蒙古文网站Logo
ᠰᠢᠨᠬᠤᠸᠠ ᠮᠤᠩᠭ᠋ᠤᠯ ᠨᠧᠲ

ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠬᠤᠷᠠᠯ ᠬᠦᠬᠡᠬᠤᠳᠠ ᠳᠤ ᠬᠤᠷᠠᠯᠳᠤᠪᠠ

2017-06-27 09:17

    6 ᠰᠠᠷ᠎ᠠ ᠶᠢᠨ 23 ᠤ᠋ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠳᠤ ᠤᠷᠤᠯᠴᠠᠬᠤ ᠶᠤᠰᠤᠳᠠᠢ ᠲᠦᠯᠦᠭᠡᠯᠡᠭᠴᠢ 662 ᠬᠦᠮᠦᠨ᠂ 637 ᠭᠦᠮᠦᠨ ᠬᠤᠷᠠᠯ ᠳᠤ ᠤᠷᠤᠯᠴᠠᠵᠤ᠂ ᠬᠠᠦᠯᠢ ᠳ᠋ᠤ ᠲᠤᠬᠳᠠᠭᠠᠬᠰᠠᠨ ᠬᠦᠮᠦᠨ ᠤ ᠲᠤᠭᠠᠨ ᠳᠤ ᠨᠡᠶᠢᠴᠡᠪᠠ᠃

       

    ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠤᠷᠢᠶ᠎ᠠ ᠬᠤᠷᠠᠯ ᠢ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠬᠤ ᠶᠢᠨ ᠬᠠᠮᠳᠣ ᠶᠠᠷᠢᠶ᠎ᠠ ᠲᠠᠯᠪᠢᠪᠠ᠃ ᠬᠤᠷᠠᠯ ᠠᠴᠠ 《ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠦᠯᠦᠭᠡᠯᠡᠭᠴᠢ ᠶᠢ ᠰᠤᠩᠭ᠋ᠤᠬᠤ ᠠᠵᠢᠯ ᠤᠨ ᠲᠤᠬᠠᠢ ᠮᠡᠳᠡᠭᠳᠡᠯ》 ᠢ᠋ ᠤᠯᠠᠮᠵᠢᠯᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠽᠧᠩ ᠢ ᠴᠦᠨ 《ᠦᠪᠡᠷᠳᠡᠭᠡᠨ ᠵᠠᠰᠠᠬᠤ ᠤᠷᠤᠨ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠤᠷᠤᠯᠴᠠᠬᠤ ᠲᠦᠯᠦᠭᠡᠯᠡᠭᠴᠢᠳ ᠤᠨ ᠵᠢᠱᠢᠭᠳᠡᠭᠰᠡᠳ ᠤᠨ ᠪᠡᠯᠡᠳᠭᠡᠯ ᠵᠢᠱᠢᠭᠳᠡᠭᠴᠢ ᠶᠢᠨ ᠪᠠᠶᠢᠳᠠᠯ ᠤᠨ ᠲᠤᠬᠠᠢ ᠲᠤᠳᠤᠷᠬᠠᠢᠢᠯᠠᠯᠳᠠ》ᠬᠢᠵᠡᠢ᠃ ᠬᠤᠷᠠᠯ ᠠᠴᠠ ᠬᠦᠢᠴᠡᠳ ᠵᠦᠪᠳᠡᠨ ᠶᠠᠷᠢᠯᠴᠠᠬᠰᠠᠨ ᠰᠠᠭᠤᠷᠢᠨ ᠲᠡᠭᠡᠷ᠎ᠡ᠂ ᠨᠢᠭᠤᠴᠠ ᠪᠠᠷ ᠪᠢᠯᠧᠲ ᠦᠭ᠍ᠭᠦ ᠠᠷᠭ᠎ᠠ ᠪᠠᠷ ᠮᠠᠨ ᠤ ᠤᠷᠤᠨ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠤᠷᠤᠯᠴᠠᠬᠤ 41 ᠲᠦᠯᠦᠭᠡᠯᠡᠭᠴᠢ ᠶᠢ ᠰᠤᠩᠭ᠋ᠤᠨ ᠭᠠᠷᠭᠠᠵᠤ᠂ ᠲᠦᠪ ᠠᠴᠠ ᠨᠡᠷ᠎ᠡ ᠲᠤᠷᠠᠳᠤᠬᠰᠠᠨ ᠵᠠᠩ ᠳ᠋ᠧ ᠵᠢᠶᠠᠩ ᠨᠦᠬᠦᠷ ᠲᠦᠯᠦᠭᠡᠯᠡᠭᠴᠢ ᠪᠠᠷ ᠰᠤᠩᠭ᠋ᠤᠭᠲᠠᠵᠠᠢ᠃ ᠰᠤᠩᠭ᠋ᠤᠭᠤᠯᠢ ᠶᠢᠨ ᠦᠷ᠎ᠡ ᠳ᠋ᠦᠩ ᠢ ᠨᠡᠶᠢᠳᠡᠯᠡᠭᠦ ᠦᠶ᠎ᠠ ᠳᠤ ᠬᠤᠷᠠᠯ ᠤᠨ ᠲᠠᠯᠠᠪᠠᠢ ᠳᠤ ᠨᠢᠵᠢᠬᠢᠨᠡᠳᠡᠯ᠎ᠡ ᠠᠯᠠᠭ᠎ᠠ ᠲᠠᠰᠢᠬᠤ ᠳᠠᠭᠤᠨ ᠴᠤᠤᠷᠢᠶᠠᠲᠤᠪᠠ᠃     

    ᠰᠤᠩᠭ᠋ᠤᠭᠤᠯᠢ ᠶᠢᠨ ᠡᠭᠦᠷᠭᠡ ᠶᠢ ᠠᠮᠵᠢᠯᠳᠡ ᠲᠠᠢ ᠪᠡᠶᠡᠯᠡᠭᠦᠯᠦᠭᠰᠡᠨ ᠤ ᠲᠠᠷᠠᠭ᠎ᠠ᠂ ᠯᠢ ᠵᠢᠢ ᠾᠧᠩ ᠶᠠᠷᠢᠶ᠎ᠠ ᠲᠠᠯᠪᠢᠵᠠᠢ᠃   

    ᠯᠢ ᠵᠢᠢ ᠾᠧᠩ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠬᠤᠷᠠᠯ ᠪᠦᠬᠦ ᠲᠦᠯᠦᠭᠡᠯᠡᠭᠴᠢ ᠪᠠ ᠬᠤᠷᠠᠯ ᠳᠤ ᠤᠷᠤᠯᠴᠠᠬᠰᠠᠨ ᠪᠦᠬᠦ ᠨᠦᠬᠦᠳ ᠤᠨ ᠬᠠᠮᠳᠤ ᠶᠢᠨ ᠴᠢᠷᠮᠠᠶᠢᠯᠭ᠎ᠠ ᠪᠠᠷ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠤᠷᠤᠯᠴᠠᠬᠤ ᠲᠦᠯᠦᠭᠡᠯᠡᠭᠴᠢᠳ ᠢ ᠰᠤᠩᠭ᠋ᠤᠬᠤ ᠤᠯᠤᠰ ᠲᠦᠷᠦ ᠶᠢᠨ ᠡᠭᠦᠷᠭᠡ ᠪᠠᠨ ᠠᠮᠵᠢᠯᠳᠡ ᠲᠠᠢ ᠪᠡᠶᠡᠯᠡᠭᠦᠯᠪᠡ᠃ ᠡᠨᠡ ᠣᠳᠠᠭ᠎ᠠ ᠶᠢᠨ ᠬᠤᠷᠠᠯ ᠨᠢ ᠨᠢᠭᠡ ᠤᠳᠠᠭ᠎ᠠ ᠶᠢᠨ ᠲᠤᠭ ᠢ ᠦᠨᠳᠦᠷ ᠮᠠᠨᠳᠤᠭᠤᠯᠵᠤ᠂ ᠭᠤᠤᠯᠯᠠᠬᠴᠢ ᠪᠠᠨ ᠬᠦᠷᠢᠶᠡᠯᠡᠭᠰᠡᠨ ᠶᠡᠭᠡ ᠬᠤᠷᠠᠯ ᠪᠤᠯᠵᠠᠢ᠂ ᠰᠡᠳᠬᠢᠯ ᠢᠶᠠᠨ ᠨᠢᠭᠡᠳᠭᠡᠨ ᠬᠦᠴᠦ ᠪᠠᠨ ᠬᠠᠮᠳᠤᠳᠬᠠᠬᠰᠠᠨ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠵᠠᠢ᠂ ᠠᠷᠠᠳᠴᠢᠯᠡᠯ ᠲᠠᠢ ᠡᠶ᠎ᠡ ᠵᠤᠬᠢᠴᠠᠩᠭ᠋ᠤᠢ᠂ ᠰᠤᠷᠳᠠᠯ ᠴᠢᠭᠡᠴᠢ ᠤᠪᠤᠷ ᠲᠦᠪ ᠶᠡᠭᠡ ᠬᠤᠷᠠᠯ ᠪᠤᠯᠵᠠᠢ᠃ ᠶᠡᠭᠡ ᠬᠤᠷᠠᠯ ᠤᠨ ᠬᠤᠭᠤᠴᠠᠭᠠᠨ ᠳᠤ᠂ ᠲᠦᠯᠦᠭᠡᠯᠡᠭᠴᠢᠳ ᠲᠡᠭᠡᠳᠦ ᠬᠡᠮᠵᠢᠶᠠᠨ ᠤ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢᠶᠠᠷ᠂ ᠲᠦᠯᠦᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠬᠠᠷᠢᠭᠤᠴᠠᠨ ᠬᠦᠢᠴᠡᠳᠭᠡᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠬᠤ ᠡᠷᠡᠰ ᠪᠠᠳᠤ ᠴᠢᠨᠠᠷ ᠪᠠ ᠤᠬᠠᠮᠰᠠᠷᠳᠦ ᠴᠢᠨᠠᠷ ᠢᠶᠠᠨ ᠬᠦᠢᠴᠡᠳ ᠢᠯᠡᠷᠡᠭᠦᠯᠵᠤ᠂ ᠬᠦᠴᠦᠯᠡᠨ ᠴᠢᠷᠮᠠᠶᠢᠵᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠬᠤ ᠤᠶᠤᠨ ᠰᠠᠨᠠᠭᠠᠨ ᠤ ᠲᠦᠷᠰᠦ ᠪᠠᠶᠢᠳᠠᠯ ᠪᠠ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠪᠡ᠃ ᠶᠡᠭᠡ ᠬᠤᠷᠠᠯ ᠠᠴᠠ ᠰᠤᠩᠭ᠋ᠤᠨ ᠭᠠᠷᠭᠠᠬᠰᠠᠨ ᠲᠦᠯᠦᠭᠡᠯᠡᠭᠴᠢᠳ ᠡᠪ ᠬᠠᠮᠳᠤ ᠨᠠᠮ ᠤᠨ ᠬᠡᠰᠢᠭᠦᠨ ᠤ ᠲᠡᠷᠢᠭᠦᠨ ᠤ ᠴᠢᠨᠠᠷ ᠪᠠ ᠴᠡᠪᠡᠷ ᠠᠷᠢᠭᠤᠨ ᠴᠢᠨᠠᠷ ᠲᠠᠢ ᠪᠠᠷ ᠪᠠᠷᠠᠬᠤ ᠦᠭᠡᠢ᠂ ᠦᠷᠭᠡᠨ ᠲᠡᠯᠬᠡᠷ ᠲᠦᠯᠦᠭᠡᠯᠡᠭᠦ ᠴᠢᠨᠠᠷ ᠲᠠᠢ ᠪᠣᠯᠵᠠᠢ᠂ ᠨᠠᠮ ᠤᠨ ᠲᠦᠪ ᠬᠤᠷᠢᠶ᠎ᠠ ᠳᠤ ᠮᠡᠳᠡᠭᠦᠯᠦᠨ ᠬᠢᠨᠠᠨ ᠵᠦᠪᠰᠢᠶᠡᠷᠡᠭᠦᠯᠦᠭᠰᠡᠨ ᠤ ᠲᠠᠷᠠᠭ᠎ᠠ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠬᠡᠰᠢᠭᠦᠳ ᠢ ᠲᠦᠯᠦᠭᠡᠯᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠤᠷᠤᠯᠴᠠᠬᠤ ᠪᠤᠯᠤᠨ᠎ᠠ ᠬᠡᠪᠡ᠃      

    ᠯᠢ ᠵᠢᠢ ᠾᠧᠩ᠂ ᠡᠨᠡ ᠵᠢᠯ ᠪᠤᠯ ᠨᠠᠮ ᠪᠤᠯᠤᠨ ᠤᠯᠤᠰ ᠤᠨ ᠬᠦᠭ᠍ᠵᠢᠯᠳᠡ ᠶᠢᠨ ᠠᠬᠢᠴᠠ ᠳᠣᠮᠳᠠ ᠤᠨᠴᠠ ᠴᠢᠬᠤᠯᠠ ᠠᠴᠢ ᠬᠤᠯᠪᠤᠬᠳᠠᠯ ᠲᠠᠢ ᠨᠢᠭᠡ ᠵᠢᠯ ᠪᠤᠯᠤᠨ᠎ᠠ᠂ ᠦᠪᠡᠷᠳᠡᠭᠡᠨ ᠵᠠᠰᠬᠠᠤ ᠤᠷᠤᠨ ᠤ ᠦᠭᠡᠷᠡᠴᠢᠯᠡᠯᠳᠡ ᠨᠡᠭᠡᠭᠡᠯᠳᠡ ᠪᠠ ᠤᠳᠤᠬᠢᠴᠢᠯᠡᠬᠤ ᠪᠦᠳᠦᠭᠡᠨ ᠪᠠᠶᠢᠭᠤᠯᠤᠯᠳᠠ ᠶᠢᠨ ᠠᠬᠢᠴᠠ ᠳᠣᠮᠳᠠᠬᠢ ᠵᠠᠩᠬᠢᠯᠠᠭ᠎ᠠ ᠶᠢᠨ ᠨᠢᠭᠡ ᠵᠢᠯ ᠪᠤᠯᠤᠨ᠎ᠠ᠃ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠣᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠬᠤ ᠪᠠ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠪᠠᠷ ᠬᠦᠳᠡᠯᠭᠡᠭ᠍ᠴᠢ ᠬᠦᠴᠦᠨ ᠪᠤᠯᠭᠠᠵᠤ᠂ ᠲᠦᠪ ᠤᠨ ᠲᠤᠭᠤᠷᠢᠨ ᠪᠠᠶᠢᠴᠠᠭᠠᠵᠤᠡᠷᠬᠢᠨ ᠬᠠᠷᠠᠬᠤ》ᠬᠠᠷᠢᠭᠤ ᠲᠤᠰᠬᠠᠬᠰᠠᠨ ᠰᠠᠨᠠᠯ ᠢᠶᠡᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠪᠠᠷ ᠲᠤᠬᠢᠶᠠᠯ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠵᠤᠷᠢᠭ ᠰᠠᠨᠠᠭ᠎ᠠ ᠪᠠ ᠤᠯᠤᠰ ᠢ ᠵᠠᠰᠠᠵᠤ ᠲᠦᠷᠦ ᠪᠠᠷᠢᠬᠤ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ 《ᠲᠠᠪᠤ ᠶᠢ ᠨᠢᠭᠡ ᠴᠤᠬᠴᠠᠵᠢᠭᠤᠯᠬᠤ》ᠶᠡᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ 《ᠲᠦᠷᠪᠡᠨ ᠪᠦᠬᠦ ᠲᠠᠯ᠎ᠠ》 ᠶ᠋ᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠣᠨ ᠠᠬᠢᠭᠤᠯᠵᠤ᠂ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ᠌ ᠠᠶᠠᠰ ᠢ ᠪᠠᠷᠢᠮᠳᠠᠯᠠᠨ᠂ ᠰᠢᠨ᠎ᠠ ᠬᠦᠭ᠍ᠵᠢᠯᠳᠡ ᠶᠢᠨ ᠤᠢᠢᠯᠠᠭᠠᠬᠳᠠᠬᠤᠨ ᠢᠶᠠᠷ ᠠᠵᠤ ᠠᠬᠤᠢ ᠶᠢᠨ ᠬᠦᠭ᠍ᠵᠢᠯᠳᠡ ᠶᠢᠨ ᠰᠢᠨ᠎ᠠ ᠬᠡᠪ ᠪᠠᠶᠢᠳᠠᠯ ᠢ ᠬᠦᠳᠦᠯᠦᠨ ᠳᠠᠭᠠᠭᠤᠯᠬᠤ ᠶᠢ ᠪᠠᠷᠢᠮᠳᠠᠯᠠᠵᠤ᠂ ᠰᠠᠶᠢᠨ ᠰᠠᠶᠢᠬᠠᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠬᠦᠴᠦᠯᠡᠨ ᠪᠤᠢ ᠪᠤᠯᠭᠠᠵᠤ᠂ ᠠᠵᠤ ᠠᠬᠤᠢ ᠶᠢᠨ ᠲᠤᠬᠳᠠᠭᠤᠨ ᠡᠷᠡᠭᠦᠯ ᠢᠶᠠᠷ ᠬᠦᠭ᠍ᠵᠢᠭᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠦᠭᠡᠷᠡᠴᠢᠯᠡᠯᠳᠡ ᠨᠡᠭᠡᠭᠡᠯᠳᠡ ᠶᠢᠨ ᠴᠢᠬᠤᠯᠠ ᠠᠷᠭ᠎ᠠ ᠬᠡᠮᠵᠢᠶ᠎ᠠ ᠶᠢᠨ ᠪᠤᠳᠠᠳᠠᠢ ᠳᠤ ᠨᠡᠶᠢᠳᠡᠪᠦᠷᠢᠵᠢᠭᠤᠯᠣᠭᠳᠠᠨ ᠦᠷ᠎ᠠ ᠪᠦᠳᠦᠮᠵᠢ ᠣᠯᠬᠤ ᠶᠢ ᠯᠠᠪᠳᠠᠭᠤᠨ ᠪᠠᠳᠤᠳᠠᠢ ᠠᠬᠢᠭᠤᠯᠵᠤ᠂ ᠨᠡᠶᠢᠭᠡᠮ ᠤᠨ ᠡᠶ᠎ᠡ ᠵᠤᠬᠢᠴᠠᠩᠭ᠋ᠤᠢ ᠲᠤᠬᠳᠠᠭᠤᠨ ᠢ ᠦᠨᠡᠨᠭᠦ ᠬᠠᠮᠠᠭᠠᠯᠠᠨ᠂ ᠪᠦᠬᠦ ᠲᠠᠯ᠎ᠠ ᠪᠠᠷ ᠨᠠᠮ ᠢ ᠴᠢᠩᠭ᠋᠎ᠠ ᠵᠠᠰᠠᠬᠤ ᠶᠢ ᠬᠦᠨᠵᠡᠭᠡᠶᠢᠷᠡᠭᠦᠯᠦᠨ ᠠᠬᠢᠭᠤᠯᠵᠤ᠂ ᠤᠳᠤᠬᠢᠴᠢᠯᠠᠬᠰᠠᠨ ᠦᠪᠦᠷ ᠮᠤᠩᠭ᠋ᠤᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠪᠠ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠦᠨ ᠢ ᠴᠤᠬᠴᠠᠯᠠᠬᠤ ᠳᠠᠯ᠎ᠠ ᠪᠠᠷ ᠰᠢᠨ᠎ᠡ ᠨᠡᠩ ᠶᠡᠭᠡ ᠠᠯᠬᠤᠮ ᠢ ᠠᠯᠬᠤᠬᠤ ᠬᠡᠷᠡᠭᠳᠡᠢ ᠬᠡᠵᠤ ᠵᠢᠭᠠᠵᠤ ᠭᠠᠷᠭᠠᠪᠠ᠃     

    ᠯᠢ ᠵᠢᠢ ᠾᠧᠩ ᠬᠠᠮᠤᠭ ᠤᠨ ᠰᠡᠭᠦᠯ ᠳᠤᠨᠢ᠂ ᠪᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠭᠦᠮᠳᠡᠵᠤ᠂ ᠰᠠᠬᠢᠨ ᠪᠠᠷᠠᠯᠠᠵᠣ ᠬᠠᠷᠢᠯᠴᠠᠨ ᠬᠠᠪᠰᠣᠷᠣᠯᠴᠠᠵᠣ᠂ ᠪᠦᠯᠬᠦᠮᠳᠡᠨ ᠲᠡᠮᠡᠴᠡᠵᠤ᠂ ᠴᠤᠴᠠᠯᠳᠠ ᠦᠭᠡᠢ ᠤᠷᠤᠬᠰᠢᠯᠠᠨ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠶ᠎ᠠ ᠬᠡᠵᠡᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121216520