蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠳᠡᠭᠡᠷ᠎ᠡ ᠣᠨᠴᠠ ᠶᠠᠳᠠᠭᠤ ᠬᠦᠴᠢᠷᠳᠡᠯ ᠲᠠᠢ ᠭᠠᠵᠠᠷ ᠣᠷᠣᠨ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠣ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠳᠠᠰᠣᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠳᠡᠢ ᠬᠡᠵᠦ ᠴᠢᠬᠤᠯᠠᠴᠢᠯᠠᠪᠠ

2017-06-30 12:05

    6 ᠰᠠᠷ᠎ᠠ ᠶᠢᠨ 29 ᠤ᠋ ᠡᠳᠦᠷ ᠤᠨ ᠦᠳᠡ ᠶᠢᠨ ᠡᠮᠦᠨ᠎ᠡ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠶᠢᠩᠭ᠋ᠤ ᠶᠢᠨ ᠬᠤᠷᠢᠶ᠎ᠠ ᠶᠢᠨ ᠬᠤᠷᠠᠯ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠣᠨᠴᠠ ᠶᠠᠳᠠᠭᠤ ᠬᠦᠴᠢᠷᠳᠡᠯ ᠲᠠᠢ ᠭᠠᠵᠠᠷ ᠣᠷᠣᠨ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠣᠯᠠᠮᠵᠢᠯᠠᠨ ᠰᠣᠷᠣᠯᠴᠠᠵᠣ᠂ ᠯᠢᠦ ᠶᠠᠨ ᠳ᠋ᠦᠩ ᠨᠦᠬᠦᠷ ᠤᠨ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨᠪᠠᠶᠢᠭᠤᠯᠬᠤ ᠳᠣᠷᠰᠢᠯᠭ᠎ᠠ ᠰᠣᠯᠢᠯᠴᠠᠬᠤ ᠳᠣᠬᠠᠢ ᠶᠢᠨ ᠭᠠᠵᠠᠷ ᠤᠨ ᠬᠤᠷᠠᠯ ᠳᠡᠭᠡᠷᠡᠬᠢ ᠶᠠᠷᠢᠶ᠎ᠠ ᠶᠢ ᠣᠯᠠᠮᠵᠢᠯᠠᠨ ᠰᠣᠷᠣᠯᠴᠠᠵᠣ᠂ ᠮᠠᠨ ᠤ ᠣᠷᠣᠨ ᠤ ᠳᠣᠣᠱᠯᠠᠭᠤᠯᠣᠨ ᠨᠠᠶᠢᠳᠠᠪᠣᠷᠢᠵᠢᠭᠤᠯᠬᠤ ᠰᠠᠨᠠᠯ ᠢ ᠰᠣᠳᠣᠯᠪᠠ᠃ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠬᠤᠷᠠᠯ ᠡᠷᠬᠢᠯᠡᠪᠡ᠃        

    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠣᠨᠴᠠ ᠶᠠᠳᠠᠭᠤ ᠬᠦᠴᠢᠷᠳᠡᠯ ᠲᠠᠢ ᠭᠠᠵᠠᠷ ᠣᠷᠣᠨ ᠢ ᠶᠠᠳᠠᠭᠤ ᠠᠴᠠᠠᠩᠭᠢᠵᠢᠷᠠᠭᠤᠯᠬᠤ ᠪᠣᠭᠤᠮᠳᠠ ᠰᠢᠪᠳᠣᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ᠂ ᠦᠵᠡᠯ ᠰᠠᠨᠠᠭ᠎ᠠ ᠭᠦᠨ ᠭᠦᠨᠵᠡᠭᠡᠢ᠂  ᠳᠣᠳᠣᠭᠠᠳᠣ ᠠᠭᠤᠯᠣᠭᠳᠠᠬᠤᠨ ᠪᠠᠶᠠᠯᠢᠭ ᠪᠣᠯᠵᠣ᠂ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ  ᠭᠦᠢᠴᠡᠳ ᠢᠯᠡᠷᠡᠭᠦᠯᠵᠦ᠂ ᠶᠠᠳᠠᠭᠤ ᠬᠦᠴᠢᠷᠳᠡᠯ ᠲᠠᠢ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ ᠠᠷᠠᠳ ᠢᠶᠠᠨ ᠬᠠᠶᠢᠷᠠᠯᠠᠬᠤ ᠰᠡᠳᠬᠢᠯᠭᠡ ᠶᠢ ᠭᠦᠢᠴᠡᠳ ᠢᠯᠡᠷᠡᠭᠦᠯᠵᠦ᠂ ᠪᠣᠰᠣᠳᠴᠢ ᠵᠢᠮ᠎ᠡ ᠶᠣᠰᠣ ᠶᠢ ᠬᠦᠨᠳᠦᠳᠭᠡᠬᠦ᠂ ᠦᠨᠡᠨ ᠠᠴᠠ ᠵᠦᠪ ᠢ ᠡᠷᠢᠬᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠪᠢᠳᠡᠡ ᠤ ᠣᠨᠴᠠ ᠶᠠᠳᠠᠭᠤ ᠬᠦᠴᠢᠷᠳᠡᠯ ᠲᠠᠢ ᠪᠠᠶᠢᠬᠤ ᠪᠠᠬᠢᠯᠡᠯᠳᠡ ᠶᠢ ᠡᠪᠳᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠳᠤ ᠢᠯᠠᠯᠳᠠ ᠣᠯᠬᠤ ᠳᠤ ᠦᠵᠡᠯ ᠰᠠᠨᠠᠭᠠᠨ ᠤ ᠵᠢᠯᠣᠭᠤᠳᠣᠯᠭ᠎ᠠ ᠪᠣᠯᠣᠨ ᠠᠵᠢᠯᠯᠠᠭᠠᠨ ᠤ ᠵᠦᠭᠯᠡᠭᠦᠷ ᠬᠠᠩᠭ᠋ᠠᠵᠠᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠳᠣᠣᠱᠯᠠᠭᠤᠯᠵᠣ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠳᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠣᠷᠢ ᠨᠤᠭᠤᠳ ᠤᠨ ᠵᠣᠷᠢᠭ ᠰᠠᠨᠠᠭ᠎ᠠ ᠶᠢ ᠰᠣᠷᠣᠯᠴᠠᠨ ᠳᠣᠣᠱᠯᠠᠭᠤᠯᠬᠤ ᠲᠠᠢ ᠣᠶᠠᠯᠳᠣᠭᠤᠯᠵᠣ᠂ ᠰᠢᠰᠲ᠋ᠧᠮ ᠲᠠᠢ ᠣᠢᠢᠯᠠᠭᠠᠨ᠂ ᠪᠦᠬᠦ ᠳᠠᠯ᠎ᠠ ᠪᠠᠷ ᠡᠵᠡᠮᠰᠢᠵᠦ᠂ ᠦᠵᠡᠯ ᠰᠠᠨᠠᠭ᠎ᠠ  ᠪᠣᠯᠣᠨ ᠦᠢᠯᠡ ᠠᠵᠢᠯᠯᠠᠭ᠎ᠠ ᠪᠠᠨ ᠴᠢᠨᠠᠭᠰᠢᠳᠠ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠳᠡᠭᠡᠷ᠎ᠡ ᠨᠢᠭᠡᠳᠭᠡᠬᠦ ᠬᠡᠷᠡᠭᠳᠡᠢ᠃ ᠲᠦᠪ ᠤᠨ ᠳᠣᠭᠤᠷᠢᠨ ᠪᠠᠶᠢᠴᠠᠭᠠᠵᠣ 《ᠡᠷᠬᠢᠨ ᠬᠠᠷᠠᠭᠰᠠᠨ》ᠪᠠᠶᠢᠳᠠᠯ ᠢ ᠬᠠᠷᠢᠭᠤ ᠲᠤᠰᠬᠠᠭᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠬᠤ ᠠᠵᠢᠯ ᠲᠠᠢ ᠣᠶᠠᠯᠳᠣᠭᠤᠯᠵᠣ᠂ ᠣᠨᠢᠨ ᠳᠡᠭᠡᠷ᠎ᠡ ᠨᠢ ᠶᠠᠳᠠᠭᠤ ᠶᠢ ᠳᠡᠳᠭᠦᠵᠦ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠬᠢᠨᠠᠮᠠᠭᠠᠢ ᠳᠣᠣᠱᠯᠠᠭᠤᠯᠵᠣ᠂ ᠭᠤᠣᠯᠳᠠᠯᠭ᠎ᠠ ᠪᠣᠯᠣᠨ ᠬᠦᠴᠢᠷᠳᠡᠯ ᠢ ᠡᠵᠡᠮᠰᠢᠵᠦ᠂ ᠭᠠᠵᠠᠷ ᠣᠷᠣᠨ ᠤ ᠪᠠᠶᠢᠳᠠᠯ ᠳᠤᠨᠢ ᠳᠣᠬᠢᠷᠠᠭᠤᠯᠬᠤ ᠶᠢ ᠪᠠᠷᠢᠮᠳᠠᠯᠠᠵᠣ᠂ ᠪᠣᠭᠤᠮᠳᠠ ᠰᠢᠪᠳᠣᠯᠬᠤ ᠡᠷᠴᠢᠮ ᠢᠶᠠᠨ ᠴᠢᠩᠭ᠋ᠠᠷᠠᠭᠤᠯᠵᠤ᠂ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭ᠋ᠠᠳᠬᠠᠵᠤ᠂ ᠣᠨᠴᠠ ᠶᠠᠳᠠᠭᠤ  ᠬᠦᠴᠢᠷᠳᠡᠯ ᠲᠠᠢ ᠭᠠᠵᠠᠷ ᠣᠷᠣᠨ ᠢ ᠶᠠᠳᠠᠭᠤ ᠠᠴᠠ ᠨᠢ ᠠᠩᠭᠢᠵᠢᠷᠠᠭᠤᠯᠬᠤ ᠪᠣᠭᠤᠮᠳᠠ ᠰᠢᠪᠳᠣᠯᠬᠤ ᠡᠨᠡᠬᠦ ᠬᠠᠳᠠᠭᠤ ᠳᠠᠶᠢᠯᠠᠯᠳᠣᠭᠠᠨ ᠤ ᠳᠣᠳᠣᠷᠠᠬᠢ ᠬᠠᠳᠠᠭᠤ ᠳᠠᠶᠢᠯᠠᠯᠳᠣᠭᠠᠨ ᠤ ᠢᠯᠠᠯᠳᠠ ᠵᠠᠪᠠᠯ ᠣᠯᠵᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠬᠠᠷᠠᠯᠳᠠ ᠡᠭᠦᠷᠭᠡ ᠶᠢ ᠳᠣᠭᠳᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠳᠣᠯᠠᠬᠤ ᠬᠡᠷᠡᠭᠳᠡᠢ ᠭᠡᠵᠦ ᠵᠢᠭᠠᠵᠣ ᠭᠠᠷᠭᠠᠪᠠ᠃       

    ᠬᠤᠷᠠᠯ ᠠᠴᠠ᠂ ᠪᠦᠬᠦ ᠣᠷᠣᠨ ᠳᠠᠶᠠᠭᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠪᠠᠶᠠᠷᠯᠠᠨ ᠣᠭᠳᠣᠵᠣ᠂  ᠦᠪᠡᠷᠳᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠪᠠᠨ ᠪᠠᠶᠠᠷᠯᠠᠨ ᠪᠡᠯᠭᠡᠯᠡᠵᠦ ᠪᠠᠶᠢᠭ᠎ᠠ ᠴᠢᠬᠤᠯᠠ ᠴᠠᠭ ᠮᠦᠴᠡ ᠳᠤ᠂ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠳᠣᠷᠰᠢᠯᠭ᠎ᠠ ᠰᠣᠯᠢᠯᠴᠠᠬᠤ ᠳᠣᠬᠠᠢ ᠶᠢᠨ ᠭᠠᠵᠠᠷ ᠤᠨ ᠬᠤᠷᠠᠯ ᠢ ᠮᠠᠨ ᠤ ᠣᠷᠣᠨ ᠳᠤ ᠬᠤᠷᠠᠯᠳᠣᠭᠤᠯᠤᠭᠰᠠᠨ ᠨᠢ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠦᠪᠦᠷ ᠮᠤᠩᠭ᠋ᠤᠯ ᠢ ᠳᠡᠭᠡᠳᠦ ᠬᠡᠮᠵᠢᠶ᠎ᠡ ᠪᠠᠷ ᠬᠦᠨᠳᠦᠳᠭᠡᠵᠦ ᠪᠦᠬᠦ ᠣᠷᠣᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠢ ᠳᠣᠳᠣᠨᠣ ᠪᠠᠷ ᠬᠠᠯᠠᠮᠵᠢᠯᠠᠵᠣ ᠪᠠᠶᠢᠭ᠎ᠠ ᠶᠢ ᠭᠦᠢᠴᠡᠳ ᠢᠯᠡᠷᠡᠭᠦᠯᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠳᠡᠨ ᠤ ᠠᠵᠢᠯ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠳᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠣᠢᠢᠯᠠᠭᠠᠵᠣ᠂ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠳᠣᠷᠰᠢᠯᠭ᠎ᠠ ᠰᠣᠯᠢᠯᠴᠠᠬᠤ ᠳᠣᠬᠠᠢ ᠶᠢᠨ ᠭᠠᠵᠠᠷ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠬᠦ ᠶᠢᠨ ᠴᠢᠬᠤᠯᠠ ᠴᠢᠨᠠᠷ ᠤᠨ ᠳᠣᠬᠠᠢ ᠳᠠᠨᠢᠯᠳᠠ ᠪᠠᠨ ᠴᠢᠨᠠᠭᠰᠢᠳᠠ ᠳᠡᠭᠡᠭ᠍ᠰᠢᠯᠡᠭᠦᠯᠵᠦ᠂ ᠮᠠᠨ ᠤ ᠣᠷᠣᠨ ᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠣᠭᠰᠠᠨ ᠰᠠᠶᠢᠨ ᠳᠣᠷᠰᠢᠯᠭ᠎ᠠ ᠪᠣᠯᠣᠨ ᠰᠠᠶᠢᠨ ᠠᠷᠭ᠎ᠠ ᠬᠢᠳᠡᠯ ᠢ ᠭᠦᠨᠵᠡᠭᠡᠢ ᠠᠭᠤᠳᠠᠯᠵᠣ᠂ ᠲᠦᠪ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠳᠣᠬᠠᠢ ᠪᠠᠶᠢᠷᠢᠯᠠᠭᠤᠯᠣᠯᠳᠠ ᠱᠠᠭᠠᠷᠳᠠᠯᠭ᠎ᠠ ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠵᠣ᠂ ᠬᠠᠮᠳᠣᠪᠠᠷ ᠪᠠᠶᠢᠭᠤᠯᠣᠨ ᠬᠤᠯᠪᠣᠭᠠᠯᠠᠨ ᠬᠦᠳᠡᠯᠦᠯᠴᠡᠬᠦ ᠠᠵᠢᠯ ᠤᠨ ᠲᠦᠯᠦᠪ ᠪᠠᠶᠢᠳᠠᠯ ᠢ ᠪᠠᠶᠢᠭᠤᠯᠣᠨ ᠪᠦᠷᠢᠨᠰᠢᠭᠦᠯᠵᠦ᠂ ᠮᠠᠨ ᠤ ᠣᠷᠣᠨ ᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠬᠦ ᠬᠡᠷᠡᠭᠳᠡᠢ ᠭᠡᠵᠦ ᠵᠢᠭᠠᠵᠣ ᠭᠠᠷᠭᠠᠪᠠ᠃      ᠬᠤᠷᠠᠯ ᠠᠴᠠ᠂ ᠲᠦᠪ ᠤᠨ ᠲᠤᠭᠤᠷᠢᠨ ᠪᠠᠶᠢᠴᠠᠭᠠᠵᠤ 《ᠡᠷᠬᠢᠨ ᠬᠠᠷᠠᠭᠰᠠᠨ》ᠪᠠᠶᠢᠳᠠᠯ ᠢ ᠬᠠᠷᠢᠭᠤ ᠲᠤᠰᠬᠠᠬᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠪᠠ᠃      

    ᠬᠤᠷᠠᠯ ᠠᠴᠠ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠪᠤᠯ ᠡᠷᠬᠡᠪᠰᠢ ᠡᠷᠡᠰ ᠰᠢᠭᠤᠷᠬᠠᠢ ᠪᠠᠷ ᠪᠠᠶᠡᠯᠡᠭᠦᠯᠭᠦ ᠴᠢᠬᠤᠯᠠ ᠤᠯᠤᠰ ᠲᠦᠷᠦ ᠶᠢᠨ ᠡᠭᠦᠷᠭᠡ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠤᠳᠤᠷᠢᠳᠬᠤ ᠲᠤᠭᠤᠢᠢᠯᠠᠩ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠴᠡᠭᠴᠡᠯᠡᠨ ᠰᠠᠶᠢᠵᠢᠷᠠᠭᠤᠯᠬᠤ ᠶᠡᠷᠦᠩᠬᠡᠢ ᠲᠦᠰᠦᠯ ᠪᠠ ᠲᠤᠰᠬᠠᠢ ᠲᠦᠰᠦᠯ ᠲᠠᠢ ᠬᠠᠷᠢᠴᠠᠭᠤᠯᠵᠤ᠂ ᠨᠢᠭᠡ ᠲᠦᠷᠦᠯ ᠨᠢᠭᠡ ᠲᠦᠷᠦᠯ ᠢᠶᠠᠷ ᠨᠢ ᠰᠣᠯᠠᠷᠠᠭᠤᠯᠣᠯ ᠦᠭᠡᠢ ᠠᠳᠬᠤᠵᠣ᠂ ᠨᠢᠭᠡ ᠠᠯᠬᠤᠮ ᠨᠢᠭᠡ ᠠᠯᠬᠤᠮ ᠢᠶᠠᠷ ᠬᠦᠴᠦᠯᠡᠨ ᠠᠬᠢᠭᠤᠯᠵᠤ᠂ ᠡᠯ᠎ᠠ ᠵᠦᠢᠯ ᠤᠨ ᠱᠠᠳᠤᠴᠢ ᠴᠢᠨᠠᠷᠳᠠᠢ ᠬᠠᠷᠠᠯᠳᠠ ᠡᠭᠦᠷᠭᠡ ᠶᠢ ᠲᠤᠬᠳᠠᠭᠰᠠᠨ ᠴᠠᠭ ᠲᠤᠨᠢ ᠪᠡᠶᠡᠯᠡᠭᠦᠯᠭᠦ ᠬᠡᠷᠡᠭᠳᠡᠢ᠃ ᠡᠯ᠎ᠠ ᠲᠤᠰᠬᠠᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠠᠭᠠᠭᠤᠯᠤᠨ ᠭᠦᠢᠴᠡᠳᠭᠡᠬᠦ ᠤᠳᠤᠷᠢᠳᠤᠯᠭ᠎ᠠ᠂ ᠲᠠᠭᠠᠭᠤᠯᠤᠨ ᠭᠦᠢᠴᠡᠳᠭᠡᠬᠦ ᠰᠠᠯᠠᠭ᠎ᠠ ᠮᠦᠴᠢᠷ ᠪᠠ ᠬᠠᠷᠢᠭᠤᠴᠠᠯᠭᠠᠳᠦ ᠰᠠᠯᠠᠭ᠎ᠠ ᠮᠦᠴᠢᠷ ᠤᠨ ᠬᠢᠨ ᠲᠤᠰᠬᠠᠢ ᠴᠡᠭᠴᠡᠯᠡᠨ ᠰᠠᠶᠢᠵᠢᠷᠠᠭᠤᠯᠬᠤ ᠲᠦᠰᠦᠯ ᠢ ᠨᠡᠶᠢᠳᠡᠪᠦᠷᠢᠵᠢᠭᠤᠯᠬᠤ ᠶᠢ ᠯᠠᠪᠳᠠᠭᠤᠨ ᠪᠠᠳᠤᠳᠠᠢ ᠰᠠᠶᠢᠳᠤᠷ ᠠᠳᠬᠤᠵᠤ᠂ ᠲᠤᠰᠬᠠᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ     ᠬᠡᠷᠡᠭᠳᠡᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠨᠢᠭᠡᠳᠦᠯᠳᠡᠢ ᠪᠠᠶᠢᠷᠢᠯᠠᠭᠤᠯᠤᠯᠳᠠ ᠶᠤᠰᠤᠭᠠᠷ᠂ ᠲᠤᠰ ᠭᠠᠵᠠᠷ ᠤᠷᠤᠨ ᠲᠤᠰ ᠰᠠᠯᠠᠭ᠎ᠠ ᠮᠦᠴᠢᠷ ᠤᠨ ᠢᠶᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠠᠰᠤᠷᠠᠯᠳᠠ ᠦᠭᠡᠢ ᠬᠦᠨᠵᠡᠭᠡᠶᠢᠷᠡᠨ ᠬᠦᠭ᠍ᠵᠢᠭᠦ ᠶᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃          

    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121240609