蒙古文网站Logo
ᠰᠢᠨᠬᠤᠸᠠ ᠮᠤᠩᠭ᠋ᠤᠯ ᠨᠧᠲ

ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠵᠦ ᠠᠰᠠᠭᠤᠳᠠᠯ ᠢ ᠬᠦᠨᠵᠡᠭᠡᠢ ᠪᠠᠶᠢᠴᠠᠭᠠᠨ ᠳᠡᠯᠭᠡᠵᠦ ᠦᠨᠳᠦᠰᠦ ᠰᠢᠯᠳᠠᠭᠠᠨ ᠢ ᠨᠢ ᠬᠦᠨᠵᠡᠭᠡᠢ ᠵᠠᠳᠠᠯᠵᠤ ᠲᠤᠭᠤᠷᠢᠨ ᠪᠠᠶᠢᠴᠠᠭᠠᠵᠤ ᠬᠠᠷᠢᠭᠤ ᠲᠤᠰᠠᠬᠠᠠᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠶᠢ ᠡᠷᠡᠰ ᠰᠠᠶᠢᠳᠤᠷ ᠠᠳᠬᠤᠬᠤ ᠬᠡᠷᠡᠭᠳᠡᠢ

2017-06-30 11:24

    6 ᠰᠠᠷ᠎ᠠ ᠶᠢᠨ 28 ᠤ᠋ ᠡᠳᠦᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠤᠷᠢᠶ᠎ᠠ ᠨᠢᠭᠡ ᠡᠳᠦᠷ ᠤᠨ ᠴᠠᠭ ᠢ ᠠᠰᠢᠬᠯᠠᠨ᠂ ᠲᠤᠭᠤᠷᠢᠨ ᠪᠠᠶᠢᠴᠠᠭᠠᠵᠤ 《ᠡᠷᠬᠢᠨ ᠬᠠᠷᠠᠬᠤ》ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠤᠯᠤᠰ ᠢ ᠵᠠᠰᠠᠵᠤ ᠲᠦᠷᠦ ᠪᠠᠷᠢᠬᠤ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠲᠦᠪ ᠤᠨ ᠲᠤᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠲᠠᠢ ᠬᠠᠷᠢᠴᠠᠭᠤᠯᠵᠤ᠂ ᠯᠢᠶᠤᠤ ᠵᠢᠶᠦ᠋ᠨ ᠪᠦᠸᠧ ᠨᠦᠬᠦᠷ ᠤᠨ ᠰᠢᠯᠢᠳᠡᠭ ᠰᠤᠷᠳᠠᠯ ᠪᠠ ᠡᠷᠬᠢᠮ ᠲᠡᠭᠡᠳᠦ ᠵᠤᠷᠢᠭ ᠰᠠᠨᠠᠭ᠎ᠠ ᠯᠤᠭ᠎ᠠ ᠬᠠᠷᠢᠴᠠᠭᠤᠯᠵᠤ᠂ ᠦᠵᠡᠯ ᠰᠠᠨᠠᠭ᠎ᠠ ᠪᠠ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ᠂ ᠠᠰᠠᠭᠤᠳᠠᠯ ᠢ ᠬᠦᠨᠵᠡᠭᠡᠢ ᠪᠠᠶᠢᠴᠠᠭᠠᠨ ᠳᠡᠯᠭᠡᠵᠦ᠂ ᠦᠨᠳᠦᠰᠦ ᠰᠢᠯᠳᠠᠭᠠᠨ ᠢ ᠨᠢ ᠬᠦᠨᠵᠡᠭᠡᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠴᠢᠭᠯᠡᠯ ᠪᠠ ᠠᠷᠭ᠎ᠠ ᠬᠡᠮᠵᠢᠶ᠎ᠠ ᠪᠠᠨ ᠴᠢᠨᠠᠬᠰᠢᠳᠠ ᠲᠤᠳᠤᠷᠬᠠᠢᠢᠯᠠᠵᠤ᠂ ᠮᠠᠨ ᠤ ᠤᠷᠤᠨ ᠤ ᠪᠦᠬᠦ ᠲᠠᠯ᠎ᠠ ᠪᠠᠷ ᠨᠠᠮ ᠢ ᠴᠢᠩᠭ᠋᠎ᠠ ᠵᠠᠰᠠᠬᠤ ᠶᠢᠨ ᠲᠠᠰᠤᠷᠠᠯᠳᠠ ᠦᠭᠡᠢ ᠬᠦᠨᠵᠡᠬᠡᠶᠢᠷᠡᠨ ᠬᠦᠭ᠍ᠵᠢᠭᠦ ᠶᠢ ᠠᠬᠢᠭᠤᠯᠵᠠᠢ᠃         

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠡᠷᠬᠢᠯᠡᠭᠦ ᠶᠢᠨ ᠬᠠᠮᠳᠤ ᠪᠠᠶᠢᠩᠭ᠋ᠤ ᠶᠢᠨ ᠬᠤᠷᠢᠶ᠎ᠠ ᠶᠢᠨ ᠪᠠᠭ ᠢ ᠲᠦᠯᠦᠭᠡᠯᠡᠵᠤ ᠬᠠᠷᠢᠴᠠᠭᠤᠯᠤᠨ ᠪᠠᠶᠢᠴᠠᠭᠠᠵᠤ᠂ ᠲᠦᠷᠦᠭᠦᠯᠡᠨ ᠬᠤᠪᠢ ᠬᠦᠮᠦᠨ ᠤ ᠬᠠᠷᠢᠴᠠᠭᠤᠯᠤᠨ ᠪᠠᠶᠢᠴᠠᠭᠠᠯᠲᠠ ᠬᠢᠵᠦ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠦᠷᠨᠢᠬᠦᠯᠵᠠᠢ᠃ ᠪᠤᠰᠤᠳ ᠪᠠᠶᠢᠩᠭ᠋ᠤ ᠶᠢᠨ ᠬᠡᠰᠢᠭᠦᠳ ᠲᠤᠰ ᠲᠤᠰ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠬᠢᠵᠠᠢ᠃ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠭᠤᠯᠤᠯᠭ᠎ᠠ᠂ ᠲᠦᠪ ᠤᠨ ᠲᠤᠭᠤᠷᠢᠨ ᠪᠠᠶᠢᠴᠠᠭᠠᠬᠤ ᠠᠯᠪᠠᠨ ᠬᠡᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠨ ᠵᠢᠭᠠᠨ ᠵᠢᠯᠤᠭᠤᠳᠪᠠ᠃        

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠡᠨᠡ ᠤᠳᠠᠭ᠎ᠠ ᠶᠢᠨ ᠠᠷᠠᠳᠴᠢᠯᠡᠯ ᠤᠨ ᠠᠮᠢᠳᠤᠷᠠᠯ ᠤᠨ ᠬᠤᠷᠠᠯ ᠢ ᠲᠡᠭᠡᠳᠦ ᠬᠡᠮᠵᠢᠶ᠎ᠠ ᠪᠠᠷ ᠬᠦᠨᠳᠦᠳᠭᠡᠵᠤ᠂ ᠲᠤᠰᠬᠠᠢᠢᠯᠠᠨ ᠬᠤᠷᠠᠯ ᠤᠨ ᠲᠦᠰᠦᠯ ᠲᠤᠬᠳᠠᠭᠠᠵᠤ᠂ ᠪᠠᠶᠢᠩᠭ᠋ᠤ ᠶᠢᠨ ᠬᠡᠰᠢᠭᠦᠨ ᠨᠦᠭᠦᠳ ᠢ ᠵᠤᠬᠢᠶᠠᠨ ᠪᠠᠶᠢᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠵᠤ᠂ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠢ ᠰᠢᠰᠲ᠋ᠧᠮ ᠲᠠᠢ ᠡᠮᠬᠢᠯᠡᠵᠤ᠂ ᠰᠠᠨᠠᠯ ᠰᠠᠨᠠᠭᠤᠯᠭ᠎ᠠ ᠶᠢ ᠦᠷᠭᠡᠨ ᠢᠶᠠᠷ ᠰᠤᠨᠤᠰᠴᠤ᠂ ᠰᠡᠳᠬᠢᠯ ᠢᠶᠠᠨ ᠣᠢᠢᠯᠠᠭᠠᠯᠴᠠᠨ ᠰᠠᠨᠠᠭ᠎ᠠ ᠪᠠᠨ ᠤᠯᠤᠯᠴᠠᠬᠤ ᠠᠵᠢᠯ ᠢ ᠭᠦᠨᠵᠡᠭᠡᠢ ᠬᠢᠵᠦ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠬᠢᠨᠠᠮᠠᠭᠠᠢ ᠪᠢᠴᠢᠵᠤ᠂ ᠲᠤᠰᠬᠠᠢ ᠰᠡᠳᠦᠪᠳᠦ ᠠᠷᠠᠳᠴᠢᠯᠡᠯ ᠤᠨ ᠠᠮᠢᠳᠤᠷᠠᠯ ᠤᠨ ᠬᠤᠷᠠᠯ ᠢ ᠰᠠᠶᠢᠳᠤᠷ ᠬᠢᠬᠦ ᠳᠤ ᠪᠠᠳᠤ ᠰᠠᠭᠤᠷᠢ ᠲᠠᠯᠪᠢᠵᠠᠢ᠃          

    ᠬᠤᠷᠠᠯ ᠲᠡᠭᠡᠷ᠎ᠡ᠂ ᠪᠠᠶᠢᠩᠭ᠋ᠤ ᠶᠢᠨ ᠬᠤᠷᠢᠶ᠎ᠠ ᠶᠢᠨ ᠪᠠᠭ ᠤᠨ ᠪᠦᠷᠢᠯᠳᠦᠭᠦᠨ ᠨᠠᠷ ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠱᠠᠭᠠᠷᠳᠠᠯᠭ᠎ᠠ ᠶᠢ ᠣᠨᠣᠪᠴᠢᠳᠠᠢ ᠡᠵᠡᠮᠰᠢᠵᠤ᠂ ᠤᠬᠠᠮᠰᠠᠷ ᠠᠴᠠ ᠪᠠᠨ ᠦᠪᠡᠷ ᠢ ᠪᠠᠨ ᠢᠯᠡ ᠳᠡᠯᠭᠡᠵᠦ᠂ ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠭᠦ ᠶᠢ ᠬᠤᠷᠠᠯ ᠤᠨ ᠪᠦᠬᠦ ᠶᠠᠪᠤᠴᠠ ᠳᠤ ᠲᠤᠤᠱᠯᠠᠭᠤᠯᠵᠣ᠂ ᠤᠯᠤᠰ ᠲᠦᠷᠦ ᠪᠤᠯᠤᠨ ᠶᠡᠭᠡ ᠲᠠᠯ᠎ᠠ ᠠᠴᠠ ᠵᠦᠷᠢᠶ᠎ᠠ ᠪᠠᠨ ᠡᠷᠢᠵᠤ᠂ ᠰᠢᠯᠳᠠᠭᠠᠨ ᠢ ᠡᠷᠢᠵᠤ᠂ ᠠᠷᠭᠠᠴᠠᠬᠤ ᠪᠤᠳᠤᠯᠭ᠎ᠠ ᠡᠷᠢᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠳᠣᠷ ᠠᠳᠬᠤᠬᠤ ᠤᠯᠤᠰ ᠲᠦᠷᠦ ᠶᠢᠨ ᠵᠤᠬᠰᠤᠴᠠ ᠪᠠ ᠤᠯᠤᠰ ᠲᠦᠷᠦ ᠶᠢᠨ ᠤᠬᠠᠮᠰᠠᠷ ᠢᠶᠠᠨ ᠴᠢᠨᠠᠬᠰᠢᠳᠠ ᠲᠡᠭᠡᠭᠰᠢᠯᠡᠭᠦᠯᠪᠡ᠃ ᠤᠯᠠᠨ ᠢᠶᠠᠷ ᠢᠶᠠᠨ ᠠᠰᠠᠭᠤᠳᠠᠯ ᠤᠨ ᠤᠳᠤᠷᠢᠳᠤᠮᠵᠢ ᠪᠤᠯᠤᠨ ᠦᠷ᠎ᠠ ᠪᠦᠳᠦᠮᠵᠢ ᠶᠢᠨ ᠤᠳᠤᠷᠢᠳᠤᠮᠵᠢ ᠶᠢ ᠪᠠᠷᠢᠮᠳᠠᠯᠠᠵᠤ᠂ ᠲᠤᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠪᠠ ᠰᠠᠨᠠᠯ ᠢ ᠬᠦᠨᠵᠡᠭᠡᠢ ᠪᠠᠶᠢᠴᠠᠭᠠᠨ ᠨᠠᠷᠢᠯᠢᠬ ᠬᠠᠷᠢᠴᠠᠭᠤᠯᠵᠤ᠂ ᠬᠦᠨᠵᠡᠭᠡᠢ ᠠᠭᠤᠳᠠᠯᠤᠨ ᠨᠠᠷᠢᠨ ᠵᠠᠳᠠᠯᠵᠤ᠂ ᠡᠭᠦᠷᠭᠡ ᠶᠢ ᠨᠠᠷᠢᠯᠢᠬᠵᠢᠭᠤᠯᠤᠨ᠂ ᠠᠷᠭ᠎ᠠ ᠬᠡᠮᠵᠢᠶ᠎ᠠ ᠶᠢ ᠪᠤᠳᠠᠳᠠᠶᠢᠵᠢᠭᠤᠯᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠳᠤᠷ ᠠᠳᠬᠤᠬᠤ ᠭᠤᠤᠯᠳᠠᠯᠭ᠎ᠠ ᠲᠠᠢ ᠡᠭᠦᠷᠭᠡ ᠪᠠ ᠭᠤᠤᠯᠳᠠᠯᠭ᠎ᠠ ᠲᠠᠢ ᠠᠷᠭ᠎ᠠ ᠬᠡᠮᠵᠢᠶ᠎ᠠ ᠶᠢ ᠴᠢᠨᠠᠬᠰᠢᠳᠠ ᠲᠤᠳᠤᠷᠬᠠᠢᠢᠯᠠᠪᠠ᠃ ᠤᠯᠠᠨ ᠢᠶᠠᠷ ᠢᠶᠠᠨ ᠰᠤᠷᠳᠠᠯ ᠴᠡᠭᠴᠡᠯᠡᠭᠦ ᠵᠤᠷᠢᠭ ᠰᠠᠨᠠᠭ᠎ᠠ ᠶᠢ ᠪᠠᠳᠠᠷᠠᠭᠤᠯᠤᠨ᠂ ᠰᠢᠭᠦᠮᠵᠢᠯᠡᠯ ᠬᠢᠬᠦ ᠵᠡᠪᠰᠡᠭ ᠢ ᠬᠡᠷᠡᠭᠯᠡᠵᠦ᠂ ᠦᠪᠡᠷ ᠤᠨ ᠰᠢᠭᠦᠮᠵᠢᠯᠡᠯ ᠬᠢᠬᠦ ᠳᠡᠭᠡᠨ ᠰᠢᠭᠤᠳ ᠠᠰᠠᠭᠤᠳᠠᠯ ᠢᠶᠠᠨ ᠶᠠᠷᠢᠵᠣ᠂ ᠬᠦᠮᠦᠨ ᠤᠴᠢᠷ ᠶᠠᠪᠤᠳᠠᠯ ᠠᠴᠠ ᠦᠵᠡᠯ ᠰᠠᠨᠠᠭ᠎ᠠ ᠶᠢ ᠨᠢ ᠤᠯᠵᠤ ᠬᠠᠷᠠᠵᠤ᠂ ᠬᠠᠷᠢᠯᠴᠠᠨ ᠰᠢᠭᠦᠮᠵᠢᠯᠡᠭᠦ ᠳᠡᠭᠡᠨ ᠨᠢᠭᠤᠷ ᠲᠠᠯ᠎ᠠ ᠬᠠᠷᠠᠭᠰᠠᠨ ᠦᠭᠡᠢ᠂ ᠴᠢᠷᠠᠢ ᠶᠢ ᠨᠢ ᠤᠯᠠᠶᠢᠯᠭᠠᠨ ᠬᠦᠯᠦᠰᠦ ᠭᠠᠷᠭᠠᠵᠣ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠳᠤᠷ ᠠᠳᠬᠤᠬᠤ ᠦᠵᠡᠯ ᠰᠠᠨᠠᠭᠠᠨ ᠤ ᠬᠠᠮᠳᠤ ᠶᠢᠨ ᠲᠨᠨᠢᠯᠳᠠ ᠪᠤᠯᠤᠨ ᠠᠵᠢᠯ ᠤᠨ ᠬᠠᠮᠳᠤᠷᠠᠯ ᠬᠦᠴᠦᠨ ᠢ ᠴᠢᠨᠠᠬᠰᠢᠳᠠ ᠴᠢᠩᠭ᠋ᠠᠷᠠᠭᠤᠯᠪᠠ᠃ ᠬᠤᠷᠠᠯ ᠨᠢ ᠡᠬᠢᠯᠡᠬᠦ ᠠᠴᠠ ᠪᠠᠨ ᠳᠠᠭᠤᠰᠳᠠᠯ᠎ᠠ ᠠᠷᠠᠳᠴᠢᠯᠡᠯ ᠤᠨ ᠠᠭᠤᠷ ᠠᠮᠢᠰᠬᠤᠯ ᠢᠶᠠᠷ ᠪᠢᠯᠬᠠᠵᠤ᠂ ᠪᠦᠯᠬᠦᠮᠳᠡᠬᠦ ᠰᠢᠭᠦᠮᠵᠢᠯᠡᠬᠦ ᠪᠦᠯᠬᠦᠮᠳᠡᠬᠦ ᠬᠠᠷᠠᠯᠳᠠ ᠳᠠᠭᠠᠨ ᠬᠦᠷᠴᠠᠢ᠃       

    ᠯᠢ ᠵᠢᠢ ᠾᠧᠩ ᠳ᠋ᠦᠩᠨᠡᠯᠳᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠲᠤᠰᠬᠠᠢ ᠰᠡᠳᠦᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠲᠦᠪ ᠤᠨ ᠲᠤᠭᠤᠷᠢᠨ ᠪᠠᠶᠢᠴᠠᠭᠠᠵᠤ 《ᠡᠷᠬᠢᠨ ᠬᠠᠷᠠᠵᠤ》ᠬᠠᠷᠢᠭᠤ ᠲᠤᠰᠬᠠᠬᠰᠠᠨ ᠰᠠᠨᠠᠯ ᠳᠡᠭᠡᠷ᠎ᠡ ᠠᠩᠬᠠᠷᠤᠯ ᠢᠶᠠᠨ ᠲᠦᠪᠯᠡᠷᠡᠭᠦᠯᠵᠤ᠂ ᠲᠠᠬᠢᠨ ᠰᠤᠷᠤᠯᠴᠠᠨ᠂ ᠲᠠᠬᠢᠨ ᠲᠡᠭᠡᠭ᠍ᠰᠢᠯᠡᠭᠦᠯᠵᠤ᠂ ᠲᠠᠬᠢᠨ ᠪᠠᠶᠢᠴᠠᠭᠠᠨ᠂ ᠲᠠᠬᠢᠨ ᠵᠠᠳᠠᠯᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠷᠭᠡᠭ ᠶᠡᠭᠡ ᠬᠦᠳᠡᠯᠭᠡᠭ᠍ᠴᠢ ᠬᠦᠴᠦᠨ ᠨᠡᠮᠡᠷᠢᠯᠡᠪᠡ᠃ ᠲᠤᠰᠬᠠᠢ ᠰᠡᠳᠦᠪᠳᠤ ᠠᠷᠠᠳᠴᠢᠯᠡᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠳᠦᠭᠡᠯ ᠢ ᠬᠦᠢᠴᠡᠳ ᠠᠰᠢᠬᠯᠠᠵᠤ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠳᠤ ᠵᠤᠬᠰᠤᠨ᠂ 《ᠲᠠᠬᠢᠨ ᠪᠤᠷᠤᠭᠤ ᠭᠠᠷᠭᠠᠬᠤ ᠦᠭᠡᠢ》ᠤᠪᠤᠷ ᠪᠠ ᠬᠡᠪ ᠠᠴᠠ ᠬᠡᠳᠦ᠋ᠢᠳᠦᠭᠰᠡᠨ ᠡᠷᠴᠢᠮ ᠢᠶᠠᠷ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠯ᠎ᠠ ᠵᠦᠢᠯ ᠤᠨ ᠡᠭᠦᠷᠭᠡ ᠶᠢ ᠨᠡᠶᠢᠳᠡᠪᠦᠷᠢᠵᠢᠭᠤᠯᠬᠤ ᠶᠢ ᠡᠷᠡᠰ ᠰᠠᠶᠢᠳᠤᠷ ᠠᠳᠬᠤᠬᠤ ᠬᠡᠷᠡᠭᠳᠡᠢ᠃ ᠤᠨᠴᠠᠭᠠᠢᠢᠯᠠᠨ ᠤᠯᠤᠰ ᠲᠦᠷᠦ ᠶᠢᠨ ᠵᠤᠬᠰᠤᠴᠠ ᠪᠠᠨ ᠲᠡᠭᠡᠭ᠍ᠰᠢᠯᠡᠭᠦᠯᠬᠦ᠂ ᠨᠠᠮ ᠢ ᠴᠢᠩᠭ᠋᠎ᠠ ᠬᠠᠮᠢᠶᠠᠷᠴᠤ ᠴᠢᠩᠭ᠋᠎ᠠ ᠵᠠᠰᠠᠬᠤ᠂ ᠬᠦᠮᠦᠨ ᠢ ᠵᠦᠪ ᠰᠢᠯᠢᠨ ᠰᠠᠶᠢᠳᠣᠷ ᠬᠡᠷᠡᠭᠯᠡᠭᠦ᠂ ᠠᠵᠢᠯ ᠢ ᠨᠡᠶᠢᠳᠡᠪᠦᠷᠢᠵᠢᠭᠤᠯᠬᠤ ᠶᠢ ᠴᠢᠩᠭ᠋ᠠᠷᠠᠭᠤᠯᠬᠤ᠂ ᠲᠤᠰ ᠪᠡᠶ᠎ᠠ ᠶᠢᠨ ᠪᠠᠶᠢᠭᠤᠯᠤᠯᠳᠠ ᠪᠠᠨ ᠴᠢᠩᠭ᠋ᠠᠳᠬᠠᠬᠤ ᠲᠡᠭᠡᠷ᠎ᠡ ᠠᠩᠬᠠᠷᠣᠯ ᠪᠠ ᠬᠦᠴᠦᠨ ᠴᠢᠳᠠᠯ ᠢᠶᠠᠨ ᠲᠦᠪᠯᠡᠷᠡᠭᠦᠯᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠲᠡᠮᠵᠢᠭᠤᠯᠤᠨ᠂ 《ᠲᠦᠷᠪᠡᠨ ᠤᠬᠠᠮᠰᠠᠷ》  ᠶ᠋ᠢᠡᠨᠦᠨᠡᠨᠭᠦ ᠴᠢᠩᠭ᠋ᠠᠷᠠᠭᠤᠯᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠵᠤ᠂ ᠵᠦᠪ ᠤᠨᠤᠪᠴᠢᠳᠠᠢ ᠬᠦᠮᠦᠨ ᠬᠡᠷᠡᠭᠯᠡᠭᠦ ᠤᠳᠤᠷᠢᠳᠤᠮᠵᠢ ᠶᠢ ᠪᠤᠢ ᠪᠤᠯᠭᠠᠵᠣ᠂ ᠡᠯ᠎ᠠ ᠵᠦᠢᠯ ᠤᠨ ᠦᠢᠯᠡᠰ ᠤᠨ ᠬᠦᠭ᠍ᠵᠢᠯᠳᠡ ᠶᠢ ᠠᠬᠢᠭᠤᠯᠵᠤ᠂ ᠡᠷᠡᠰ ᠴᠢᠩᠭ᠋᠎ᠠ ᠤᠳᠤᠷᠢᠳᠬᠤ ᠬᠠᠮᠳᠣ ᠶᠢ ᠪᠠᠶᠢᠭᠤᠯᠵᠤ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠵᠤ ᠵᠢᠭᠠᠵᠤ ᠭᠠᠷᠭᠠᠪᠠ᠃        

    ᠦᠪᠡᠷᠳᠡᠭᠡᠨ ᠵᠠᠰᠬᠠᠤ ᠤᠷᠤᠨ ᠤ ᠤᠳᠤᠷᠢᠳᠤᠯᠭ᠎ᠠ ᠷᠧᠨ ᠶᠠ ᠫᠢᠩ᠂ ᠬᠤᠷᠴᠠ᠂ ᠸᠠᠩ ᠬᠤᠸᠠᠨ ᠴᠧᠩ ᠬᠤᠷᠠᠯ ᠳᠤ ᠰᠤᠯᠠ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121239826