蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠧᠩ᠄ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦ ᠶᠢ ᠲᠦᠷᠭᠡᠳᠭᠡᠵᠤ ᠬᠤᠰᠢᠭᠤ ᠰᠢᠶᠠᠨ ᠤ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠨᠡᠭᠡᠭᠡᠨ ᠡᠭᠦᠳᠬᠦ ᠬᠡᠷᠡᠭᠳᠡᠢ

2017-07-12 14:57

    7 ᠰᠠᠷ᠎ᠠ ᠶᠢᠨ 7 ᠠᠴᠠ 11 ᠤ ᠡᠳᠦᠷ ᠪᠤᠯᠳᠠᠯ᠎ᠠ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠦᠯᠦᠨ ᠪᠤᠶᠢᠷ ᠬᠤᠳᠠ ᠳᠤ ᠪᠠᠶᠢᠴᠠᠭᠠᠨ ᠰᠤᠳᠤᠯᠤᠯᠳᠠ ᠬᠢᠭᠦ ᠳᠡᠭᠡᠨ᠂ ᠦᠨᠳᠦᠷ ᠲᠤ ᠵᠤᠬᠰᠤᠨ ᠠᠯᠤᠰ ᠢ ᠪᠠᠷᠠᠯᠠᠵᠤ᠂ ᠲᠠᠪᠠᠭᠤᠯᠢᠭ ᠢᠶᠠᠨ ᠪᠠᠳᠠᠷᠠᠭᠤᠯᠤᠨ ᠲᠤᠳᠠᠭᠤᠳᠠᠯ ᠢᠶᠠᠨ ᠨᠦᠬᠦᠪᠦᠷᠢᠯᠡᠵᠤ᠂ ᠬᠤᠰᠢᠭᠤ ᠰᠢᠶᠠᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠵᠦ᠂ ᠬᠤᠵᠢᠭᠤᠳᠠᠵᠦ ᠪᠠᠶᠢᠭᠰᠠᠨ ᠠᠴᠠ ᠲᠠᠪᠠᠨ ᠭᠠᠷᠬᠤ ᠪᠠᠷ ᠴᠢᠷᠮᠠᠶᠢᠬᠤ ᠶᠠᠪᠤᠳᠠᠯ ᠢ ᠠᠬᠢᠭᠤᠯᠵᠣ᠂ ᠤᠳᠤᠬᠢᠴᠢᠯᠠᠬᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ᠂ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠬᠴᠠᠯᠠᠬᠤ ᠳᠤ ᠰᠠᠭᠤᠷᠢ ᠲᠠᠯᠪᠢᠨ ᠦᠭᠴᠦ ᠬᠦᠴᠦ ᠬᠤᠷᠠᠮᠳᠤᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃

    ᠶᠠᠬᠰᠢ ᠬᠤᠳᠠ ᠶᠢᠨ ᠲᠦᠮᠦᠰᠦᠨ ᠤ ᠠᠵᠤ ᠦᠢᠯᠡᠰ ᠤᠨ ᠬᠦᠷᠢᠶᠡᠯᠡᠩ᠂ ᠡᠸᠡᠩᠬᠢ ᠬᠤᠰᠢᠭᠤᠨ ᠤ ᠦᠨᠳᠦᠰᠦᠳᠡᠨ ᠤ ᠰᠤᠶᠤᠯ ᠤᠨ ᠠᠵᠤ ᠦᠢᠯᠡᠰ ᠤᠨ ᠦᠢᠯᠡᠰ ᠪᠤᠰᠬᠠᠬᠤ ᠬᠦᠷᠢᠶᠡᠯᠡᠩ᠂ ᠠᠷᠤᠨ ᠬᠤᠰᠢᠭᠤᠨ ᠤ ᠬᠢᠩᠭ᠋ᠠᠨ ᠲᠠᠪᠠᠭ᠎ᠠ ᠶᠢᠨ ᠵᠡᠭᠦᠨᠳᠡᠬᠢ ᠲᠠᠷᠢᠶᠠᠯᠠᠩ ᠤᠨ ᠪᠦᠳᠦᠭᠡᠭ᠍ᠳᠡᠭᠦᠨ ᠤ ᠪᠤᠳᠠᠰ ᠤᠨ ᠬᠦᠢᠯᠭᠡᠭᠡ ᠶᠢᠨ ᠬᠦᠷᠢᠶᠡᠯᠡᠩ ᠲᠤᠭᠤᠷᠢᠭ᠂ ᠬᠦᠯᠦᠨ ᠪᠤᠶᠢᠷ ᠤᠨ ᠬᠢᠩᠭ᠋ᠠᠨ ᠲᠠᠪᠠᠭ᠎ᠠ ᠶᠢᠨ ᠵᠡᠭᠦᠨᠳᠡᠬᠢ ᠠᠵᠤ ᠦᠢᠯᠡᠳᠪᠦᠷᠢ ᠶᠢᠨ ᠨᠡᠭᠡᠭᠡᠯᠳᠡ ᠶᠢᠨ ᠣᠷᠣᠨ᠂ ᠮᠧᠩ ᠳ᠋ᠦᠩ ᠮᠢᠬᠠᠨ ᠤ ᠦᠭᠡᠷ ᠲᠡᠵᠢᠭᠡᠭᠦ ᠲᠠᠯᠠᠪᠠᠢ ᠵᠡᠷᠭᠡ ᠬᠦᠷᠢᠶᠡᠯᠡᠩ ᠲᠤᠭᠤᠷᠢᠭ ᠰᠠᠭᠤᠷᠢᠨ ᠪᠠ ᠮᠧᠩ ᠲᠢᠶᠠᠨ ᠶᠤᠸᠠᠨ᠂ ᠹᠦ᠋ ᠹᠧᠩ᠂ ᠰᠦᠩ ᠯᠦ ᠵᠡᠷᠭᠡ ᠠᠵᠤ ᠠᠬᠤᠢᠢᠯᠠᠯ ᠢᠶᠠᠷ ᠰᠢᠨᠵᠢᠯᠡᠨ ᠪᠠᠶᠢᠴᠠᠭᠠᠬᠤ ᠳᠠᠭᠠᠨ᠂ ᠯᠢ ᠵᠢᠢ ᠾᠧᠩ᠂ ᠬᠤᠰᠢᠭᠤ ᠰᠢᠶᠠᠨ ᠤ ᠠᠵᠤ ᠠᠬᠤᠢ ᠪᠤᠯ ᠤᠨᠴᠠᠯᠢᠬᠳᠦ ᠠᠵᠤ ᠠᠬᠤᠢ ᠪᠤᠯᠤᠨ᠎ᠠ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ ᠲᠠᠢ ᠤᠶᠠᠯᠳᠤᠭᠤᠯᠵᠤ᠂ ᠬᠠᠮᠤᠭ ᠤᠨ ᠬᠠᠷᠢᠴᠠᠩᠭᠤᠢ ᠲᠠᠪᠠᠭᠤᠯᠢᠭ ᠪᠠ ᠬᠦᠭ᠍ᠵᠢᠯᠳᠡ ᠶᠢᠨ ᠨᠦᠬᠡᠴᠡ ᠬᠦᠴᠦᠨ ᠲᠠᠢ ᠠᠵᠣ ᠦᠢᠯᠡᠰ ᠢ ᠰᠤᠩᠭ᠋ᠤᠨ ᠭᠤᠤᠯ ᠰᠢᠪᠳᠤᠯᠣᠯᠳᠠ ᠶᠢᠨ ᠴᠢᠭᠯᠡᠯ ᠪᠤᠯᠭᠠᠵᠤ᠂ ᠲᠠᠷᠢᠶᠠᠯᠠᠬᠤ ᠳᠤ ᠲᠤᠬᠢᠷᠠᠮᠵᠢᠳᠠᠢ ᠪᠣᠯ ᠲᠠᠷᠢᠶᠠᠯᠠᠵᠤ᠂ ᠮᠠᠯᠵᠢᠬᠤ ᠳᠤ ᠲᠤᠬᠢᠷᠠᠮᠵᠢᠳᠠᠢ ᠪᠣᠯ ᠮᠠᠯᠵᠢᠵᠤ᠂ ᠠᠵᠤ ᠦᠢᠯᠡᠳᠪᠦᠷᠢ ᠳᠤ ᠲᠤᠬᠢᠷᠠᠮᠵᠢᠳᠡᠢ ᠪᠣᠯ ᠠᠵᠤ ᠦᠢᠯᠡᠳᠪᠦᠷᠢ ᠶᠢ ᠬᠦᠭ᠍ᠵᠢᠭᠦᠯᠵᠦ᠂ ᠠᠷᠠᠯᠵᠢᠶ᠎ᠠ ᠬᠤᠳᠠᠯᠳᠤᠭ᠎ᠠ ᠳᠤ ᠲᠤᠬᠢᠷᠠᠮᠵᠢᠳᠡᠢ ᠪᠣᠯ ᠠᠷᠠᠯᠵᠢᠶ᠎ᠠ ᠬᠤᠳᠠᠯᠳᠤᠭ᠎ᠠ ᠡᠷᠬᠢᠯᠡᠵᠦ᠂ ᠵᠤᠭᠠᠴᠠᠯ ᠳᠤ ᠲᠤᠬᠢᠷᠠᠮᠵᠢᠳᠡᠢ ᠪᠣᠯ ᠵᠤᠭᠠᠴᠠᠯ ᠤᠨ ᠦᠢᠯᠡᠰ ᠢ ᠬᠦᠭ᠍ᠵᠢᠭᠦᠯᠵᠦ᠂ ᠦᠪᠡᠷ ᠤᠨ ᠪᠤᠳᠠᠳᠤ ᠪᠠᠶᠢᠳᠠᠯ ᠳᠠᠭᠠᠨ ᠨᠡᠶᠢᠴᠡᠭᠰᠡᠨ ᠬᠡᠯᠪᠡᠷᠢ ᠪᠠᠨ ᠬᠤᠪᠢᠷᠠᠭᠤᠯᠤᠨ ᠬᠦᠭ᠍ᠵᠢᠭᠦ ᠵᠠᠮ ᠢᠶᠠᠷ ᠵᠠᠮᠨᠠᠬᠤ ᠬᠡᠷᠡᠭᠳᠡᠢ ᠬᠡᠵᠤ ᠵᠢᠭᠠᠵᠤ ᠭᠠᠷᠭᠠᠪᠠ᠃

    ᠨᠢᠷᠬᠢ ᠤᠰᠤᠨ ᠴᠦᠭᠦᠷᠦᠮ᠂ ᠲᠤᠮᠳᠠᠳᠤ ᠤᠯᠤᠰ ᠤᠨ ᠲᠠᠭᠤᠷ ᠦᠨᠳᠦᠰᠦᠳᠡᠨ ᠤ ᠬᠦᠷᠢᠶᠡᠯᠡᠩ᠂ ᠠᠷᠤᠨ ᠬᠤᠰᠢᠭᠤᠨ ᠤ ᠰᠢᠨ ᠹᠠ ᠰᠤᠯᠤᠩᠭ᠋ᠤᠰ ᠦᠨᠳᠦᠰᠦᠳᠡᠨ ᠤ ᠰᠢᠶᠠᠩ ᠤᠨ ᠳ᠋ᠦᠩ ᠭᠤᠸᠠᠩ ᠲᠤᠰᠬᠤᠨ᠂ ᠲᠤᠮᠳᠠᠳᠤ ᠲᠤᠷᠤᠨᠠᠳᠦ ᠶᠢᠨ ᠲᠡᠮᠦᠷ ᠵᠠᠮ ᠤᠨ ᠮᠦᠽᠸᠢ ᠳᠤ᠂ ᠯᠢ ᠵᠢᠢ ᠾᠧᠩ ᠲᠤᠬᠠᠢ ᠶᠢᠨ ᠭᠠᠵᠠᠷ ᠤᠨ ᠵᠤᠭᠠᠴᠠᠯ ᠤᠨ ᠦᠢᠯᠡᠰ ᠤᠨ ᠬᠦᠭ᠍ᠵᠢᠯᠳᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃ ᠳᠡᠷᠡ᠂ ᠠᠮᠢ ᠠᠬᠤᠢ ᠶᠢᠨ ᠵᠤᠭᠠᠴᠠᠯ᠂ ᠬᠤᠪᠢᠰᠬᠠᠯ ᠤᠨ ᠵᠤᠭᠠᠴᠠᠯ᠂ ᠦᠨᠳᠦᠰᠦᠳᠡᠨ ᠤ ᠰᠤᠶᠦᠯ ᠤᠨ ᠵᠤᠭᠠᠴᠠᠯ᠂ ᠪᠡᠶ᠎ᠠ ᠴᠢᠬᠢᠷᠠᠬᠵᠢᠭᠤᠯᠬᠤ ᠰᠡᠯᠡᠭᠦᠴᠡᠯ ᠵᠤᠭᠠᠴᠠᠯ᠂ ᠬᠠᠷᠢ ᠭᠦᠷᠦᠨ ᠤ ᠵᠠᠩ ᠦᠢᠯᠡ ᠶᠢ ᠪᠡᠶᠡᠴᠢᠯᠡᠨ ᠤᠢᠢᠯᠠᠭᠠᠬᠤ ᠵᠤᠭᠠᠴᠠᠯ ᠵᠡᠷᠭᠡ ᠶᠢ ᠰᠠᠶᠢᠳᠤᠷ ᠪᠦᠭᠡᠳ ᠬᠦᠢᠴᠡᠳ ᠬᠦᠭ᠍ᠵᠢᠭᠦᠯᠵᠦ᠂ ᠬᠦᠯᠦᠨ ᠪᠤᠶᠢᠷ ᠤᠨ ᠵᠤᠭᠠᠴᠠᠯ ᠢ ᠵᠢᠯ ᠤᠨ ᠲᠦᠷᠪᠡᠨ ᠤᠯᠠᠷᠢᠯ ᠳᠤ ᠴᠦᠮ ᠬᠦᠭ᠍ᠵᠢᠶᠡᠨ ᠲᠠᠢ ᠪᠤᠯᠭᠠᠬᠤ ᠬᠡᠷᠡᠭᠳᠡᠢ ᠬᠡᠵᠤ ᠱᠠᠭᠠᠷᠳᠠᠵᠠᠢ᠃

    ᠯᠢ ᠵᠢᠢ ᠾᠧᠩ᠂ ᠦᠪᠦᠷ ᠮᠤᠩᠭ᠋ᠤᠯ ᠤᠨ ᠶᠡᠭᠡ ᠬᠢᠩᠭ᠋ᠠᠨ ᠲᠠᠪᠠᠭ᠎ᠠ ᠶᠢᠨ ᠭᠤᠤᠯᠳᠠᠯᠭ᠎ᠠ ᠲᠠᠢ ᠤᠯᠤᠰ ᠤᠨ ᠦᠮᠴᠢᠯᠡᠯ ᠤᠨ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶ᠎ᠠ ᠳᠤ ᠬᠦᠷᠴᠤ᠂ ᠤᠢ ᠰᠢᠭᠤᠢ ᠶᠢᠨ ᠡᠬᠢ ᠪᠠᠶᠠᠯᠢᠭ ᠤᠨ ᠳ᠋ᠠᠶᠢᠲ᠋ᠠ ᠬᠠᠮᠢᠶᠠᠷᠤᠯᠳᠠ ᠶᠢᠨ ᠰᠢᠰᠲ᠋ᠧᠮ ᠤᠨ ᠦᠵᠡᠭᠦᠯᠦᠯᠭᠡ ᠶᠢ ᠲᠤᠬᠠᠢ ᠶᠢᠨ ᠭᠠᠵᠠᠷ ᠲᠤᠨᠢ ᠰᠤᠨᠢᠷᠬᠠᠵᠤ᠂ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶ᠎ᠠ ᠶᠢᠨ ᠦᠭᠡᠷᠡᠴᠢᠯᠡᠯᠳᠡ ᠬᠦᠭ᠍ᠵᠢᠯᠳᠡ ᠵᠢᠴᠢ ᠰᠢᠭᠤᠢᠢᠳᠦ ᠤᠷᠤᠨ ᠤ ᠮᠡᠳᠡᠭᠡ ᠵᠠᠩᠬᠢᠵᠢᠯᠳᠡ ᠶᠢᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ ᠤᠢᠢᠯᠠᠭᠠᠪᠠ᠃ ᠲᠡᠷᠡ᠂ ᠶᠡᠭᠡ ᠬᠢᠩᠭ᠋ᠠᠨ ᠲᠠᠪᠠᠭ᠎ᠠ ᠪᠤᠯ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠣᠨ᠎ᠠ᠂ ᠪᠤᠬᠢᠷᠳᠦᠯ ᠦᠭᠡᠢ ᠬᠦᠭ᠍ᠵᠢᠯᠳᠡ ᠶᠢᠨ ᠤᠢᠢᠯᠠᠭᠠᠬᠳᠠᠬᠤᠨ ᠢ ᠪᠠᠳᠤ ᠪᠠᠬᠢ ᠪᠤᠢ ᠪᠤᠯᠭᠠᠵᠤ᠂ ᠡᠨᠡ ᠬᠡᠰᠡᠭ ᠤᠢ ᠰᠢᠭᠤᠢ ᠶᠢ ᠡᠷᠡᠰ ᠰᠠᠶᠢᠳᠤᠷ ᠬᠠᠮᠢᠶᠠᠷᠤᠨ ᠬᠠᠮᠠᠭᠠᠯᠠᠵᠤ᠂ ᠬᠤᠶᠢᠴᠢ ᠦᠶ᠎ᠠ ᠳᠡᠭᠡᠨ ᠦᠷᠭᠦᠯᠵᠢᠯᠡᠨ ᠬᠦᠭ᠍ᠵᠢᠭᠰᠡᠨ 《 ᠨᠤᠭᠤᠭᠠᠨ ᠪᠠᠩᠬᠢ》 ᠦᠯᠡᠳᠡᠭᠡᠨ ᠦᠭ᠍ᠬᠦ ᠬᠡᠷᠡᠭᠳᠡᠢ ᠬᠡᠪᠡ᠃ ᠵᠠᠯᠠᠨ ᠠᠶᠢᠯ ᠬᠤᠳᠠ ᠶᠢᠨ ᠲᠠᠭᠤᠷ ᠦᠨᠳᠦᠰᠦᠳᠡᠨ ᠤ ᠰᠢᠶᠠᠩ ᠤᠨ ᠨᠤᠶᠠᠨ ᠲᠤᠪᠤ ᠲᠤᠰᠬᠤᠨ ᠳᠤ᠂ ᠯᠢ ᠵᠢᠢ ᠾᠧᠩ ᠲᠤᠰᠬᠤᠨ ᠤ ᠠᠷᠠᠳ ᠪᠠ ᠲᠤᠰᠬᠤᠨ ᠳᠤ ᠰᠠᠭᠤᠭ᠎ᠠ ᠺᠠᠳ᠋ᠷ ᠲᠠᠢ ᠲᠤᠳᠤᠨᠤ ᠪᠠᠷ ᠶᠠᠷᠢᠯᠴᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠠᠬᠢᠴᠠ ᠶᠢ ᠨᠠᠷᠢᠨ ᠤᠢᠢᠯᠠᠭᠠᠵᠠᠢ᠃ ᠲᠡᠷᠡ ᠲᠤᠬᠠᠢ ᠶᠢᠨ ᠭᠠᠵᠠᠷ ᠤᠨ ᠺᠠᠳ᠋ᠷᠴᠤᠳ ᠢ ᠪᠤᠭᠤᠮᠳᠠ ᠰᠢᠪᠳᠤᠯᠬᠤ ᠬᠠᠷᠢᠭᠤᠴᠠᠯᠭ᠎ᠠ ᠪᠠ ᠤᠨᠢᠨ ᠲᠡᠭᠡᠷ᠎ᠡ ᠨᠢ ᠶᠠᠳᠠᠭᠤ ᠶᠢ ᠲᠡᠳᠭᠦᠭᠦ ᠱᠠᠭᠠᠷᠳᠠᠯᠭ᠎ᠠ ᠶᠢ ᠬᠢᠨᠠᠮᠠᠭᠠᠢ ᠨᠡᠶᠢᠳᠡᠪᠦᠷᠢᠵᠢᠭᠤᠯᠵᠤ᠂ ᠤᠨᠴᠠᠭᠠᠢᠢᠯᠠᠨ᠂ ᠲᠦᠢᠯ ᠤᠨ ᠶᠠᠳᠠᠭᠤ ᠬᠦᠴᠢᠷᠳᠡᠯ ᠲᠠᠢ ᠭᠠᠵᠠᠷ ᠤᠷᠤᠨ ᠪᠠ ᠤᠯᠠᠨ ᠲᠦᠮᠡᠨ ᠳᠤ ᠬᠡᠪ ᠠᠴᠠ ᠲᠠᠪᠠᠭᠰᠠᠨ ᠠᠷᠭ᠎ᠠ ᠬᠡᠮᠵᠢᠶ᠎ᠠ ᠠᠪᠴᠤ᠂ 《ᠬᠤᠸᠠᠷ ᠬᠠᠳᠬᠤᠵᠦ ᠤᠷᠠᠯᠠᠬᠤ》 ᠰᠢᠬ ᠴᠢᠷᠮᠠᠶᠢᠯᠭ᠎ᠠ ᠭᠠᠷᠭᠠᠵᠣ᠂ ᠲᠤᠬᠳᠠᠭᠰᠠᠨ ᠬᠤᠭᠤᠴᠠᠭᠠᠨ ᠳᠤ ᠶᠠᠳᠠᠭᠤ ᠬᠤᠰᠢᠭᠤ ᠰᠢᠶᠠᠨ ᠤ ᠮᠠᠯᠠᠭᠠᠢ ᠶᠢ ᠲᠠᠶᠠᠭᠳᠠᠭᠤᠯᠵᠣ᠂ ᠤᠯᠠᠠ ᠲᠦᠮᠡᠨ ᠢ ᠶᠠᠳᠠᠭᠤ ᠠᠴᠠ ᠠᠩᠬᠢᠵᠢᠷᠠᠭᠤᠯᠬᠤ ᠬᠠᠷᠠᠯᠳᠠ ᠶᠢ ᠪᠡᠶᠡᠯᠡᠭᠦᠯᠭᠦ ᠬᠡᠷᠡᠭᠳᠡᠢ ᠬᠡᠵᠤ ᠵᠠᠬᠢᠪᠠ᠃

    ᠬᠦᠯᠦᠨ ᠪᠤᠶᠢᠷ ᠤᠨ ᠭᠠᠩ ᠬᠠᠭᠰᠠᠷᠠᠭᠠᠨ ᠤ ᠪᠠᠶᠢᠳᠠᠯ ᠬᠢᠷᠢ ᠵᠡᠷᠭᠡ ᠪᠠᠶᠢᠭ᠎ᠠ ᠪᠤᠯ ? ᠯᠢ ᠵᠢᠢ ᠾᠧᠩ ᠡᠨᠡ ᠠᠰᠠᠭᠤᠳᠠᠯ ᠳᠤ ᠲᠦᠢᠯ ᠢᠶᠠᠷ ᠰᠠᠨᠠᠭᠠᠰᠢᠷᠠᠨ᠎ᠠ᠃ ᠲᠡᠷᠡ ᠡᠸᠡᠩᠬᠢ ᠬᠤᠰᠢᠭᠤᠨ ᠤ ᠪᠠᠶᠠᠨᠳᠤᠬᠤᠢ ᠪᠠᠯᠭᠠᠰᠦ ᠶᠢᠨ ᠪᠠᠶᠠᠨᠳᠤᠬᠤᠢ ᠭᠠᠴᠠᠭ᠎ᠠ ᠳᠤ ᠬᠦᠷᠴᠦ᠂ ᠭᠠᠮᠰᠢᠭ ᠤᠨ ᠪᠠᠶᠢᠳᠠᠯ ᠢ ᠪᠠᠶᠢᠴᠠᠭᠠᠨ ᠦᠵᠡᠵᠤ᠂ ᠺᠠᠳ᠋ᠷ ᠤᠯᠠᠨ ᠲᠦᠮᠡᠨ ᠲᠠᠢ ᠭᠠᠩ ᠬᠠᠭᠰᠠᠷᠠᠭᠠᠨ ᠲᠠᠢ ᠲᠡᠮᠡᠴᠡᠭᠦ ᠠᠷᠭ᠎ᠠ ᠪᠤᠳᠤᠯᠭ᠎ᠠ ᠶᠢ ᠬᠠᠮᠳᠤᠪᠡᠷ ᠵᠦᠪᠯᠡᠪᠡ᠃ ᠲᠡᠷᠡ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠮᠠᠨ ᠤ ᠤᠷᠤᠨ ᠤ ᠭᠠᠩ ᠬᠠᠭᠰᠠᠷᠠᠭᠠᠨ ᠤ ᠪᠠᠶᠢᠳᠠᠯ ᠢ ᠲᠡᠭᠡᠳᠦ ᠬᠡᠮᠵᠢᠶ᠎ᠠ ᠪᠠᠷ ᠠᠩᠬᠠᠷᠴᠤ᠂ ᠭᠠᠮᠰᠢᠬᠳᠠᠬᠰᠠᠨ ᠤᠯᠠᠨ ᠲᠦᠮᠡᠨ ᠢ ᠲᠦᠢᠯ ᠢᠶᠠᠷ ᠬᠠᠯᠠᠮᠵᠢᠯᠠᠵᠤ ᠪᠤᠢ᠂ ᠤᠢᠢᠷ᠎ᠠ ᠶᠢᠨ ᠬᠤᠭᠤᠴᠠᠭᠠᠨ ᠳᠤ ᠭᠠᠩ ᠤᠨ ᠪᠠᠶᠢᠳᠠᠯ ᠬᠡᠳᠦ᠋ᠢᠪᠡᠷ ᠪᠠᠬᠠᠨ ᠨᠠᠮᠳᠠᠬᠰᠠᠨ ᠪᠤᠯᠪᠠᠴᠤ ᠪᠦᠷᠢᠮᠦᠰᠦᠨ ᠰᠢᠢᠳᠪᠦᠷᠢᠯᠡᠭᠳᠡᠭᠡᠳᠦᠢ᠂ ᠭᠠᠩ ᠬᠠᠭᠰᠠᠷᠠᠭᠠᠨ ᠲᠠᠢ ᠲᠡᠮᠡᠴᠡᠵᠤ ᠭᠠᠮᠰᠢᠭ ᠤᠨ ᠬᠤᠬᠢᠷᠠᠯ ᠢ ᠪᠠᠭᠠᠰᠬᠠᠬᠤ ᠠᠵᠢᠯ ᠢ ᠦᠷᠭᠦᠯᠵᠢᠯᠡᠨ ᠲᠤᠮᠤ ᠶᠠᠪᠤᠳᠠᠯ ᠴᠢᠬᠤᠯᠠ ᠶᠠᠪᠤᠳᠠᠯ ᠪᠤᠯᠭᠠᠨ ᠠᠳᠬᠤᠵᠦ᠂ ᠪᠡᠯᠡ ᠤᠷᠤᠭᠤᠯᠬᠤ ᠡᠷᠴᠢᠮ ᠢᠶᠠᠨ ᠴᠢᠩᠭ᠋ᠠᠷᠠᠭᠤᠯᠵᠣ᠂ ᠠᠵᠢᠯ ᠤᠨ ᠠᠷᠭ᠎ᠠ ᠬᠡᠮᠵᠢᠶ᠎ᠠ ᠪᠠᠨ ᠴᠢᠩᠭ᠋ᠠᠷᠠᠭᠤᠯᠤᠨ᠂ ᠠᠷᠭ᠎ᠠ ᠪᠦᠬᠦᠨ ᠢ ᠰᠦᠪᠡᠭ᠍ᠴᠢᠯᠡᠵᠤ ᠪᠠᠶᠢᠭᠠᠳ ᠭᠠᠮᠰᠢᠭ ᠤᠨ ᠬᠤᠬᠢᠷᠠᠯ ᠢ ᠬᠠᠮᠤᠭ ᠤᠨ ᠲᠤᠤᠷ᠎ᠠ ᠬᠡᠮᠵᠢᠶ᠎ᠠ ᠳᠤ ᠪᠠᠶᠢᠯᠭᠠᠵᠤ᠂ ᠭᠠᠮᠰᠢᠬᠳᠠᠬᠰᠠᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠰᠠᠶᠢᠳᠤᠷ ᠪᠠᠳᠤᠯᠠᠬᠤ ᠬᠡᠷᠡᠭᠳᠡᠢ ᠬᠡᠵᠡᠢ᠃

    ᠪᠠᠶᠢᠴᠠᠭᠠᠨ ᠰᠤᠳᠤᠯᠤᠯᠳᠠ ᠬᠢᠭ᠍ᠰᠡᠨ ᠬᠤᠭᠤᠴᠠᠭᠠᠨ ᠳᠠᠭᠠᠨ᠂ ᠯᠢ ᠵᠢᠢ ᠾᠧᠩ ᠬᠦᠯᠦᠨ ᠪᠤᠶᠢᠷ ᠬᠤᠳᠠ ᠶᠢᠨ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠪᠠ᠃ ᠲᠡᠷᠡ᠂ ᠤᠨᠴᠠᠯᠢᠬᠳᠦ ᠲᠠᠪᠠᠭᠤᠯᠢᠬᠳᠦ ᠠᠵᠤ ᠦᠢᠯᠡᠰ ᠢ ᠬᠦᠴᠦᠯᠡᠨ ᠬᠦᠭ᠍ᠵᠢᠭᠦᠯᠵᠤ᠂ ᠬᠤᠳᠠ ᠬᠦᠳᠡᠭᠡ ᠶᠢ ᠨᠢᠭᠡᠳᠦᠯᠳᠡᠢ ᠲᠦᠯᠦᠪᠵᠢᠭᠦᠯᠦᠨ ᠬᠦᠭ᠍ᠵᠢᠭᠦᠯᠭᠦ ᠶᠢ ᠠᠬᠢᠭᠤᠯᠵᠤ᠂ ᠦᠭᠡᠷᠡᠴᠢᠯᠡᠯᠳᠡ ᠨᠡᠭᠡᠭᠡᠯᠳᠡ ᠶᠢ ᠬᠦᠨᠵᠡᠭᠡᠶᠢᠷᠡᠭᠦᠯᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠣᠯᠳᠠ ᠶᠢ ᠴᠢᠩᠭ᠋ᠠᠳᠬᠠᠵᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠵᠤ᠂ ᠨᠡᠶᠢᠭᠡᠮ ᠤᠨ ᠡᠶ᠎ᠡ ᠵᠤᠬᠢᠴᠠᠩᠭ᠋ᠤᠢ ᠲᠤᠬᠳᠠᠭᠤᠨ ᠢ ᠬᠠᠮᠠᠭᠠᠯᠠᠵᠤ᠂ ᠬᠤᠰᠢᠭᠤ ᠰᠢᠶᠠᠨ ᠤ ᠠᠵᠤ ᠠᠬᠤᠢ ᠶᠢᠨ ᠬᠦᠭ᠍ᠵᠢᠯᠳᠡ ᠶᠢᠨ ᠲᠦᠪᠰᠢᠨ ᠢ ᠲᠠᠰᠤᠷᠠᠯᠳᠠ ᠦᠭᠡᠢ ᠲᠡᠭᠡᠭ᠍ᠰᠢᠯᠡᠭᠦᠯᠭᠦ ᠬᠡᠷᠡᠭᠳᠡᠢ᠃ ᠲᠦᠪ ᠤᠨ ᠲᠤᠭᠤᠷᠢᠨ ᠪᠠᠶᠢᠴᠠᠭᠠᠵᠤ 《ᠡᠷᠬᠢᠨ ᠬᠠᠷᠠᠬᠤ》 ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠤᠬᠰᠠᠨ ᠦᠷ᠎ᠠ ᠪᠦᠳᠦᠮᠵᠢ ᠪᠠᠷ ᠢᠶᠠᠨ ᠤᠯᠤᠰ ᠲᠦᠷᠦ ᠶᠢᠨ ᠦᠨᠡᠨᠴᠢ ᠰᠢᠳᠤᠷᠭᠤ ᠪᠠᠨ ᠢᠯᠡᠷᠡᠭᠦᠯᠵᠦ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠵᠤ ᠴᠢᠬᠤᠯᠠᠴᠢᠯᠠᠵᠠᠢ᠃

    ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠸᠠᠩ ᠬᠤᠸᠠᠨ ᠴᠧᠩ ᠪᠠᠶᠢᠴᠠᠭᠠᠨ ᠰᠤᠳᠤᠯᠤᠯᠳᠠ ᠳᠤ ᠤᠷᠤᠯᠴᠠᠵᠠᠢ᠃ 

    ( ᠵᠢᠷᠤᠭ ᠢ ᠦᠪᠦᠷ ᠮᠤᠩᠭ᠋ᠤᠯ ᠤᠨ ᠡᠲᠦᠷ ᠤᠨ ᠰᠤᠨᠢᠨ ᠤ ᠰᠤᠷᠪᠤᠯᠵᠢᠯᠠᠭᠴᠢ ᠶᠤᠧᠠᠨ ᠶᠦᠩ ᠬᠤᠩ )

ᠢᠷᠡᠯᠳᠡ᠄ ᠦᠪᠦᠷ ᠮᠤᠩᠭᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121307104