蒙古文网站Logo
ᠰᠢᠨᠬᠤᠸᠠ ᠮᠤᠩᠭ᠋ᠤᠯ ᠨᠧᠲ

ᠪᠦ᠋ ᠰᠢᠶᠤᠤ ᠯᠢᠨ᠄ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭ᠋ᠤᠯ ᠳ᠋ᠤ ᠰᠢᠨᠵᠢᠯᠠᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭ᠍ᠵᠢᠭᠦ ᠶᠢ ᠠᠬᠢᠭᠤᠯᠬᠤ ᠬᠡᠷᠡᠭᠳᠡᠢ

2017-07-19 10:40

    7 ᠰᠠᠷ᠎ᠠ ᠶᠢᠨ 15  ᠡᠴᠡ 16  ᠤ᠋ ᠡᠳᠦᠷ ᠪᠤᠯᠳᠠᠯ᠎ᠠ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠯᠠᠭᠠᠨᠬᠠᠳᠠ ᠬᠤᠳᠠ ᠳᠤ ᠪᠠᠶᠢᠴᠠᠭᠠᠨ ᠰᠤᠳᠤᠯᠤᠯᠳᠠ ᠬᠢᠪᠡ᠃ ᠳᠡᠷᠡ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭ᠋ᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠲᠤᠳᠤᠭᠠᠳᠦ ᠶᠢᠨ ᠠᠮᠢᠵᠢᠷᠠᠯ ᠤᠨ ᠬᠦᠴᠦᠨ ᠢᠶᠠᠨ ᠴᠢᠨᠠᠭᠰᠢᠳᠠ ᠬᠦᠭᠵᠢᠭᠡᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠭᠦᠭ᠍ᠵᠢᠬᠦ ᠶᠢ ᠠᠬᠢᠭᠤᠯᠵᠤ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠵᠤ᠂ ᠦᠪᠡᠷᠳᠡᠭᠡᠨ ᠵᠠᠰᠬᠠᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠬᠡᠯᠡᠭᠦ ᠬᠡᠷᠡᠭᠳᠡᠢ ᠬᠡᠵᠤ ᠴᠢᠬᠤᠯᠠᠴᠢᠯᠠᠪᠠ᠃

    ᠪᠦ᠋ ᠰᠢᠶᠤᠤ ᠯᠢᠨ ᠤᠷᠢᠳ ᠬᠤᠵᠢᠳ ᠤᠯᠠᠭᠠᠨᠬᠠᠳᠠ ᠬᠤᠳᠠ ᠶᠢᠨ ᠬᠤᠩᠱᠠᠨ ᠲᠤᠭᠤᠷᠢᠭ ᠤᠨ ᠤᠶᠤᠨᠴᠢ ᠬᠤᠳᠠ ᠶᠢᠨ ᠶᠡᠷᠦᠩᠬᠡᠶᠢᠯᠡᠭᠰᠡᠨ ᠠᠵᠢᠯᠯᠠᠬᠤ ᠶᠢ ᠵᠢᠯᠤᠭᠤᠳᠬᠤ ᠲᠦᠪ᠂ ᠬᠤᠩᠱᠠᠨ ᠪᠤᠳᠠᠰ ᠤᠨ ᠬᠦᠢᠯᠭᠡᠭᠡ ᠶᠢᠨ ᠬᠦᠷᠢᠶᠡᠯᠡᠩ ᠲᠤᠭᠤᠷᠢᠭ ᠪᠠ ᠤᠯᠠᠭᠠᠨᠬᠠᠳᠠ ᠶᠢᠨ ᠭᠠᠶᠢᠯᠢ ᠪᠠᠳᠤᠯᠠᠬᠤ ᠪᠤᠳᠠᠰ ᠤᠨ ᠬᠦᠢᠯᠭᠡᠭᠡ ᠶᠢᠨ ᠲᠦᠪ ᠢᠶᠠᠷ ᠬᠦᠷᠴᠤ᠂ ᠤᠯᠠᠭᠠᠨᠬᠠᠳᠠ ᠬᠤᠳᠠ ᠶᠢᠨ ᠲᠤᠮᠤ ᠳ᠋ᠠᠶᠢᠲ᠋ᠠ ᠶᠢᠨ ᠬᠡᠷᠡᠭᠯᠡᠭᠡ ᠰᠤᠳᠤᠯᠭᠠᠨ᠂ ᠪᠤᠳᠠᠰ ᠤᠨ ᠬᠦᠢᠯᠭᠡᠭᠡ ᠶᠢᠨ ᠠᠵᠤ ᠦᠢᠯᠡᠰ ᠤᠨ ᠬᠦᠭ᠍ᠵᠢᠯᠳᠡ ᠪᠠ ᠭᠠᠳᠠᠭᠠᠳᠦ ᠨᠡᠭᠡᠭᠡᠯᠳᠡ ᠶᠢᠨ ᠠᠵᠢᠯ ᠤᠨ ᠪᠠᠶᠢᠳᠠᠯ ᠢ ᠨᠠᠷᠢᠨ ᠤᠢᠢᠯᠠᠭᠠᠵᠠᠢ᠃ ᠪᠦ᠋ ᠰᠢᠶᠤᠤ ᠯᠢᠨ᠂ ᠤᠯᠠᠭᠠᠨᠬᠳᠠ ᠬᠤᠳᠠ ᠲᠤᠮᠤ ᠳ᠋ᠠᠶᠢᠲ᠋ᠠ ᠶᠢᠨ ᠬᠡᠷᠡᠭᠯᠡᠭᠡ ᠰᠤᠳᠤᠯᠭᠠᠨ ᠢ ᠲᠤᠪᠤᠶᠢᠯᠭᠠᠵᠤ᠂ ᠲᠦᠷᠦ ᠶᠢᠨ ᠪᠤᠳᠤᠯᠭ᠎ᠠ ᠶᠢᠨ ᠲᠡᠮᠵᠢᠯᠭᠡ ᠶᠢᠨ ᠡᠷᠴᠢᠮ ᠢᠶᠠᠨ ᠴᠢᠩᠭ᠋ᠠᠷᠠᠭᠤᠯᠵᠣ᠂ ᠲᠤᠮᠤ ᠳ᠋ᠠᠶᠢᠲ᠋ᠠ ᠶᠢᠨ ᠮᠡᠷᠭᠡᠵᠢᠯ ᠢ ᠬᠡᠷᠡᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠳᠠ ᠶᠢᠨ ᠬᠠᠮᠢᠶᠠᠷᠤᠯᠳᠠ᠂ ᠵᠠᠬ᠎ᠠ ᠲᠡᠯᠭᠡᠭᠦᠷ ᠢ ᠬᠢᠨᠠᠨ ᠬᠠᠮᠢᠶᠠᠷᠬᠤ ᠲᠦᠪᠰᠢᠨ ᠢᠶᠠᠨ ᠲᠡᠭᠡᠭᠰᠢᠯᠡᠭᠦᠯᠭᠦ ᠬᠡᠷᠡᠭᠳᠡᠢ᠃ ᠤᠷᠤᠨ ᠪᠠᠶᠢᠷᠢ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ 《ᠨᠢᠭᠡ ᠪᠦᠰᠡ ᠨᠢᠭᠡ ᠵᠠᠮ》 ᠤ᠋᠋ᠨ ᠪᠦᠳᠦᠭᠡᠨ ᠪᠠᠶᠢᠭᠤᠯᠤᠯᠳᠠ ᠳᠤ ᠦᠢᠯᠡᠴᠢᠯᠡᠭᠦ ᠬᠡᠷᠡᠭᠳᠡᠢ ᠭᠡᠵᠦ ᠵᠢᠭᠠᠵᠣ ᠭᠠᠷᠭᠠᠪᠠ᠃ ᠲᠢᠶᠠᠨ ᠴᠢ ᠬᠢᠳᠠᠳ ᠮᠤᠩᠭ᠋ᠤᠯ ᠡᠮ ᠦᠢᠯᠡᠳᠪᠦᠷᠢᠯᠡᠭᠦ ᠬᠤᠪᠢ ᠤᠷᠤᠭᠤᠯᠤᠭᠰᠠᠨ ᠬᠢᠵᠠᠭᠠᠷᠳᠤ ᠬᠠᠷᠢᠭᠤᠴᠠᠭᠠᠯᠳᠦ ᠺᠤᠮᠫᠠᠨᠢ ᠪᠠ ᠤᠯᠠᠭᠠᠨᠬᠠᠳᠠ ᠶᠢᠨ ᠠᠨ ᠺᠤᠸᠠᠢ ᠦᠢᠯᠡᠰ ᠪᠤᠰᠬᠠᠬᠤ ᠭᠠᠵᠠᠷ ᠲᠤ᠂ ᠪᠦ᠋ ᠰᠢᠶᠤᠤ ᠯᠢᠨ᠂ ᠮᠤᠩᠭ᠋ᠤᠯ ᠡᠮ ᠡᠮᠨᠡᠯᠭᠡ ᠪᠤᠯ ᠦᠨᠳᠦᠰᠦᠳᠡᠨ ᠤ ᠬᠤᠪᠣᠷ ᠡᠷᠳᠡᠨᠢ ᠪᠣᠯᠣᠨ᠎ᠠ᠂ ᠤᠯᠠᠭᠠᠨᠬᠠᠳᠠ ᠤᠳᠤ ᠶᠢᠨ ᠰᠠᠭᠤᠷᠢ ᠳᠡᠭᠡᠷ᠎ᠡ ᠪᠠᠨ᠂ ᠤᠳᠤ ᠦᠶ᠎ᠠ ᠶᠢᠨ ᠮᠤᠩᠭ᠋ᠤᠯ ᠡᠮ ᠡᠮᠨᠡᠯᠭᠡ ᠶᠢᠨ ᠠᠵᠤ ᠦᠢᠯᠡᠰ ᠢ ᠲᠦᠷᠭᠡᠳᠭᠡᠨ ᠪᠤᠶᠢᠵᠢᠭᠤᠯᠵᠤ ᠬᠦᠴᠦᠷᠭᠡᠭ᠍ᠵᠢᠭᠦᠯᠭᠦ ᠬᠡᠷᠡᠭᠳᠡᠢ᠃ ᠠᠵᠤ ᠠᠬᠤᠢᠢᠯᠠᠯ ᠤᠨ ᠰᠢᠨ᠎ᠠ ᠶᠢ ᠡᠭᠦᠳᠭᠦ ᠭᠤᠤᠯ ᠴᠤᠬᠴᠠ ᠶᠢᠨ ᠦᠢᠯᠡᠳᠦᠯ ᠢ ᠪᠠᠳᠠᠷᠠᠭᠤᠯᠵᠤ᠂ ᠰᠢᠨ᠎ᠠ ᠶᠢ ᠡᠭᠦᠳᠦᠭᠰᠡᠨ ᠦᠷ᠎ᠡ ᠪᠦᠳᠦᠭᠡᠯ ᠢ ᠠᠬᠤᠢᠢᠴᠢ ᠦᠢᠯᠡᠳᠪᠦᠷᠢᠯᠡᠯ ᠤᠨ ᠬᠦᠴᠦᠨ ᠪᠤᠯᠭᠠᠨ ᠬᠤᠪᠢᠷᠠᠭᠤᠯᠬᠤ ᠶᠢ ᠠᠬᠢᠭᠤᠯᠵᠤ᠂ ᠰᠢᠨ᠎ᠠ ᠶᠢ ᠡᠭᠦᠳᠭᠦ ᠪᠠᠷ ᠠᠵᠢᠯ ᠤᠯᠭᠤᠵᠤ ᠦᠢᠯᠡᠰ ᠪᠤᠰᠬᠠᠬᠤ ᠶᠢ ᠲᠠᠶᠢᠴᠢᠯᠠᠬᠤ ᠬᠡᠷᠡᠭᠳᠡᠢ ᠬᠡᠵᠤ ᠵᠢᠭᠠᠵᠤ ᠭᠠᠷᠭᠠᠪᠠ᠃

    ᠪᠦ᠋ ᠰᠢᠶᠤᠤ ᠯᠢᠨ ᠶᠠᠳᠠᠭᠤ ᠬᠦᠴᠢᠷᠳᠡᠯ ᠲᠠᠢ ᠮᠠᠯᠴᠢᠨ ᠲᠠᠷᠢᠶᠠᠴᠢᠨ ᠤ ᠠᠮᠢᠳᠤᠷᠠᠯ ᠳᠤ ᠲᠦᠢᠯ ᠢᠶᠠᠷ ᠰᠠᠨᠠᠭᠠᠰᠢᠷᠠᠨ᠎ᠠ᠃ ᠤᠩᠨᠢᠭᠤᠳ ᠬᠤᠰᠢᠭᠤᠨ ᠤ ᠠᠰᠢᠬᠠᠨ ᠰᠤᠮᠤ ᠳᠤ ᠲᠡᠷᠡ ᠶᠠᠳᠠᠭᠤ ᠬᠦᠴᠢᠷᠳᠡᠯ ᠲᠠᠢ ᠮᠠᠯᠴᠢᠨ ᠪᠠᠶᠠᠨᠮᠠᠨᠳᠤᠬᠤ ᠪᠠ ᠨᠠᠮ ᠤᠨ ᠬᠡᠰᠢᠭᠦᠨ ᠴᠢᠨᠡᠭᠡᠯᠢᠭ᠍ᠵᠢᠯ ᠤᠨ ᠲᠠᠭᠠᠭᠤᠯᠤᠬᠴᠢ ᠬᠠᠨ ᠪᠤᠤ ᠢᠤᠢ ᠶᠢᠨ ᠬᠢᠨ ᠢᠶᠠᠷ ᠬᠦᠷᠴᠤ᠂ ᠮᠠᠯᠴᠢᠳ ᠤᠨ ᠲᠡᠵᠢᠭᠡᠪᠦᠷᠢ ᠶᠢᠨ ᠪᠦᠳᠦᠴᠡ᠂ ᠡᠯ᠎ᠠ ᠵᠦᠢᠯ ᠤᠨ ᠨᠦᠬᠦᠪᠦᠷᠢ ᠶᠢᠨ ᠤᠷᠤᠯᠭ᠎ᠠ ᠪᠠ ᠪᠠᠩᠬᠢ ᠶᠢᠨ ᠵᠢᠭᠡᠯᠡᠯᠭᠡ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠪᠦ᠋ ᠰᠢᠶᠤᠤ ᠯᠢᠨ᠂ ᠡᠯ᠎ᠠ ᠱᠠᠳᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠤᠨᠢᠨ ᠲᠡᠭᠡᠷ᠎ᠡ ᠨᠢ ᠶᠠᠳᠠᠭᠤ ᠶᠢ ᠲᠡᠳᠭᠦᠭᠦ᠂ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠲᠤᠬᠠᠢ ᠴᠢᠬᠤᠯᠠ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠴᠢᠨᠠᠬᠰᠢᠳᠠ ᠬᠦᠨᠵᠡᠭᠡᠶᠢᠷᠡᠭᠦᠯᠵᠦ ᠨᠠᠷᠢᠯᠢᠬᠵᠢᠭᠤᠯᠵᠤ ᠪᠣᠲᠠᠲᠠᠶᠢᠵᠢᠭᠤᠯᠬᠤ ᠬᠡᠷᠡᠭᠳᠡᠢ᠃ ᠶᠠᠳᠠᠭᠤ ᠶᠢ ᠲᠡᠳᠭᠦᠭᠦ ᠵᠣᠬᠢᠴᠠᠩᠭ᠋ᠤᠢ ᠲᠦᠷᠦ ᠶᠢᠨ ᠪᠤᠳᠤᠯᠭ᠎ᠠ ᠶᠢ ᠰᠤᠳᠤᠯᠤᠨ ᠲᠤᠬᠳᠠᠭᠠᠵᠤ᠂ ᠮᠠᠯᠴᠢᠨ ᠲᠠᠷᠢᠶᠠᠴᠢᠨ ᠳᠤ ᠲᠤᠯᠭᠠᠷᠠᠵᠤ ᠪᠦᠬᠦᠢ ᠪᠤᠳᠠᠳᠦ ᠬᠦᠴᠢᠷᠳᠡᠯ ᠢ ᠨᠢ ᠦᠨᠡᠨᠭᠦ ᠰᠢᠢᠳᠪᠦᠷᠢᠯᠡᠨ ᠦᠭ᠍ᠬᠦ ᠬᠡᠷᠡᠭᠳᠡᠢ ᠬᠡᠵᠤ ᠴᠢᠬᠤᠯᠠᠴᠢᠯᠠᠪᠠ᠃ ᠲᠤᠮᠳᠠᠳᠤ ᠤᠯᠤᠰ ᠤᠨ ᠬᠢᠳᠠᠨ ᠯᠢᠶᠤᠤ ᠶᠢᠨ ᠰᠤᠶᠤᠯ ᠤᠨ ᠮᠦᠽᠸᠢ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠪᠦ᠋ ᠰᠢᠶᠤᠤ ᠯᠢᠨ᠂ ᠰᠢᠨ᠎ᠠ ᠮᠦᠽᠸᠢ ᠶᠢᠨ ᠬᠡᠳᠦᠨ ᠵᠦᠢᠯ ᠤᠨ ᠲᠦᠯᠦᠪᠵᠢᠭᠦᠯᠭᠡ ᠵᠢᠷᠤᠭ ᠲᠦᠯᠦᠪᠯᠡᠭᠡ ᠶᠢᠨ ᠲᠦᠰᠦᠯ ᠢ ᠪᠠᠶᠢᠴᠠᠭᠠᠨ ᠦᠵᠡᠪᠡ᠃ ᠲᠡᠷᠡ᠂ ᠲᠤᠮᠳᠠᠳᠤ ᠤᠯᠤᠰ ᠤᠨ ᠬᠢᠳᠠᠨ ᠯᠢᠶᠤᠤ ᠶᠢᠨ ᠰᠤᠶᠤᠯ ᠤᠨ ᠮᠦᠽᠸᠢ ᠪᠤᠯ ᠦᠪᠡᠷᠳᠡᠭᠡᠨ ᠵᠠᠰᠠᠬᠤ ᠤᠷᠤᠨ ᠤ ᠴᠢᠬᠤᠯᠠ ᠤᠯᠠᠨ ᠨᠡᠶᠢᠳᠡ ᠶᠢᠨ ᠰᠤᠶᠤᠯ ᠤᠨ ᠪᠠᠶᠢᠭᠤᠯᠤᠯᠳᠠ ᠶᠢᠨ ᠪᠠᠷᠢᠯᠭ᠎ᠠ ᠪᠤᠯᠤᠨ᠎ᠠ᠂ ᠲᠦᠯᠦᠪᠵᠢᠭᠦᠯᠭᠡ᠂ ᠵᠢᠷᠤᠭ ᠲᠦᠯᠦᠪᠯᠡᠭᠡ ᠪᠠ ᠪᠦᠳᠦᠭᠡᠨ ᠪᠠᠶᠢᠭᠤᠯᠤᠯᠳᠠ ᠳᠤ ᠰᠤᠶᠤᠯ ᠤᠨ ᠤᠨᠴᠠᠯᠢᠭ ᠪᠠ ᠤᠷᠤᠨ ᠨᠤᠳᠤᠭ ᠤᠨ ᠤᠨᠴᠠᠯᠢᠭ ᠢ ᠴᠢᠨᠠᠬᠰᠢᠳᠠ ᠲᠤᠪᠤᠶᠢᠯᠭᠠᠨ᠂ 《ᠮᠦᠽᠸᠢ ᠶᠢ ᠤᠯᠠᠭᠠᠨᠬᠠᠳᠠ ᠶᠢᠨ ᠲᠦᠷᠢ ᠲᠦᠷᠭᠦ ᠶᠢᠨ ᠨᠡᠷ᠎ᠠ ᠶᠢᠨ ᠬᠠᠭᠤᠳᠠᠰᠦ》 ᠪᠤᠯᠭᠠᠨ ᠪᠠᠶᠢᠭᠤᠯᠬᠤ ᠬᠡᠷᠡᠭᠳᠡᠢ ᠬᠡᠵᠦ ᠵᠢᠭᠠᠵᠣ ᠭᠠᠷᠭᠠᠪᠠ᠃ ᠤᠯᠠᠭᠠᠨᠬᠠᠳᠠ ᠬᠤᠳᠠ ᠶᠢᠨ ᠤᠯᠠᠨ ᠲᠦᠮᠡᠨ ᠤ ᠣᠷᠠᠯᠢᠭ ᠤᠨ ᠤᠷᠳᠤᠨ᠂ ᠵᠠᠯᠠᠭᠤᠴᠤᠳ ᠪᠠᠭᠠᠴᠤᠳ ᠤᠨ ᠤᠷᠳᠤᠨ ᠳᠤ ᠪᠠᠶᠢᠴᠠᠭᠠᠨ ᠰᠤᠳᠤᠯᠬᠤ ᠳᠠᠭᠠᠨ ᠪᠦ᠋ ᠰᠢᠶᠤᠤ ᠯᠢᠨ᠂ ᠰᠤᠶᠤᠯ ᠤᠨ ᠠᠵᠢᠯ ᠦᠨᠳᠦᠰᠦᠨ ᠱᠠᠳᠤᠨ ᠳᠤ ᠬᠠᠨᠳᠤᠵᠤ᠂ ᠤᠯᠠᠨ ᠲᠦᠮᠡᠨ ᠳᠤ ᠦᠢᠯᠡᠴᠢᠯᠡᠵᠤ᠂ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠬᠡᠯᠪᠡᠷᠢ ᠶᠢᠨ ᠰᠢᠨ᠎ᠠ ᠶᠢ ᠡᠭᠦᠳᠴᠤ᠂ ᠤᠯᠠᠨ ᠲᠦᠮᠡᠨ ᠤ ᠤᠶᠤᠨ ᠰᠠᠨᠠᠭ᠎ᠠ ᠰᠤᠶᠤᠯ ᠤᠨ ᠬᠡᠷᠡᠭᠴᠡᠭᠡ ᠶᠢ ᠨᠡᠩ ᠰᠠᠶᠢᠳᠤᠷ ᠬᠠᠩᠭ᠋ᠠᠬᠤ ᠬᠡᠷᠡᠭᠳᠡᠢ ᠬᠡᠵᠤ ᠴᠢᠬᠤᠯᠠᠴᠢᠯᠠᠪᠠ᠃ ᠪᠦᠬᠦ ᠤᠯᠤᠰ ᠤᠨ ᠤᠤᠭᠠᠨ ᠮᠠᠯ ᠠᠵᠤ ᠠᠬᠤᠢ ᠶᠢᠨ ᠬᠤᠷᠰᠢᠶ᠎ᠠ ᠪᠤᠯᠬᠤ ᠤᠩᠨᠢᠭᠤᠳ ᠬᠤᠰᠢᠭᠤᠨ ᠤ ᠤᠯᠠᠭᠠᠬᠤᠳᠤ ᠮᠠᠯ ᠠᠵᠤ ᠠᠬᠤᠢ ᠶᠢᠨ ᠬᠤᠷᠰᠢᠶ᠎ᠠ ᠶᠢᠨ ᠲᠤᠷᠠᠰᠬᠠᠯ ᠤᠨ ᠤᠷᠳᠤᠨ ᠳᠤ᠂ ᠪᠦ᠋ ᠰᠢᠶᠤᠤ ᠯᠢᠨ ᠬᠤᠷᠰᠢᠶ᠎ᠠ ᠶᠢ ᠡᠭᠦᠰᠭᠡᠨ ᠪᠠᠶᠢᠭᠤᠯᠤᠬᠴᠢ ᠬᠡᠨᠳᠦᠨ ᠨᠦᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ ᠨᠠᠷᠢᠨ ᠤᠢᠢᠯᠠᠭᠠᠪᠠ᠃ ᠲᠡᠷᠡ᠂ ᠮᠠᠯᠴᠢᠨ ᠲᠠᠷᠢᠶᠠᠴᠢᠨ ᠤ ᠲᠤᠮᠳᠠᠬᠢ ᠵᠢᠱᠢᠶᠡᠴᠢ ᠨᠡᠶᠢᠳᠡᠯᠢᠭ ᠵᠢᠱᠢᠶ᠎ᠡ ᠶᠢ ᠶᠡᠭᠡᠪᠡᠷ ᠤᠬᠠᠭᠤᠯᠵᠤ᠂ ᠲᠡᠷᠢᠭᠦᠨ ᠤ ᠵᠢᠱᠢᠶᠡᠴᠢ ᠶᠢᠨ ᠵᠢᠱᠢᠶ᠎ᠠ ᠦᠵᠡᠭᠦᠯᠦᠨ ᠲᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠳᠡᠢ᠃ ᠤᠯᠠᠭᠠᠨᠬᠠᠳᠠ ᠬᠤᠳᠠ ᠶᠢᠨ ᠬᠤᠪᠢᠰᠬᠠᠯ ᠤᠨ ᠡᠬᠢ ᠪᠠᠶᠠᠯᠢᠭ ᠢ ᠬᠦᠢᠴᠡᠳ ᠠᠭᠤᠳᠠᠯᠵᠤ᠂ ᠬᠤᠪᠢᠰᠬᠠᠯ ᠤᠨ ᠰᠤᠶᠤᠯ ᠢ ᠵᠠᠯᠭᠠᠮᠵᠢᠯᠠᠨ ᠪᠠᠳᠠᠷᠠᠭᠤᠯᠵᠤ᠂ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠬᠦᠮᠦᠵᠢᠭᠦᠯᠦᠨ ᠬᠦᠳᠦᠯᠦᠨ ᠵᠢᠯᠣᠭᠤᠳᠴᠣ ᠪᠠᠶᠢᠭᠠᠳ ᠤᠭ ᠰᠠᠨᠠᠭ᠎ᠠ ᠪᠠᠨ ᠦᠯᠦ ᠮᠠᠷᠳᠠᠨ᠂ ᠦᠷᠭᠦᠯᠵᠢᠯᠡᠨ ᠤᠷᠤᠬᠰᠢᠯᠠᠭᠤᠯᠬᠤ ᠬᠡᠷᠡᠭᠳᠡᠢ ᠬᠡᠵᠤ ᠵᠢᠭᠠᠵᠤ ᠭᠠᠷᠭᠠᠵᠠᠢ᠃ 

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121343971