡᠭᠰᠡᠨ ᠠᠰᠠᠭᠤᠳᠠᠯ ᠢ ᠨᠢᠭᠡ ᠨᠢᠭᠡ ᠪᠠᠷ ᠬᠢᠨᠠᠮᠠᠭᠠᠢ ᠪᠠᠶᠢᠴᠠᠭᠠᠨ ᠬᠠᠷᠭᠤᠭᠤᠯᠵᠣ᠂ ᠬᠠᠤᠯᠢ ᠰᠠᠬᠢᠯᠭ᠎ᠠ ᠶᠣᠰᠣᠭᠠᠷ ᠴᠢᠩᠭ᠋᠎ᠠ ᠰᠢᠢᠳᠪᠦᠷᠢᠯᠡᠭᠦ ᠬᠡᠷᠡᠭᠳᠡᠢ᠃ ᠤᠨᠴᠠᠭᠠᠢᠢᠯᠠᠨ ᠲᠦᠪ ᠤᠨ ᠨᠠᠶ᠋ᠮᠠᠨ ᠲᠤᠬᠳᠠᠭᠠᠯ ᠤᠨ ᠵᠤᠷᠢᠭ ᠰᠠᠨᠠᠭ᠎ᠠ ᠠᠴᠠ ᠵᠦᠷᠢᠴᠡᠭᠰᠡᠨ ᠪᠠ 《ᠲᠦᠷᠪᠡᠨ ᠰᠤᠷᠳᠠᠯ》  ᠤ᠋ᠨ ᠲᠤᠪᠤᠶᠢᠮ᠎ᠠ ᠠᠰᠠᠭᠤᠳᠠᠯ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠬᠦᠭ᠍ᠵᠢᠭᠦᠯᠭᠦ ᠬᠦᠷᠢᠶᠡᠨ ᠳᠠᠬᠢ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠳᠣᠮᠳᠠ ᠪᠠᠨ᠂ ᠴᠢᠨᠠᠭᠰᠢᠳᠠ ᠬᠦᠨᠵᠡᠭᠡᠢ ᠪᠠᠶᠢᠴᠠᠭᠠᠨ ᠨᠠᠷᠢᠯᠢᠬ ᠰᠤᠳᠤᠯᠵᠤ᠂ ᠴᠤᠬᠢᠯᠳᠠ ᠦᠭᠴᠤ ᠵᠠᠯᠬᠠᠭᠠᠨ ᠰᠢᠳᠭᠡᠭᠦ ᠡᠷᠴᠢᠮ ᠢᠶᠠᠨ ᠴᠢᠩᠭ᠋ᠠᠷᠠᠭᠤᠯᠵᠤ᠂ ᠠᠶᠤᠯᠭᠠᠨ ᠰᠦᠷᠳᠡᠭᠦᠯᠭᠦ ᠰᠦᠷ ᠬᠦᠴᠦᠨ ᠢ ᠪᠦᠷᠢᠯᠳᠦᠭᠦᠯᠵᠦ᠂ ᠴᠡᠭᠡᠷᠯᠡᠯ ᠪᠤᠯᠭᠠᠬᠤ ᠬᠡᠷᠡᠭᠳᠡᠢ᠃ ᠱᠠᠯᠠᠪᠳᠠᠭᠤᠯᠤᠨ ᠪᠠᠶᠢᠴᠠᠭᠠᠵᠣ ᠱᠠᠯᠠᠪᠳᠠᠭᠤᠯᠤᠨ ᠵᠢᠯᠤᠭᠤᠳᠬᠤ ᠳᠦᠷᠢᠮ ᠢ ᠴᠢᠩᠭ᠋᠎ᠠ ᠬᠡᠷᠡᠭᠵᠢᠭᠦᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠢ ᠠᠳᠬᠤᠭᠰᠠᠨ ᠨᠢ ᠴᠢᠩᠭ᠋᠎ᠠ ᠪᠣᠰᠣ ᠪᠤᠳᠠᠳᠠᠢ ᠪᠤᠰᠤ ᠪᠣᠯ᠂ ᠰᠠᠨᠠᠭᠤᠯᠬᠤ ᠶᠤᠰᠤᠳᠠᠢ ᠶᠢ ᠨᠢ ᠰᠠᠨᠠᠭᠤᠯᠵᠤ᠂ ᠵᠠᠷᠯᠠᠨ ᠨᠡᠶᠢᠳᠡᠯᠡᠬᠦ ᠶᠤᠰᠤᠳᠠᠢ ᠶᠢ ᠨᠢ ᠵᠠᠷᠯᠠᠨ ᠨᠡᠶᠢᠳᠡᠯᠡᠵᠦ᠂ ᠴᠡᠭᠡᠷᠯᠡᠭᠦᠯᠭᠦ ᠶᠤᠰᠤᠳᠠᠢ ᠶᠢ ᠨᠢ ᠴᠡᠭᠡᠷᠯᠡᠭᠦᠯᠵᠤ᠂ ᠬᠠᠷᠢᠭᠤᠴᠠᠯᠭ᠎ᠠ ᠲᠤᠯᠭᠠᠬᠤ ᠶᠤᠰᠤᠳᠠᠢ ᠶᠢ ᠨᠢ ᠬᠠᠷᠢᠭᠤᠴᠠᠯᠭ᠎ᠠ ᠲᠤᠯᠭᠠᠵᠤ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠴᠢᠨᠠᠬᠰᠢᠳᠠ ᠬᠠᠷᠢᠭᠤᠴᠠᠯᠭ᠎ᠠ ᠡᠭᠦᠷᠭᠡᠯᠡᠨ ᠠᠰᠠᠭᠤᠳᠠᠯ ᠢ ᠰᠠᠶᠢᠳᠤᠷ ᠴᠡᠭᠴᠡᠯᠡᠨ ᠰᠠᠶᠢᠵᠢᠷᠠᠭᠤᠯᠬᠤ᠂ ᠠᠵᠢᠯ ᠢᠶᠠᠨ ᠯᠠᠪᠳᠠᠭᠤᠨ ᠪᠠᠳᠤᠳᠠᠢ ᠰᠠᠶᠢᠳᠤᠷ ᠬᠢᠭᠦ ᠶᠢ ᠬᠡᠳᠡᠷᠭᠦ ᠰᠢᠬᠠᠮᠳᠠᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃

    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ 

ᠢᠷᠡᠯᠳᠡ᠄ ᠦᠪᠦᠷ ᠮᠤᠩᠭᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121193378