蒙古文网站Logo
ᠰᠢᠨᠬᠤᠸᠠ ᠮᠤᠩᠭ᠋ᠤᠯ ᠨᠧᠲ

ᠳᠠᠭᠠᠭᠤᠯᠤᠬᠴᠢ ᠠᠵᠤ ᠠᠬᠤᠢᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠯᠪᠤᠭᠠᠨ ᠤ ᠲᠤᠬᠳᠠᠴᠠ ᠶᠢ ᠲᠡᠭᠦᠯᠳᠡᠷᠵᠢᠭᠦᠯᠭᠦ ᠬᠡᠷᠡᠭᠳᠡᠢ

2017-06-29 16:57

    6 ᠰᠠᠷ᠎ᠠ ᠶᠢᠨ 26  ᠤ᠋ ᠦᠳᠡ ᠶᠢᠨ ᠬᠤᠶᠢᠨ᠎ᠠ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠦᠬᠡᠬᠤᠳᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭ᠍ᠳᠡᠭᠦᠨ ᠢ ᠡᠳ᠋ᠰᠢᠭᠦᠯᠦᠨ ᠪᠤᠯᠪᠠᠰᠤᠷᠠᠭᠤᠯᠬᠤ ᠳᠠᠭᠠᠭᠤᠯᠤᠬᠴᠢ ᠠᠵᠤ ᠠᠬᠤᠢᠢᠯᠠᠯ ᠳᠤ ᠬᠦᠷᠴᠦ ᠪᠠᠶᠢᠴᠠᠭᠠᠨ ᠰᠤᠳᠤᠯᠤᠯᠳᠠ ᠬᠢᠭᠦ ᠳᠡᠭᠡᠨ᠂ ᠳᠠᠭᠠᠭᠤᠯᠤᠬᠴᠢ ᠠᠵᠤ ᠠᠬᠤᠢᠢᠯᠠᠯ ᠢ ᠶᠡᠭᠡᠪᠡᠷ ᠪᠤᠶᠢᠵᠢᠭᠤᠯᠵᠤ᠂ ᠳᠠᠭᠠᠭᠤᠯᠤᠬᠴᠢ ᠠᠵᠤ ᠠᠬᠤᠢᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠯᠪᠤᠭᠠᠨ ᠤ ᠲᠤᠬᠳᠠᠴᠠ ᠶᠢ ᠲᠡᠭᠦᠯᠳᠡᠷᠵᠢᠭᠦᠯᠵᠤ᠂ ᠮᠠᠯᠴᠢᠨ ᠲᠡᠷᠢᠶᠠᠴᠢᠨ ᠳᠤ ᠠᠵᠤ ᠦᠢᠯᠡᠰ ᠤᠨ ᠬᠦᠭ᠍ᠵᠢᠯᠳᠡ ᠶᠢᠨ ᠠᠪᠴᠢᠷᠠᠬᠤ ᠦᠷ᠎ᠡ ᠠᠰᠢᠭ ᠢ ᠨᠡᠩ ᠢᠯᠡᠭᠦᠦ ᠡᠳ᠋ᠯᠡᠭᠦᠯᠭᠦ ᠬᠡᠷᠡᠭᠳᠡᠢ ᠬᠡᠵᠤ ᠴᠢᠬᠤᠯᠠᠴᠢᠯᠠᠪᠠ᠃

    

    ᠮᠧᠩ ᠶᠠᠩ ᠮᠠᠯ ᠠᠵᠤ ᠠᠬᠤᠢ ᠶᠢᠨ ᠬᠤᠪᠢ ᠤᠷᠤᠭᠤᠯᠤᠬᠰᠠᠨ ᠬᠢᠵᠠᠭᠠᠷᠳᠤ ᠺᠤᠮᠫᠠᠨᠢ ᠪᠤᠯ ᠤᠯᠤᠰ ᠤᠨ ᠲᠡᠰ ᠤᠨ ᠮᠠᠯ ᠠᠵᠤ ᠠᠬᠤᠢ ᠲᠠᠷᠢᠶᠠᠯᠠᠩ ᠢ ᠠᠵᠤ ᠦᠢᠯᠡᠰᠵᠢᠭᠦᠯᠬᠦ ᠭᠤᠤᠯᠳᠠᠯᠭ᠎ᠠ ᠲᠠᠢ ᠳᠠᠭᠠᠭᠤᠯᠤᠬᠴᠢ ᠠᠵᠤ ᠠᠬᠤᠢᠢᠯᠠᠯ ᠪᠣᠯᠬᠤ ᠪᠦᠭᠡᠳ ᠦᠪᠡᠷᠳᠡᠭᠡᠨ ᠵᠠᠰᠬᠠᠤ ᠤᠷᠤᠨ ᠤ ᠲᠡᠰ ᠤᠨ ᠶᠠᠳᠠᠭᠤ ᠶᠢ ᠲᠡᠳᠭᠦᠭᠦ ᠳᠠᠭᠠᠭᠤᠯᠤᠬᠴᠢ ᠠᠵᠤ ᠠᠬᠤᠢᠢᠯᠠᠯ ᠪᠤᠯᠤᠨ᠎ᠠ᠃ ᠮᠧᠩ ᠶᠠᠩ ᠮᠠᠯ ᠠᠵᠤ ᠠᠬᠤᠢ ᠶᠢᠨ ᠺᠤᠮᠫᠠᠨᠢ ᠳᠤ᠂ ᠪᠦ᠋ ᠰᠢᠶᠤᠤ ᠯᠢᠨ ᠠᠵᠤ ᠠᠬᠤᠢᠢᠯᠠᠯ ᠤᠨ ᠮᠢᠬᠠᠨ ᠤ ᠬᠤᠨᠢ ᠶᠢᠨ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠬᠡᠪᠴᠢᠶᠡᠵᠢᠭᠦᠯᠦᠨ ᠲᠡᠵᠢᠭᠡᠭᠦ᠂ ᠪᠠᠷᠢᠮᠵᠢᠶᠠᠵᠢᠭᠤᠯᠤᠨ ᠦᠢᠯᠡᠳᠪᠦᠷᠢᠯᠡᠵᠤ ᠬᠦᠨᠵᠡᠭᠡᠢ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠪᠦᠬᠦ᠋ᠢᠯᠡ ᠠᠵᠤ ᠦᠢᠯᠡᠰ ᠤᠨ ᠬᠡᠯᠬᠢᠶᠡᠵᠢᠯ ᠤᠨ ᠡᠵᠡᠩᠨᠡᠯᠳᠡ ᠶᠢᠨ ᠪᠠᠶᠢᠳᠠᠯ ᠢ ᠨᠠᠷᠢᠨ ᠤᠢᠢᠯᠠᠭᠠᠵᠤ᠂ ᠠᠵᠤ ᠠᠬᠤᠢᠢᠯᠠᠯ ᠤᠨ 《ᠮᠠᠯᠴᠢᠨ ᠲᠠᠷᠢᠶᠠᠴᠢᠨ + ᠬᠤᠷᠰᠢᠶ᠎ᠠ +ᠠᠵᠤ ᠠᠬᠤᠢᠢᠯᠠᠯ + ᠪᠠᠲᠤᠯᠠᠨ ᠳᠠᠭᠠᠭᠠᠬᠤ ᠺᠤᠮᠫᠠᠨᠢ + ᠲᠠᠭᠠᠳᠬᠠᠯ ᠤᠨ ᠺᠤᠮᠫᠠᠨᠢ + ᠪᠠᠩᠬᠢ》ᠵᠢᠷᠭᠤᠭ᠎ᠠ ᠶᠢ ᠨᠢᠭᠡ ᠴᠤᠬᠴᠠᠵᠢᠭᠤᠯᠤᠬᠰᠠᠨ 《ᠬᠤᠨᠢᠨ ᠤ ᠬᠤᠯᠪᠤᠯᠳᠤᠬᠰᠠᠨ ᠴᠤᠬᠴᠠ》ᠶ᠋ᠢᠨ ᠬᠦᠭ᠍ᠵᠢᠯᠳᠡ ᠶᠢᠨ ᠵᠠᠬᠪᠤᠷ ᠢ ᠪᠠᠶᠢᠭᠤᠯᠬᠤ ᠪᠠᠷ ᠲᠠᠮᠵᠢᠭᠤᠯᠤᠨ ᠦᠷᠭᠡᠨ ᠤᠯᠠᠨ ᠲᠡᠵᠢᠭᠡᠪᠦᠷᠢ ᠶᠢᠨ ᠡᠷᠦᠭᠡ ᠶᠢᠨ ᠤᠷᠤᠯᠭ᠎ᠠ ᠶᠢᠨ ᠨᠡᠮᠡᠭᠳᠡᠯ ᠢ ᠲᠠᠶᠢᠴᠢᠯᠠᠵᠤ ᠪᠠᠶᠢᠭ᠎ᠠ ᠠᠷᠭ᠎ᠠ ᠬᠢᠳᠠᠯ ᠢ ᠭᠦᠢᠴᠡᠳ ᠨᠤᠳᠠᠯᠠᠪᠡ᠃ ᠲᠡᠷᠡ᠂ ᠠᠵᠤ ᠦᠢᠯᠡᠰ ᠢ ᠬᠦᠭ᠍ᠵᠢᠭᠦᠯᠬᠦ ᠪᠤᠯ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢᠨ ᠴᠢᠬᠤᠯᠠ ᠪᠠᠷᠢᠴᠠ ᠪᠤᠯᠤᠨ᠎ᠠ᠂ ᠳᠠᠭᠠᠭᠤᠯᠤᠬᠴᠢ ᠠᠵᠤ ᠠᠬᠤᠢᠢᠯᠠᠯ ᠪᠤᠯ ᠠᠵᠤ ᠦᠢᠯᠡᠰ ᠤᠨ ᠬᠦᠭ᠍ᠵᠢᠯᠳᠡ ᠪᠠ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠳᠡᠯ ᠢ ᠲᠠᠶᠢᠴᠢᠯᠠᠬᠤ 《ᠭᠤᠤᠯ ᠬᠦᠴᠦᠨ ᠴᠡᠷᠢᠭ》ᠪᠣᠯᠣᠨ᠎ᠠ᠂ ᠳᠠᠭᠠᠭᠤᠯᠤᠬᠴᠢ ᠠᠵᠤ ᠠᠬᠤᠢᠢᠯᠠᠯ ᠬᠢᠭᠡᠳ ᠮᠠᠯᠴᠢᠨ ᠲᠠᠷᠢᠶᠠᠴᠢᠨ ᠢ ᠦᠨᠡᠨᠬᠦ ᠠᠰᠢᠭ ᠲᠤᠰᠠ ᠶᠢᠨ ᠬᠠᠮᠳᠤ ᠶᠢᠨ ᠴᠤᠬᠴᠠ ᠪᠣᠯᠭᠠᠵᠣ᠂ ᠤᠷᠤᠯᠭ᠎ᠠ ᠶᠢᠨ ᠳᠣᠭᠳᠠᠭᠤᠨ ᠨᠡᠮᠡᠭᠳᠡᠯ ᠢ ᠪᠡᠶᠡᠯᠡᠭᠦᠯᠭᠦ ᠬᠡᠷᠡᠭᠳᠡᠢ ᠬᠡᠵᠤ ᠵᠢᠭᠠᠵᠤ ᠭᠠᠷᠭᠠᠪᠠ᠃       

    ᠪᠦ᠋ ᠰᠢᠶᠤᠤ ᠯᠢᠨ᠂ ᠡᠯ᠎ᠠ ᠭᠠᠵᠠᠷ ᠤᠷᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠳᠠᠭᠠᠭᠤᠯᠤᠬᠴᠢ ᠠᠵᠤ ᠠᠬᠤᠢᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠯᠪᠤᠯᠳᠤᠬᠤ ᠲᠤᠬᠳᠠᠴᠠ ᠶᠢᠨ ᠪᠠᠶᠢᠭᠤᠯᠤᠯᠳᠠ ᠶᠢ ᠲᠦᠷᠭᠡᠳᠭᠡᠵᠤ᠂ ᠮᠠᠯ ᠠᠵᠤ ᠠᠬᠤᠢ ᠲᠠᠷᠢᠶᠠᠯᠠᠩ ᠤᠨ ᠬᠠᠩᠭ᠋ᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠠᠬᠢᠭᠤᠯᠵᠤ᠂ ᠨᠢᠭᠡ ᠪᠦᠯᠦᠭ ᠬᠠᠮᠤᠷᠬᠤ ᠬᠡᠪᠴᠢᠶ᠎ᠠ ᠦᠷᠭᠡᠨ᠂ ᠲᠠᠶᠢᠴᠢᠯᠠᠬᠤ ᠬᠦᠴᠦᠨ ᠴᠢᠩᠭ᠋᠎ᠠ᠂ ᠪᠤᠶᠢᠵᠢᠯᠳᠠ ᠰᠠᠶᠢᠨ ᠳᠠᠭᠠᠭᠤᠯᠤᠬᠴᠢ ᠠᠵᠤ ᠠᠬᠤᠢᠢᠯᠠᠯ ᠢ ᠬᠦᠴᠦᠯᠡᠨ ᠳᠡᠳᠭᠦᠨ ᠲᠡᠮᠵᠢᠵᠤ ᠪᠤᠶᠢᠵᠢᠭᠤᠯᠤᠨ᠂ ᠤᠷᠤᠯᠭ᠎ᠠ ᠶᠢ ᠨᠡᠮᠡᠭᠳᠡᠭᠦᠯᠦᠨ ᠠᠷᠠᠳ ᠢ ᠪᠠᠶᠠᠵᠢᠭᠤᠯᠬᠤ ᠠᠵᠤ ᠦᠢᠯᠡᠰ ᠢ ᠶᠡᠭᠡᠪᠡᠷ ᠬᠦᠭ᠍ᠵᠢᠭᠦᠯᠵᠤ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠶᠠᠳᠠᠭᠤ ᠠᠴᠠ ᠠᠩᠬᠢᠵᠢᠷᠠᠨ ᠪᠠᠶᠠᠵᠢᠨ ᠴᠢᠨᠡᠭᠡᠯᠢᠭᠵᠢᠭᠦ ᠶᠢ ᠳᠠᠶᠢᠴᠢᠯᠠᠬᠤ ᠬᠡᠷᠡᠭᠳᠡᠢ ᠬᠡᠵᠤ ᠵᠢᠭᠠᠵᠤ ᠭᠠᠷᠭᠠᠵᠠᠢ᠃     

    ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ ᠬᠦᠬᠡᠬᠤᠳᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠳ ᠪᠠᠷ᠎ᠠ ᠪᠤᠯᠵᠤ ᠪᠠᠶᠢᠴᠠᠭᠠᠨ ᠰᠤᠳᠤᠯᠪᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121235472