蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠤᠷᠳᠤᠰ ᠬᠤᠳᠠ ᠳᠤ ᠪᠠᠶᠢᠴᠠᠭᠠᠨ ᠰᠤᠳᠤᠯᠤᠯᠳᠠ ᠬᠢᠪᠡ

2017-07-04 10:07

    7 ᠰᠠᠷ᠎ᠠ ᠶᠢᠨ 1 ᠠᠴᠠ 2 ᠤᠨ ᠡᠳᠦᠷ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠤᠷᠳᠤᠰ ᠬᠤᠳᠠ ᠳᠤ ᠬᠦᠨᠵᠡᠭᠡᠶᠢᠷᠡᠵᠤ᠂ ᠵᠢᠷᠭᠤᠳᠤᠭᠠᠷ ᠬᠤᠭᠤᠴᠠᠭᠠᠨ ᠤ ᠬᠦᠪᠴᠢ ᠶᠢᠨ ᠤᠯᠠᠨ ᠤᠯᠤᠰ ᠤᠨ ᠡᠯᠡᠰᠦᠨ ᠤ ᠹᠤᠷᠦ᠋ᠮ ᠪᠠ《ᠤᠯᠠᠨ ᠤᠯᠤᠰ ᠤᠨ ᠬᠤᠯᠪᠤᠭᠠᠳᠦ ᠪᠠᠶᠢᠭᠤᠯᠤᠯᠭ᠎ᠠ ᠶᠢᠨ ᠴᠦᠯᠵᠢᠯ ᠢ ᠰᠡᠷᠬᠡᠶᠢᠯᠡᠨ ᠵᠠᠰᠠᠬᠤ ᠨᠡᠶᠢᠳᠡ ᠶᠢᠨ ᠬᠡᠷ᠎ᠡ》 ᠶᠢᠨ ᠠᠷᠪᠠᠨ ᠭᠤᠷᠪᠠᠳᠡᠬᠢ ᠬᠡᠷ᠎ᠡ ᠪᠠᠶᠢᠭᠤᠯᠤᠬᠰᠠᠨ ᠲᠠᠯ᠎ᠠ ᠶᠢᠨ ᠶᠡᠭᠡ ᠬᠤᠷᠠᠯ ᠤᠨ ᠪᠡᠯᠡᠳᠭᠡᠯ ᠠᠵᠢᠯ ᠤᠨ ᠲᠤᠬᠠᠢ ᠪᠠᠶᠢᠴᠠᠭᠠᠨ ᠰᠤᠳᠤᠯᠵᠤ ᠪᠠᠶᠢᠴᠠᠭᠠᠯᠳᠠ ᠬᠢᠵᠠᠢ᠃ ᠲᠡᠷᠡ᠂ ᠡᠨᠡ ᠬᠤᠶᠠᠷ ᠲᠤᠮᠤ ᠬᠡᠯᠪᠡᠷᠢ ᠶᠢᠨ ᠤᠯᠠᠨ ᠤᠯᠤᠰ ᠤᠨ ᠬᠤᠷᠠᠯ ᠢ ᠰᠠᠶᠢᠳᠤᠷ ᠪᠡᠯᠡᠳᠭᠡᠭᠦ ᠨᠢ᠂ ᠴᠢᠬᠤᠯᠠ ᠬᠠᠷᠢᠭᠤᠴᠠᠯᠭ᠎ᠠ ᠪᠣᠯᠬᠤ ᠮᠦᠷᠳᠡᠭᠡᠨ ᠴᠢᠬᠤᠯᠠ ᠠᠵᠠ ᠲᠤᠬᠢᠶᠠᠯ ᠪᠤᠯᠤᠨ᠎ᠠ᠂ ᠡᠳᠦᠷ ᠪᠦᠷᠢ ᠶᠢᠨ ᠴᠠᠭ ᠢ ᠴᠢᠩᠭ᠎ᠠ ᠠᠮᠵᠢᠵᠤ᠂ ᠭᠤᠬᠴᠤᠭ᠎ᠠ ᠪᠦᠷᠢ ᠶᠢᠨ ᠠᠵᠢᠯ ᠢ ᠰᠠᠶᠢᠳᠤᠷ ᠠᠳᠬᠤᠵᠤ᠂ ᠠᠷᠭ᠎ᠠ ᠬᠡᠮᠵᠢᠶ᠎ᠠ ᠪᠤᠯᠭᠠᠨ ᠢ ᠪᠤᠳᠠᠳᠠᠢ ᠠᠳᠬᠤᠵᠤ᠂ ᠦ ᠰᠡᠪ ᠦᠭᠡᠢ᠂ ᠦᠴᠦᠬᠡᠨ ᠴᠦ ᠠᠯᠳᠠᠭ᠎ᠠ ᠪᠤᠷᠤᠭᠤ ᠦᠯᠦ ᠭᠠᠷᠭᠠᠵᠣ᠂ ᠪᠦᠬᠦ ᠬᠦᠴᠦᠨ ᠢᠶᠠᠷ ᠴᠢᠷᠮᠠᠶᠢᠵᠤ᠂ ᠨᠢᠭᠳᠠ ᠠᠴᠠ ᠨᠢᠭᠳᠠ ᠬᠠᠨᠳᠤᠵᠦ᠂ ᠬᠤᠶᠠᠷ ᠬᠤᠷᠠᠯ ᠢ ᠦᠨᠡᠨᠭᠦ ᠤᠨᠴᠠᠯᠢᠭ ᠲᠠᠢ᠂ ᠦᠨᠳᠦᠷ ᠲᠦᠪᠰᠢᠨ ᠲᠠᠢ᠂ ᠦᠷ᠎ᠠ ᠪᠦᠳᠦᠮᠵᠢ ᠲᠠᠢ ᠡᠷᠬᠢᠯᠡᠵᠤ᠂ ᠤᠯᠤᠰ ᠲᠤ ᠦᠩᠭᠡ ᠬᠡᠷᠡᠯ ᠠᠪᠴᠢᠷᠠᠵᠤ᠂ ᠦᠪᠦᠷ ᠮᠤᠩᠭᠤᠯ ᠳᠤ ᠬᠦᠴᠦ ᠵᠤᠷᠢᠭ ᠨᠡᠮᠡᠷᠢᠯᠡᠭᠦ ᠬᠡᠷᠡᠭᠳᠡᠢ ᠬᠡᠵᠤ ᠴᠢᠬᠤᠯᠠᠴᠢᠯᠠᠪᠠ᠃

    ᠬᠦᠪᠴᠢ ᠶᠢᠨ ᠤᠯᠠᠨ ᠤᠯᠤᠰ ᠤᠨ ᠡᠯᠡᠰᠦᠨ ᠤ ᠹᠤᠷᠦ᠋ᠮ ᠪᠤᠯ᠂ ᠲᠡᠯᠡᠬᠡᠢ ᠶᠢᠨ ᠴᠦᠯᠵᠢᠯ ᠢ ᠰᠡᠷᠬᠡᠶᠢᠯᠡᠨ ᠵᠠᠰᠠᠬᠤ ᠪᠠ ᠪᠤᠬᠢᠷᠳᠦᠯ ᠦᠭᠡᠢ ᠡᠳ᠋ ᠤᠨ ᠵᠠᠰᠠᠭ ᠤᠨ ᠬᠦᠭᠵᠢᠯᠳᠡ ᠶᠢ ᠠᠬᠢᠭᠤᠯᠬᠤ ᠪᠠᠷ ᠴᠢᠷᠮᠠᠶᠢᠵᠤ ᠪᠦᠬᠦᠢ ᠲᠤᠮᠤ ᠬᠡᠯᠪᠡᠷᠢ ᠶᠢᠨ ᠤᠯᠠᠨ ᠤᠯᠤᠰ ᠤᠨ ᠹᠤᠷᠦ᠋ᠮ ᠪᠤᠯᠤᠨ᠎ᠠ᠃《ᠤᠯᠠᠨ ᠤᠯᠤᠰ ᠤᠨ ᠬᠤᠯᠪᠤᠭᠠᠳᠦ ᠪᠠᠶᠢᠭᠤᠯᠤᠯᠭ᠎ᠠ ᠶᠢᠨ ᠴᠦᠯᠵᠢᠯ ᠢ ᠰᠡᠷᠬᠡᠶᠢᠯᠡᠨ ᠵᠠᠰᠠᠬᠤ ᠨᠡᠶᠢᠳᠡ ᠶᠢᠨ ᠬᠡᠷ᠎ᠡ》 ᠶᠢᠨ ᠠᠷᠪᠠᠨ ᠭᠤᠷᠪᠠᠳᠡᠬᠢ ᠬᠡᠷ᠎ᠠ ᠪᠠᠶᠢᠭᠤᠯᠤᠬᠰᠠᠨ ᠲᠠᠯ᠎ᠠ ᠶᠢᠨ ᠶᠡᠭᠡ ᠬᠤᠷᠠᠯ ᠪᠤᠯ ᠨᠢᠬᠡᠳᠦᠭᠰᠡᠨ ᠦᠨᠳᠦᠰᠦᠨ ᠤ ᠪᠠᠶᠢᠭᠤᠯᠤᠯᠭ᠎ᠠ ᠡᠴᠡ ᠳᠤᠮᠳᠠᠳᠤ ᠤᠯᠤᠰ ᠲᠤ ᠡᠷᠬᠢᠯᠡᠵᠦ ᠪᠠᠶᠢᠭ᠎ᠠ ᠠᠩᠬᠠᠳᠠᠬᠴᠢ ᠤᠷᠴᠢᠨ ᠲᠤᠭᠤᠷᠢᠨ ᠤ ᠨᠡᠶᠢᠳᠡ ᠶᠢᠨ ᠬᠡᠷ᠎ᠠ ᠪᠠᠶᠢᠭᠤᠯᠣᠭᠰᠠᠨ ᠲᠠᠯ᠎ᠠ ᠶᠢᠨ ᠶᠡᠭᠡ ᠬᠤᠷᠠᠯ ᠪᠤᠯᠤᠨ᠎ᠠ᠃ ᠯᠢ ᠵᠢᠢ ᠾᠧᠩ ᠡᠨᠡ ᠬᠤᠶᠠᠷ ᠲᠤᠮᠤ ᠬᠡᠯᠪᠡᠷᠢ ᠶᠢᠨ ᠤᠯᠠᠨ ᠤᠯᠤᠰ ᠤᠨ ᠬᠤᠷᠠᠯ ᠢ ᠪᠡᠯᠡᠳᠭᠡᠵᠤ ᠪᠠᠶᠢᠭ᠎ᠠ ᠪᠠᠶᠢᠳᠠᠯ ᠢ ᠲᠦᠢᠯ ᠢᠶᠠᠷ ᠬᠠᠯᠠᠮᠵᠢᠯᠠᠵᠤ ᠪᠤᠢ᠃ ᠲᠡᠷᠡ ᠤᠷᠢᠳ ᠬᠤᠵᠢᠳ ᠤᠯᠠᠨ ᠤᠯᠤᠰ ᠤᠨ ᠡᠯᠡᠰᠦᠨ ᠤ ᠹᠤᠷᠦ᠋ᠮ ᠤᠨ ᠬᠤᠷᠠᠯ ᠤᠨ ᠲᠠᠯᠠᠪᠠᠢ᠂ ᠬᠡᠷ᠎ᠠ ᠪᠠᠶᠢᠭᠤᠯᠣᠭᠰᠠᠨ ᠲᠠᠯ᠎ᠠ ᠶᠢᠨ ᠶᠡᠭᠡ ᠬᠤᠷᠠᠯ ᠤᠨ ᠵᠤᠴᠢᠯᠠᠬᠤ ᠪᠠ ᠠᠭᠤᠯᠵᠠᠬᠤ ᠲᠠᠯᠠᠪᠤᠷ᠂ ᠬᠡᠷ᠎ᠠ ᠪᠠᠶᠢᠭᠤᠯᠣᠭᠰᠠᠨ ᠲᠠᠯ᠎ᠠ ᠶᠢᠨ ᠶᠡᠭᠡ ᠬᠤᠷᠠᠯ ᠤᠨ ᠬᠤᠷᠠᠯ ᠤᠨ ᠲᠠᠯᠠᠪᠠᠢ ᠪᠠᠷ ᠬᠦᠷᠴᠤ᠂ ᠬᠤᠷᠠᠯ ᠤᠨ ᠲᠠᠯᠠᠪᠠᠢ ᠶᠢ ᠦᠭᠡᠷᠡᠴᠢᠯᠡᠨ ᠪᠠᠶᠢᠭᠤᠯᠵᠣ ᠪᠠᠶᠢᠭ᠎ᠠ ᠪᠠᠶᠢᠳᠠᠯ᠂ ᠦᠵᠡᠰᠭᠦᠯᠡᠩ ᠤᠨ ᠤᠷᠳᠤᠨ ᠤ ᠪᠦᠳᠦᠭᠡᠨ ᠪᠠᠶᠢᠭᠤᠯᠤᠯᠳᠠ᠂ ᠲᠠᠯᠠᠪᠤᠷ ᠤᠷᠳᠤᠨ ᠢ ᠵᠠᠰᠠᠨ ᠴᠢᠮᠡᠭᠯᠡᠵᠦ ᠪᠠᠶᠢᠭ᠎ᠠ ᠪᠠᠶᠢᠳᠠᠯ ᠵᠡᠷᠭᠡ ᠶᠢ ᠨᠠᠷᠢᠨ ᠨᠢᠮᠪᠠᠢ ᠪᠠᠶᠢᠴᠠᠭᠠᠨ ᠦᠵᠡᠵᠤ᠂ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠳ ᠪᠠ ᠪᠠᠷᠢᠯᠭ᠎ᠠ ᠶᠢᠨ ᠨᠢᠭᠡᠴᠡ ᠶᠢ ᠴᠢᠨᠠᠷ ᠤᠨ ᠠᠶᠤᠯᠬᠦᠢ᠂ ᠪᠠᠷᠢᠯᠭ᠎ᠠ ᠶᠢᠨ ᠠᠵᠢᠯ ᠤᠨ ᠠᠶᠤᠯᠬᠦᠢ ᠪᠠ ᠬᠠᠮᠢᠶ᠎ᠠ ᠪᠦᠬᠦᠢ ᠬᠡᠷᠡᠭᠰᠡᠯ ᠤᠨ ᠪᠠᠶᠢᠭᠤᠯᠤᠯᠳᠠ ᠶᠢᠨ ᠠᠬᠢᠴᠠ ᠶᠢ ᠪᠠᠳᠤᠯᠠᠵᠤ᠂ ᠬᠤᠷᠠᠯ ᠤᠨ ᠬᠡᠷᠡᠭᠴᠡᠭᠡ ᠶᠢ ᠲᠤᠬᠳᠠᠬᠰᠠᠨ ᠴᠠᠭ ᠲᠤᠨᠢ ᠪᠦᠬᠦ ᠲᠠᠯ᠎ᠠ ᠪᠠᠷ ᠬᠠᠩᠭᠠᠬᠤ ᠬᠡᠷᠡᠭᠳᠡᠢ ᠬᠡᠵᠤ ᠴᠢᠬᠤᠯᠠᠴᠢᠯᠠᠵᠠᠢ᠃

    ᠬᠦᠪᠴᠢ ᠶᠢᠨ ᠡᠯᠡᠰᠦᠨ ᠤ ᠨᠠᠷᠠᠰᠦ ᠠᠮᠢ ᠠᠬᠤᠢ ᠶᠢ ᠵᠠᠰᠠᠵᠣ ᠰᠡᠷᠭᠦᠭᠡᠭᠦ ᠤᠷᠤᠨ᠂ ᠬᠡᠷ᠎ᠠ ᠪᠠᠶᠢᠭᠤᠯᠣᠭᠰᠠᠨ ᠲᠠᠯ᠎ᠠ ᠶᠢᠨ ᠶᠡᠭᠡ ᠬᠤᠷᠠᠯ ᠤᠨ《ᠲᠤᠷᠠᠰᠬᠠᠯ ᠤᠨ ᠤᠢ》 ᠶᠢᠨ ᠮᠤᠳᠤ ᠲᠠᠷᠢᠬᠤ ᠠᠵᠢᠯᠯᠠᠭ᠎ᠠ ᠶᠢᠨ ᠴᠢᠭ᠂ ᠬᠢᠶ᠎ᠠ ᠪᠠᠭᠰᠢ ᠲᠤᠭᠤᠷᠢᠭ ᠤᠨ ᠠᠮᠢ ᠠᠬᠤᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠬᠰᠠᠨ ᠤ ᠲᠠᠷᠠᠭ᠎ᠠ᠂ ᠯᠢ ᠵᠢᠢ ᠾᠧᠩ᠂ ᠪᠤᠬᠢᠷᠳᠦᠯ ᠦᠭᠡᠢ ᠪᠠᠶᠢᠬᠤ ᠨᠢ ᠲᠠᠷᠤᠢ ᠦᠷᠳᠡᠭ ᠪᠣᠯᠣᠨ ᠨᠦᠭᠡᠴᠡ ᠬᠦᠴᠦᠨ ᠪᠣᠯᠣᠨ᠎ᠠ᠂ ᠤᠷᠴᠢᠨ ᠲᠤᠭᠤᠷᠢᠨ ᠪᠤᠯ ᠲᠠᠷᠤᠢ ᠲᠦᠷᠢ ᠲᠦᠷᠭᠦ ᠪᠣᠯᠣᠨ ᠨᠡᠷ᠎ᠠ ᠶᠢᠨ ᠬᠠᠭᠤᠳᠠᠰᠦ ᠪᠣᠯᠣᠨ᠎ᠠ᠂ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠶᠡᠭᠡ ᠬᠦᠴᠦ ᠣᠷᠣᠭᠤᠯᠣᠨ ᠰᠠᠶᠢᠳᠤᠷ ᠬᠢᠵᠤ᠂ ᠣᠯᠣᠰ ᠤᠨ ᠲᠤᠳᠤᠭᠠᠳᠦ ᠭᠠᠳᠠᠭᠠᠳᠦ ᠶᠢᠨ ᠵᠤᠴᠢᠳ ᠲᠤ ᠴᠠᠭ ᠢᠮᠠᠬᠳᠠ ᠭᠠᠵᠠᠷ ᠪᠤᠯᠭᠠᠨ ᠳᠤ ᠴᠡᠪᠡᠷ ᠴᠡᠮᠴᠡᠭᠡᠷ ᠭᠤᠶᠤ ᠲᠠᠭᠠᠯᠠᠮᠵᠢᠳᠡᠢ ᠤᠷᠴᠢᠨ ᠲᠤᠭᠤᠷᠢᠨ᠂ ᠪᠤᠯᠪᠠᠰᠤᠨ ᠡᠶ᠎ᠡ ᠵᠤᠬᠢᠴᠠᠩᠭᠤᠢ ᠰᠣᠶᠣᠯ ᠢᠷᠭᠡᠨᠰᠢᠯ ᠤᠨ ᠠᠭᠤᠷ ᠠᠮᠢᠰᠬᠤᠯ ᠲᠠᠢ ᠪᠠᠶᠢᠬᠤ ᠶᠢ ᠮᠡᠳᠡᠷᠡᠭᠦᠯᠵᠤ᠂ ᠤᠷᠳᠤᠰ ᠲᠤ ᠲᠠᠭᠠᠳᠠᠢ ᠰᠠᠶᠢᠬᠠᠨ ᠴᠠᠭ ᠮᠦᠴᠡ ᠶᠢ ᠦᠩᠭᠡᠷᠡᠭᠦᠯᠵᠤ᠂ ᠮᠠᠷᠳᠠᠬᠳᠠᠰᠢ ᠦᠭᠡᠢ ᠲᠤᠷᠠᠳᠬᠠᠯ ᠦᠯᠡᠳᠡᠭᠡᠨ᠂ ᠦᠪᠦᠷ ᠮᠤᠩᠭᠤᠯ ᠪᠠ ᠤᠷᠳᠤᠰ ᠤᠨ ᠨᠡᠷ᠎ᠠ ᠠᠯᠳᠠᠷᠰᠢᠯ ᠪᠤᠯᠤᠨ ᠨᠦᠯᠦᠭᠡᠯᠡᠭᠦ ᠬᠦᠴᠦᠨ ᠢ ᠴᠢᠨᠠᠬᠰᠢᠳᠠ ᠲᠡᠭᠡᠭᠰᠢᠯᠡᠭᠦᠯᠭᠦ ᠬᠡᠷᠡᠭᠳᠡᠢ ᠬᠡᠪᠡ᠃

    ᠪᠠᠶᠢᠴᠠᠭᠠᠨ ᠰᠤᠳᠤᠯᠤᠯᠳᠠ ᠬᠢᠭᠰᠡᠨ ᠬᠤᠭᠤᠴᠠᠭᠠᠨ ᠳᠠᠭᠠᠨ ᠯᠢ ᠵᠢᠢ ᠾᠧᠩ ᠬᠤᠶᠠᠷ ᠬᠤᠷᠠᠯ ᠤᠨ ᠪᠡᠯᠡᠳᠭᠡᠯ ᠠᠵᠢᠯ ᠤᠨ ᠲᠤᠬᠠᠢ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ᠃ ᠲᠡᠷᠡ᠂ ᠬᠤᠶᠠᠷ ᠲᠤᠮᠤ ᠬᠡᠯᠪᠡᠷᠢ ᠶᠢᠨ ᠤᠯᠠᠨ ᠤᠯᠤᠰ ᠤᠨ ᠬᠤᠷᠠᠯ ᠢ ᠰᠠᠶᠢᠳᠤᠷ ᠡᠷᠬᠢᠯᠡᠭᠦ ᠳᠤ᠂ ᠠᠮᠵᠢᠯᠳᠡ ᠣᠯᠬᠤ ᠨᠢ ᠠᠶᠤᠯᠬᠦᠢ ᠳᠤ ᠲᠦᠰᠢᠭᠯᠡᠵᠤ᠂ ᠨᠦᠯᠦᠭᠡ ᠭᠠᠷᠭᠠᠬᠤ ᠨᠢ ᠤᠬᠠᠭᠤᠯᠭ᠎ᠠ ᠳᠤ ᠲᠦᠰᠢᠭᠯᠡᠵᠤ᠂ ᠵᠡᠷᠬᠡᠯᠡᠯ ᠳᠡᠪᠰᠢᠬᠦᠯᠬᠦ ᠨᠢ ᠲᠡᠭᠡᠳᠦ ᠲᠡᠰ ᠲᠠᠢ ᠪᠠᠶᠢᠬᠤ ᠪᠠᠷ ᠲᠤᠬᠳᠠᠭᠠᠬᠳᠠᠵᠣ᠂ ᠬᠢᠷᠢ ᠲᠦᠪᠰᠢᠨ ᠨᠢ ᠨᠠᠷᠢᠨ ᠵᠦᠢᠯᠡᠰ ᠠᠴᠠ ᠲᠤᠬᠳᠠᠭᠠᠬᠳᠠᠵᠤ᠂ ᠵᠠᠩᠬᠢᠯᠠᠭ᠎ᠠ ᠨᠢ ᠤᠳᠤᠷᠢᠳᠤᠯᠭ᠎ᠠ ᠳᠤ ᠲᠦᠰᠢᠭᠯᠡᠬᠦ ᠶᠠᠪᠤᠳᠠᠯ ᠪᠤᠯᠤᠨ᠎ᠠ ᠭᠡᠵᠦ ᠵᠢᠭᠠᠵᠦ ᠭᠠᠷᠭᠠᠪᠠ᠃ ᠤᠳᠤᠬᠠᠨ ᠳᠤ ᠪᠡᠯᠡᠳᠭᠡᠯ ᠠᠵᠢᠯ ᠨᠢᠬᠡᠨᠳᠡ ᠰᠢᠪᠳᠤᠯᠤᠯᠳᠠ ᠶᠢᠨ ᠱᠠᠳᠤᠨ ᠳᠤ ᠤᠷᠤᠭᠠᠳ ᠪᠤᠢ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠨᠢᠭᠡᠴᠡ᠂ ᠤᠨᠴᠠᠭᠠᠢᠢᠯᠠᠨ ᠭᠤᠤᠯ ᠬᠠᠷᠢᠭᠤᠴᠠᠯᠭᠠᠳᠠᠨ ᠨᠦᠬᠦᠳ ᠬᠠᠷᠢᠭᠤᠴᠠᠯᠭᠠᠳᠦ ᠰᠡᠳᠬᠢᠯᠭᠡ᠂ ᠲᠡᠤᠭᠡᠨ ᠡᠭᠦᠷᠭᠡᠳᠦ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠷᠠᠭᠤᠯᠵᠤ᠂ ᠠᠵᠢᠯ ᠤᠨ ᠲᠦᠰᠦᠯ ᠢᠶᠠᠨ ᠲᠡᠭᠦᠯᠳᠡᠷᠵᠢᠭᠦᠯᠦᠨ᠂ ᠡᠭᠦᠷᠭᠡ ᠶᠢᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠬᠦᠮᠦᠨ ᠳᠤ ᠬᠦᠷᠳᠡᠯ᠎ᠠ ᠨᠡᠶᠢᠳᠡᠪᠦᠷᠢᠵᠢᠭᠤᠯᠵᠤ᠂ ᠬᠠᠷᠢᠯᠴᠠᠭ᠎ᠠ ᠵᠤᠬᠢᠴᠠᠭᠤᠯᠭ᠎ᠠ ᠪᠠᠨ ᠴᠢᠩᠭᠠᠳᠬᠠᠨ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠠᠮ ᠬᠠᠷᠢᠯᠴᠠᠭ᠎ᠠ᠂ ᠡᠮ ᠡᠮᠨᠡᠯᠭᠡ᠂ ᠠᠮᠤᠷ ᠢ ᠬᠠᠮᠠᠭᠠᠯᠠᠬᠤ ᠵᠡᠷᠭᠡ ᠦᠢᠯᠡᠴᠢᠯᠡᠭᠡᠨ ᠤ ᠠᠵᠢᠯ ᠢ ᠨᠠᠷᠢᠯᠢᠭ ᠬᠠᠨᠤᠮᠵᠢᠳᠠᠢ᠂ ᠠᠷᠪᠢᠴᠢ ᠭᠠᠮᠳᠠᠢ ᠪᠤᠳᠠᠳᠠᠢ ᠪᠠᠷ ᠰᠠᠶᠢᠳᠤᠷ ᠬᠢᠵᠤ᠂ ᠬᠦᠴᠦᠨ ᠢᠶᠠᠨ ᠲᠦᠪᠯᠡᠷᠡᠭᠦᠯᠦᠨ ᠬᠤᠶᠠᠷ ᠬᠤᠷᠠᠯ ᠢ ᠲᠡᠭᠦᠰ ᠠᠮᠵᠢᠯᠳᠡ ᠲᠠᠢ ᠡᠷᠬᠢᠯᠡᠵᠤ᠂ ᠰᠠᠶᠢᠳᠣᠷ ᠡᠷᠬᠢᠯᠡᠭᠦ ᠬᠡᠷᠡᠭᠳᠡᠢ᠃ ᠬᠤᠶᠠᠷ ᠬᠤᠷᠠᠯ ᠢ ᠡᠷᠬᠢᠯᠡᠭᠦ ᠪᠠᠷ ᠲᠤᠬᠢᠶᠠᠯ ᠪᠤᠯᠭᠠᠨ᠂ ᠤᠬᠠᠭᠤᠯᠭ᠎ᠠ ᠲᠠᠨᠢᠯᠴᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠦᠪᠦᠷ ᠮᠤᠩᠭᠤᠯ ᠤᠨ ᠦᠯᠢᠭᠡᠷ ᠢ ᠰᠠᠶᠢᠳᠤᠷ ᠶᠠᠷᠢᠵᠤ᠂ ᠦᠪᠦᠷ ᠮᠤᠩᠭᠤᠯ ᠤᠨ ᠰᠦᠷᠯᠢᠭ ᠦᠵᠡᠮᠵᠢ ᠬᠢᠭᠡᠳ ᠭᠤᠶᠢᠳᠠ ᠰᠠᠶᠢᠬᠠᠨ ᠢ ᠲᠡᠯᠡᠬᠡᠢ ᠳ᠋ᠠᠬᠢᠨ ᠳᠤ ᠨᠡᠩ ᠢᠯᠡᠭᠦᠦ ᠲᠠᠨᠢᠭᠤᠯᠵᠦ᠂ ᠦᠪᠦᠷ ᠮᠤᠩᠭᠤᠯ ᠤᠨ ᠨᠡᠭᠡᠭᠡᠯᠳᠡ ᠬᠦᠭᠵᠢᠯᠳᠡ ᠳᠤ ᠨᠡᠩ ᠢᠯᠡᠭᠦᠤ ᠤᠷᠤᠯᠴᠠᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃

    ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠦᠸᠧ ᠶᠦᠩ ᠭᠠᠩ᠂ ᠮᠠ ᠮᠢᠩ᠂ ᠪᠠᠢ ᠰᠢᠶᠠᠩ ᠴᠢᠶᠦ᠋ᠨ ᠪᠠ ᠵᠡᠪᠰᠡᠭᠳᠦ ᠴᠠᠬᠳᠠᠭ᠎ᠠ ᠶᠢᠨ ᠦᠪᠦᠷ ᠮᠤᠩᠭᠤᠯ ᠤᠨ ᠶᠡᠷᠦᠩᠬᠡᠢ ᠠᠩᠬᠢ ᠶᠢᠨ ᠺᠤᠮᠠᠨᠳᠠᠯᠠᠭᠴᠢ ᠯᠢᠦ ᠬᠤᠢ ᠴᠧᠩ ᠪᠠᠶᠢᠴᠠᠭᠠᠨ ᠰᠤᠳᠤᠯᠤᠯᠳᠠ ᠳᠤ ᠤᠷᠤᠯᠴᠬᠠᠰᠠᠨ ᠪᠤᠶᠤ ᠬᠠᠷᠢᠭᠤ ᠮᠡᠳᠡᠭᠦᠯᠦᠯᠳᠡ ᠶᠢᠨ ᠬᠤᠷᠠᠯ ᠳᠤ ᠤᠷᠤᠯᠴᠠᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121259779