蒙古文网站Logo
ᠰᠢᠨᠬᠤᠸᠠ ᠮᠤᠩᠭ᠋ᠤᠯ ᠨᠧᠲ

ᠮᠠᠯᠵᠢᠬᠤ ᠤᠷᠤᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠬ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ ᠨᠤᠲᠤᠬ ᠪᠡᠯᠴᠢᠭᠡᠷ ᠤᠢ ᠰᠢᠭᠤᠢ ᠤᠰᠤᠨ ᠤ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠬᠤ ᠬᠡᠷᠡᠭᠳᠡᠢ

2017-07-06 11:17

    7 ᠰᠠᠷ᠎ᠠ ᠶᠢᠨ 3 ᠠᠴᠠ 4 ᠤ ᠡᠳᠦᠷ ᠪᠤᠯᠲᠠᠯ᠎ᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠪᠠᠢ ᠰᠢᠶᠠᠩ ᠴᠢᠶᠦ᠋ᠨ ᠬᠦᠯᠦᠨ ᠪᠤᠶᠢᠷ ᠬᠤᠲᠠ ᠳᠤ ᠬᠦᠨᠵᠡᠭᠡᠶᠢᠷᠡᠵᠦ ᠨᠤᠲᠤᠬ ᠪᠡᠯᠴᠢᠭᠡᠷ ᠮᠠᠯᠵᠢᠬᠤ ᠤᠷᠤᠨ ᠤ ᠭᠠᠩ ᠤᠨ ᠪᠠᠶᠢᠳᠠᠯ ᠢ ᠰᠢᠨᠵᠢᠯᠡᠨ ᠪᠠᠶᠢᠴᠠᠭᠠᠭᠠᠳ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠬ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ᠂ ᠭᠠᠮᠰᠢᠬ ᠤᠨ ᠬᠤᠬᠢᠷᠠᠯ ᠢ ᠪᠠᠭᠠᠰᠬᠠᠬᠤ ᠬᠡᠷᠡᠭᠲᠡᠢ᠂ ᠠᠮᠢ ᠠᠬᠤᠢ ᠶᠢᠨ ᠰᠢᠰᠲ᠋ᠧᠮ ᠤᠨ ᠰᠠᠶᠢᠨ ᠡᠷᠬᠢᠯᠲᠡ ᠶᠢ ᠠᠬᠢᠭᠤᠯᠬᠤ ᠠᠴᠠ ᠭᠠᠷᠳᠠᠵᠤ᠂ ᠰᠢᠨᠵᠢᠯᠡᠬᠦ ᠤᠬᠠᠭᠠᠨᠴᠢ ᠪᠠᠷ ᠨᠤᠲᠤᠬ ᠪᠡᠯᠴᠢᠭᠡᠷ᠂ ᠤᠢ ᠰᠢᠭᠤᠢ᠂ ᠤᠰᠤᠨ ᠤ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠨ ᠵᠢᠭᠠᠵᠤ ᠭᠠᠷᠭᠠᠪᠠ᠃

    ᠪᠠᠢ ᠰᠢᠶᠠᠩ ᠴᠢᠶᠦ᠋ᠨ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠠᠭᠦᠨ ᠬᠤᠰᠢᠭᠤ ᠳᠤ ᠬᠦᠨᠵᠡᠭᠡᠶᠢᠷᠡᠨ ᠭᠠᠩ ᠤᠨ ᠪᠠᠶᠢᠳᠠᠯ ᠢ ᠪᠠᠶᠢᠴᠠᠭᠠᠨ ᠦᠵᠡᠵᠦ᠂ ᠮᠠᠯᠴᠢᠨ ᠠᠶᠢᠯ ᠳᠤ ᠬᠦᠷᠴᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠤᠢᠢᠯᠠᠭᠠᠵᠤ᠂ ᠬᠦᠮᠦᠨ ᠮᠠᠯ ᠤᠨ ᠤᠤᠭᠤᠬᠤ ᠤᠰᠤᠨ ᠤ ᠬᠡᠷᠡᠭᠴᠡᠭᠡ ᠶᠢ ᠬᠦᠴᠦᠯᠡᠨ ᠪᠠᠲᠤᠯᠠᠵᠤ᠂ ᠮᠠᠯᠴᠢᠳ ᠢ ᠬᠠᠪᠰᠤᠷᠣᠨ ᠦᠢᠯᠡᠳᠪᠦᠷᠢᠯᠡᠯ ᠢ ᠵᠦᠢ ᠵᠤᠬᠢᠰᠲᠠᠢ ᠪᠠᠷ ᠳᠤᠬᠢᠷᠠᠭᠤᠯᠬᠤ ᠶᠢ ᠱᠠᠭᠠᠷᠳᠠᠪᠠ᠃ ᠬᠦᠯᠦᠨ ᠨᠠᠭᠤᠷ ᠤᠨ ᠤᠰᠤᠨ ᠤ ᠠᠮᠢ ᠠᠬᠤᠢ ᠶᠢᠨ ᠵᠠᠰᠠᠯᠲᠠ ᠶᠢ ᠰᠢᠨᠵᠢᠯᠡᠨ ᠪᠠᠶᠢᠴᠠᠭᠠᠵᠤ᠂ ᠰᠢᠭᠤᠢᠢᠳᠦ ᠤᠷᠤᠨ ᠤ ᠭᠠᠯ ᠤᠨ ᠠᠶᠤᠯ ᠢ ᠪᠠᠶᠢᠴᠠᠭᠠᠨ ᠰᠢᠢᠳᠪᠦᠷᠢᠯᠡᠭᠰᠡᠨ ᠪᠠ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠰᠤᠨᠤᠰᠴᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠭᠤᠯᠠ ᠤᠰᠤ ᠤᠢ ᠲᠠᠷᠢᠶ᠎ᠠ ᠨᠠᠭᠤᠷ ᠢ ᠠᠮᠢ ᠨᠠᠰᠤᠨ ᠤ ᠬᠠᠮᠲᠤ ᠶᠢᠨ ᠴᠤᠬᠴᠠ ᠪᠤᠯᠭᠠᠨ ᠠᠷᠭ᠎ᠠ ᠰᠦᠪᠡᠭ᠍ᠴᠢᠯᠡᠵᠦ᠂ ᠲᠠᠯ᠎ᠠ ᠨᠤᠲᠤᠬ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠯᠭᠤᠬᠤ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠬᠦᠯᠦᠨ ᠨᠠᠭᠤᠷ ᠤᠨ ᠤᠰᠤᠨ ᠤ ᠠᠮᠢ ᠠᠬᠤᠢ ᠶᠢᠨ ᠵᠠᠰᠠᠯᠲᠠ ᠶᠢ ᠬᠦᠴᠦᠯᠡᠨ ᠰᠠᠶᠢᠳᠤᠷ ᠠᠳᠬᠤᠵᠤ᠂ ᠤᠢ ᠰᠢᠭᠤᠢ ᠶᠢᠨ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠴᠢᠩᠭ᠋ᠠᠳᠬᠠᠵᠤ᠂ ᠶᠡᠭᠡ ᠠᠮᠢ ᠠᠬᠤᠢ ᠶᠢᠨ ᠰᠢᠰᠲ᠋ᠧᠮ ᠤᠨ ᠰᠠᠶᠢᠨ ᠡᠷᠬᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠤ ᠰᠤᠨᠢᠨ ᠮᠡᠳᠡᠭᠡ  ᠶᠢᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121274479