蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠤᠯᠤᠰ ᠤᠨ ᠨᠠᠪᠴᠢᠨ ᠲᠠᠮᠠᠬᠢ ᠶᠢ ᠲᠤᠰᠬᠠᠢ ᠬᠤᠳᠠᠯᠳᠤᠬᠤ ᠲᠤᠪᠴᠢᠶ᠎ᠠ ᠶᠢᠨ ᠲᠠᠷᠤᠭ᠎ᠠ ᠯᠢᠩ ᠴᠧᠩ ᠰᠢᠩ ᠲᠠᠢ ᠠᠭᠤᠯᠵᠠᠪᠠ

2017-06-27 09:32

    6 ᠰᠠᠷ᠎ᠠ ᠶᠢᠨ 26  ᠤ᠋ ᠦᠳᠡ ᠶᠢᠨ ᠬᠤᠶᠢᠨ᠎ᠠ᠂ ᠦᠪᠦᠷ ᠮᠤᠩᠭ᠋ᠤᠯ ᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠦᠬᠡᠬᠤᠳᠠ ᠳᠤ ᠤᠯᠤᠰ ᠤᠨ ᠨᠠᠪᠴᠢᠨ ᠲᠠᠮᠠᠬᠢ ᠶᠢ ᠲᠤᠰᠬᠠᠢ ᠬᠤᠳᠠᠯᠳᠤᠬᠤ ᠲᠤᠪᠴᠢᠶ᠎ᠠ ᠶᠢᠨ ᠲᠠᠷᠤᠭ᠎ᠠ ᠯᠢᠩ ᠴᠧᠩ ᠰᠢᠩ ᠨᠠᠷ ᠲᠠᠢ ᠠᠭᠤᠯᠵᠠᠪᠠ᠃        

    ᠯᠢ ᠵᠢᠢ ᠾᠧᠩ ᠤᠯᠤᠰ ᠤᠨ ᠨᠠᠪᠴᠢᠨ ᠲᠠᠮᠠᠬᠢ ᠶᠢ ᠲᠤᠰᠬᠠᠢ ᠬᠤᠳᠠᠯᠳᠤᠬᠤ ᠲᠤᠪᠴᠢᠶ᠎ᠠ ᠶᠢᠨ ᠤᠷᠳᠤ ᠬᠤᠭᠤᠴᠠᠭᠠᠨ ᠤ ᠲᠤᠷᠰᠢ ᠦᠪᠦᠷ ᠮᠤᠩᠭᠤᠯ ᠤᠨ ᠨᠠᠪᠴᠢᠨ ᠲᠠᠮᠠᠬᠢᠨ ᠤ ᠦᠢᠯᠡᠰ ᠤᠨ ᠬᠦᠭ᠍ᠵᠢᠯᠳᠡ ᠳᠤ ᠦᠵᠡᠭᠦᠯᠦᠭᠰᠡᠨ ᠬᠠᠯᠠᠮᠵᠢᠯᠠᠯ ᠲᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠵᠤ᠂ ᠤᠯᠤᠰ ᠤᠨ ᠨᠠᠪᠴᠢᠨ ᠲᠠᠮᠠᠬᠢ ᠶᠢ ᠲᠤᠰᠬᠠᠢ ᠬᠤᠳᠠᠯᠳᠤᠬᠤ ᠲᠤᠪᠴᠢᠶ᠎ᠠ ᠶᠢᠨ ᠬᠢᠨ ᠠᠵᠢᠯ ᠤᠨ ᠵᠢᠯᠤᠭᠤᠳᠤᠯᠭ᠎ᠠ ᠪᠠᠨ ᠴᠢᠩᠭ᠋ᠠᠳᠬᠠᠵᠤ᠂ ᠦᠢᠯᠡᠳᠭᠦᠨ ᠢ ᠨᠡᠭᠡᠭᠡᠨ ᠬᠦᠭ᠍ᠵᠢᠭᠦᠯᠭᠦ᠂ ᠲᠦᠷᠦᠯ ᠲᠡᠮᠳᠡᠭ ᠢ ᠡᠭᠦᠳᠬᠦ᠂ ᠠᠵᠢᠯ ᠲᠦᠷᠦᠯ ᠤᠨ ᠬᠢᠨᠠᠯᠳᠠ ᠵᠡᠷᠭᠡ ᠲᠠᠯ᠎ᠠ ᠪᠠᠷ ᠮᠠᠨ ᠤ ᠤᠷᠤᠨ ᠳᠤ ᠨᠡᠩ ᠢᠯᠡᠭᠦᠦ ᠲᠡᠮᠵᠢᠯᠭᠡ ᠪᠠ ᠬᠠᠪᠰᠤᠷᠤᠯᠭ᠎ᠠ ᠦᠵᠡᠭᠦᠯᠭᠦ ᠶᠢ ᠬᠦᠰᠡᠪᠡ᠃ ᠯᠢᠩ ᠴᠧᠩ ᠰᠢᠩ᠂ ᠤᠯᠤᠰ ᠤᠨ ᠨᠠᠪᠴᠢᠨ ᠲᠠᠮᠠᠬᠢ ᠶᠢ ᠲᠤᠰᠬᠠᠢ ᠬᠤᠳᠠᠯᠳᠤᠬᠤ ᠲᠤᠪᠴᠢᠶ᠎ᠠ ᠦᠪᠦᠷ ᠮᠤᠩᠭᠤᠯ ᠢ ᠲᠡᠮᠵᠢᠭᠦ ᠡᠷᠴᠢᠮ ᠢᠶᠠᠨ ᠴᠢᠨᠠᠬᠰᠢᠳᠠ ᠴᠢᠩᠭᠠᠷᠠᠭᠤᠯᠦᠨ᠂ ᠦᠪᠦᠷ ᠮᠤᠩᠭᠤᠯ ᠤᠨ ᠨᠠᠪᠴᠢᠨ ᠲᠠᠮᠠᠬᠢ ᠦᠢᠯᠡᠳᠪᠦᠷᠢᠯᠡᠭᠦ ᠲᠦᠪᠰᠢᠨ ᠢ ᠠᠬᠢᠭᠤᠯᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭ᠍ᠵᠢᠯᠳᠡ ᠶᠢ ᠠᠬᠢᠭᠤᠯᠬᠤ ᠳᠤ ᠬᠦᠴᠦ ᠨᠡᠮᠡᠷᠢᠯᠡᠨ᠎ᠠ ᠬᠡᠵᠤ ᠢᠯᠡᠷᠬᠡᠶᠢᠯᠡᠪᠡ᠃       

    ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠦᠸᠧ ᠶᠦᠩ ᠭᠠᠩ᠂ ᠸᠠᠩ ᠪᠦᠸᠧ ᠠᠭᠤᠯᠵᠠᠯᠳᠠ ᠳᠤ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121216875