蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠨᠢᠭᠡᠳᠦᠮᠡᠯ ᠹᠷᠦᠨᠲ ᠤᠨ ᠬᠢᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠬᠡ ᠬᠤᠷᠠᠯ ᠬᠢᠪᠠ

2017-07-07 11:16

    7 ᠰᠠᠷ᠎ᠠ ᠶᠢᠨ 6 ᠤ ᠦᠳᠡ ᠶᠢᠨ ᠡᠮᠦᠨ᠎ᠠ᠂ ᠦᠪᠦᠷ ᠮᠤᠩᠭ᠋ᠤᠯ ᠤᠨ ᠨᠢᠭᠡᠲᠦᠮᠡᠯ ᠹᠷᠦᠨᠲ ᠤᠨ ᠬᠢᠨ ᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠢ ᠶᠢ ᠪᠡᠯᠭᠡᠯᠡᠬᠦ ᠶᠡᠬᠡ ᠬᠤᠷᠠᠯ ᠬᠦᠬᠡᠬᠤᠲᠠ ᠳᠤ ᠬᠤᠷᠠᠯᠳᠤᠪᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠢᠢᠩᠭ᠋ᠤ ᠶᠢᠨ ᠬᠡᠰᠢᠬᠦᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠪᠠᠢᠢᠩᠭ᠋ᠤ ᠶᠢᠨ ᠳᠡᠳ᠋ ᠲᠠᠷᠢᠬᠦᠯᠡᠭᠴᠢ ᠵᠠᠩ ᠵᠢᠶᠠᠨ ᠮᠢᠨ ᠬᠤᠷᠠᠯ ᠳᠤ ᠤᠷᠤᠯᠴᠠᠵᠦ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠢᠢᠩᠭ᠋ᠤ ᠶᠢᠨ ᠬᠡᠰᠢᠬᠦᠨ᠂ ᠨᠢᠭᠡᠲᠦᠮᠡᠯ ᠹᠷᠦᠨᠲ ᠤᠨ ᠬᠡᠯᠲᠡᠰ ᠤᠨ ᠳᠠᠷᠤᠭ᠎ᠠ ᠸᠠᠩ ᠯᠢ ᠰᠢᠶᠠ ᠶᠠᠷᠢᠶ᠎ᠠ ᠲᠠᠯᠪᠢᠵᠦ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢ ᠷᠦᠩ ᠰᠢ᠂ ᠯᠢᠶᠠᠨ ᠰᠦ᠂ ᠵᠸᠩ ᠹᠦ᠋ ᠲᠢᠶᠠᠨ᠂ ᠸᠠᠩ ᠬᠤᠸᠠᠨ ᠴᠸᠩ ᠬᠤᠷᠠᠯ ᠳᠤ ᠤᠷᠤᠯᠴᠠᠵᠠᠢ᠃

    ᠸᠠᠩ ᠯᠢ ᠰᠢᠶᠠ ᠶᠠᠭᠤᠨ ᠤ ᠡᠮᠤᠨ᠎ᠠ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠨᠢᠭᠡᠲᠦᠮᠡᠯ ᠹᠷᠦᠨᠲ ᠤᠨ ᠬᠡᠯᠲᠡᠰ ᠢ ᠲᠦᠯᠦᠭᠡᠯᠡᠨ᠂ ᠤᠷᠤᠨ ᠳᠠᠶᠠᠭᠠᠷ ᠤᠨ ᠨᠢᠭᠡᠲᠦᠮᠡᠯ ᠹᠷᠦᠨᠲ ᠤᠨ ᠦᠷᠭᠡᠨ ᠤᠯᠠᠨ ᠪᠦᠷᠢᠯᠳᠦᠬᠦᠨ ᠳᠤ ᠡᠷᠬᠢᠮ ᠲᠡᠭᠡᠳᠤ ᠬᠦᠨᠳᠦᠳᠭᠡᠯ ᠪᠤᠯᠤᠨ ᠴᠢᠩ ᠦᠨᠡᠨᠴᠢ ᠮᠡᠨᠳᠦᠴᠢᠯᠠᠯ ᠢᠶᠡᠨ ᠳᠡᠪᠰᠢᠬᠦᠯᠪᠡ᠃ ᠸᠠᠩ ᠯᠢ ᠰᠢᠶᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠲᠤᠷᠰᠢ᠂ ᠤᠷᠤᠨ ᠳᠠᠶᠠᠭᠠᠷ ᠤᠨ ᠨᠢᠭᠡᠲᠦᠮᠡᠯ ᠹᠷᠦᠨᠲ ᠤᠨ ᠬᠢᠨ ᠳᠤᠮᠳᠠᠳᠦ ᠤᠯᠤᠰ ᠤᠨ ᠡᠪ ᠬᠠᠮᠲᠦ ᠨᠠᠮ ᠤᠨ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ᠲᠠᠰᠤᠷᠠᠯᠳᠠ ᠦᠭᠡᠢ ᠪᠡᠬᠢᠵᠢᠨ ᠬᠦᠭ᠍ᠵᠢᠵᠦ᠂ ᠬᠤᠪᠢᠰᠬᠠᠯ᠂ ᠪᠦᠲᠦᠬᠡᠨ ᠪᠠᠢᠢᠭᠤᠯᠤᠯᠲᠠ ᠪᠤᠯᠤᠨ ᠦᠭᠡᠷᠡᠴᠢᠯᠡᠯᠲᠡ ᠳᠤᠮᠲᠠ ᠤᠷᠤᠯᠠᠭᠤᠯᠵᠦ ᠪᠤᠯᠤᠰᠢ ᠦᠬᠡᠢ ᠴᠢᠬᠤᠯᠠ ᠦᠢᠯᠡᠳᠦᠯ ᠢᠶᠡᠨ ᠪᠠᠳᠠᠷᠠᠭᠤᠯᠵᠦ᠂ ᠲᠡᠥᠭᠡᠳᠤ ᠴᠢᠨᠠᠷᠲᠠᠢ ᠬᠤᠪᠢ ᠨᠡᠮᠡᠷᠢ ᠦᠵᠡᠬᠦᠯᠪᠠ᠃ ᠤᠨᠴᠠᠭᠠᠢᠢᠯᠠᠨ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠋᠎ᠠ ᠤᠳᠤᠷᠢᠳᠤᠯᠭ᠎ᠠ ᠳᠤᠤᠷ᠎ᠠ᠂ ᠨᠢᠭᠡᠲᠦᠮᠡᠯ ᠹᠷᠦᠨᠲ ᠤᠨ ᠦᠢᠯᠡᠰ ᠪᠦᠬᠦ ᠲᠠᠯ᠎ᠠ ᠪᠡᠷ ᠳᠡᠭᠡᠭ᠍ᠰᠢᠯᠡᠨ ᠰᠢᠨ᠎ᠠ ᠲᠡᠭᠳᠡᠷ ᠲᠤ ᠭᠠᠷᠴᠤ᠂ ᠪᠦᠯᠬᠦᠮᠳᠡᠭᠰᠡᠨ᠂ ᠡᠷᠡᠯᠭᠡᠭ᠍ᠯᠡᠨ ᠲᠡᠮᠡᠴᠡᠭᠰᠡᠨ᠂ ᠠᠮᠢᠵᠢᠷᠠᠯ ᠤᠨ ᠬᠦᠴᠤᠨ ᠢᠶᠡᠷ ᠪᠢᠯᠬᠠᠮ᠎ᠠ ᠰᠠᠢᠢᠨ ᠰᠠᠢᠢᠬᠠᠨ ᠪᠠᠢᠢᠳᠠᠯ ᠢᠯᠡᠷᠡᠭᠰᠡᠨ ᠪᠠᠢᠢᠨ᠎ᠠ ᠭᠡᠪᠠ᠃ ᠸᠠᠩ ᠯᠢ ᠰᠢᠶᠠ ᠂ ᠦᠪᠦᠷ ᠮᠤᠩᠭ᠋ᠤᠯ ᠤᠨ ᠨᠢᠭᠡᠲᠦᠮᠡᠯ ᠹᠷᠦᠨᠲ ᠤᠨ ᠬᠢᠨ ᠰᠢ ᠵᠢᠨ ᠫᠢᠩ ᠨᠦᠬᠦᠷ ᠢᠶᠡᠷ ᠭᠤᠤᠯ ᠪᠤᠯᠭᠠᠬᠰᠠᠨ ᠳᠤᠮᠳᠠᠳᠦ ᠤᠯᠤᠰ ᠤᠨ ᠡᠪ ᠬᠠᠮᠳᠦ ᠨᠠᠮ ᠤᠨ ᠲᠦᠪ ᠬᠤᠷᠢᠶ᠎᠎ᠠ ᠶᠢᠨ ᠲᠤᠭᠤᠷᠢᠨ ᠳᠤ ᠨᠡᠩ ᠨᠢᠬᠲᠠᠷᠠᠨ ᠪᠦᠯᠬᠦᠮᠳᠡᠵᠦ᠂《ᠲᠦᠷᠪᠡᠨ ᠤᠬᠠᠮᠰᠠᠷ》 ᠢ᠋ᠶ᠋ᠡᠨ ᠲᠠᠰᠤᠷᠠᠯᠳᠠ ᠦᠬᠡᠢ ᠲᠡᠭᠡᠭ᠍ᠰᠢᠯᠡᠬᠦᠯᠤᠨ᠂《ᠲᠦᠷᠪᠡᠨ ᠢᠲᠡᠭᠡᠯ》 ᠢ᠋ᠶ᠋ᠡᠨ ᠪᠠᠲᠤᠳᠬᠠᠵᠦ᠂ ᠳᠤᠮᠳᠠᠳᠦ ᠤᠯᠤᠰ ᠤᠨ ᠡᠪ ᠬᠠᠮᠲᠦ ᠨᠠᠮ ᠤᠨ ᠨᠢᠭᠡᠲᠦᠯᠲᠡᠢ ᠤᠳᠤᠷᠢᠳᠤᠯᠭ᠎ᠠ ᠶᠢ ᠢᠮᠠᠬᠳᠠ ᠭᠤᠢᠢᠪᠢᠰᠢ ᠦᠭᠡᠢ ᠪᠠᠷᠢᠮᠲᠠᠯᠠᠵᠦ᠂ ᠭᠤᠤᠯ ᠠᠵᠢᠯ ᠤᠨ ᠲᠤᠭᠤᠷᠢᠨ ᠳᠤ ᠶᠡᠬᠡ ᠲᠠᠯ᠎ᠠ ᠳᠤ ᠦᠢᠯᠡᠴᠢᠯᠡᠨ᠂ ᠲᠤᠰ ᠪᠡᠶ᠎ᠠ ᠶᠢᠨ ᠪᠠᠢᠢᠭᠤᠯᠤᠯᠲᠠ ᠪᠠᠨ ᠢᠮᠠᠬᠳᠠ ᠭᠤᠢᠢᠪᠢᠰᠢ ᠦᠭᠡᠢ ᠴᠢᠩᠭ᠋ᠠᠳᠬᠠᠵᠦ᠂ ᠤᠷᠤᠨ ᠳᠠᠶᠠᠭᠠᠷ ᠤᠨ ᠨᠢᠭᠡᠲᠦᠮᠡᠯ ᠹᠷᠦᠨᠲ ᠤᠨ ᠦᠢᠯᠡᠰ ᠤᠨ ᠰᠢᠨ᠎ᠠ ᠪᠠᠢᠢᠳᠠᠯ ᠢ ᠴᠢᠷᠮᠠᠢᠢᠨ ᠡᠬᠦᠳᠴᠤ᠂ ᠡᠬᠡ ᠤᠯᠤᠰ ᠤᠨ ᠤᠮᠠᠷᠠᠲᠦ ᠶᠢᠨ ᠦᠵᠡᠰᠬᠦᠯᠡᠩᠲᠦ ᠰᠠᠢᠢᠬᠠᠨ ᠦᠵᠡᠮᠵᠢ ᠶᠢᠨ ᠤᠷᠤᠨ ᠢ ᠴᠤᠬᠴᠠᠯᠠᠬᠤ ᠳᠤ ᠨᠡᠩ ᠶᠡᠬᠡ ᠬᠤᠪᠢ ᠨᠡᠮᠡᠷᠢ ᠦᠵᠡᠬᠦᠯᠬᠦ ᠬᠡᠷᠡᠭᠲᠡᠢ ᠭᠡᠵᠤ ᠴᠢᠬᠤᠯᠠᠴᠢᠯᠠᠪᠠ᠃

    ᠪᠡᠯᠭᠡᠯᠡᠬᠦ ᠶᠡᠬᠡ ᠬᠤᠷᠠᠯ ᠳᠡᠭᠡᠷ᠎ᠠ᠂ ᠨᠠᠮ ᠤᠨ ᠭᠠᠳᠠᠨᠠᠬᠢ 4 ᠲᠦᠯᠦᠭᠡᠯᠡᠭᠴᠢ ᠬᠦᠮᠤᠰ ᠡᠴᠡ ᠰᠠᠨᠠᠯ ᠪᠤᠳᠤᠯ ᠢᠶᠡᠨ ᠶᠠᠷᠢᠪᠠ᠃ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠢᠭᠡᠲᠦᠮᠡᠯ ᠹᠷᠦᠨᠲ ᠤᠨ ᠡᠯ᠎ᠠ ᠡᠲᠡᠭᠡᠳ ᠤᠨ 300 ᠭᠠᠷᠤᠢ ᠬᠦᠮᠦᠨ ᠬᠤᠷᠠᠯ ᠳᠤ ᠤᠷᠤᠯᠴᠠᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121281018