蒙古文网站Logo
ᠰᠢᠨᠬᠤᠸᠠ ᠮᠤᠩᠭ᠋ᠤᠯ ᠨᠧᠲ

ᠺᠠᠳ᠋ᠷ ᠪᠠᠶᠢᠴᠠᠭᠠᠨ ᠰᠤᠲᠤᠯᠤᠯᠲᠠ ᠬᠢᠬᠦ ᠳ᠋ᠡᠭᠡᠨ ᠲᠠᠭᠠᠭᠰᠠᠳ ᠢ ᠴᠦᠬᠡᠴᠢᠯᠡᠬᠦ ᠬᠡᠷᠡᠭᠲᠡᠢ

2017-07-19 11:46

    ᠰᠢᠨᠬᠤᠧᠠ ᠬᠤᠷᠢᠶ᠎ᠠ   ᠬᠦᠬᠡᠬᠤᠲᠠ ᠶᠢᠨ 7 ᠰᠠᠷ᠎ᠠ ᠶᠢᠨ 16 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠳ᠋ᠦᠩ ᠯᠦ᠂ ᠰᠢ ᠮᠢᠨ ) ᠪᠠᠶᠢᠴᠠᠭᠠᠨ ᠰᠤᠲᠤᠯᠤᠯᠲᠠ ᠬᠢᠬᠦ ᠪᠤᠯ ᠮᠠᠨ ᠤ ᠨᠠᠮ ᠤᠨ ᠦᠶ᠎ᠠ ᠲᠠᠮᠵᠢᠭᠰᠠᠨ ᠰᠤᠷᠳᠠᠯ᠂ ᠤᠲᠤᠷᠢᠳᠬᠤ ᠺᠠᠳ᠋ᠷ ᠤᠨ ᠦᠨᠳᠦᠰᠦᠨ ᠴᠢᠲᠠᠪᠤᠷᠢ ᠪᠤᠯᠤᠨ᠎ᠠ᠃ ᠰᠡᠬᠦᠯ ᠤᠨ ᠦᠶ᠎ᠠ ᠳ᠋ᠤ ᠵᠠᠷᠢᠮ ᠤᠲᠤᠷᠢᠳᠬᠤ ᠺᠠᠳ᠋ᠷ ᠤᠯᠠᠨ ᠲᠠᠭᠠᠭᠰᠠᠳ ᠢᠶᠡᠷ ᠪᠠᠷ᠎ᠠ ᠪᠤᠯᠭᠠᠵᠤ ᠪᠠᠶᠢᠴᠠᠭᠠᠨ ᠰᠤᠲᠤᠯᠤᠯᠲᠠ ᠬᠢᠵᠦ ᠤᠯᠠᠨ ᠲᠦᠮᠡᠨ ᠳ᠋ᠤ ᠵᠢᠮᠡᠯᠡᠭᠲᠡᠵᠦ ᠪᠠᠶᠢᠬᠤ ᠶᠢ ᠰᠤᠷᠪᠤᠯᠵᠢᠯᠠᠭᠴᠢ ᠠᠵᠢᠭᠯᠠᠵᠦ ᠮᠡᠲᠡᠪᠡ᠃

    ᠲᠠᠭᠠᠭᠰᠠᠳ ᠪᠠᠷ᠎ᠠ ᠪᠤᠯᠵᠤ ᠪᠠᠶᠢᠴᠠᠭᠠᠨ ᠰᠤᠲᠤᠯᠤᠯᠲᠠ ᠬᠢᠬᠦ ᠭᠡᠵᠦ ᠶᠠᠭᠤ ᠪᠤᠢ ? ᠰᠢᠶᠠᠩ ᠪᠠᠯᠭᠠᠰᠤ ᠶᠢᠨ ᠨᠢᠭᠡ ᠺᠠᠳ᠋ᠷ ᠤᠨ ᠶᠠᠷᠢᠭᠰᠠᠨᠴᠢᠯᠠᠨ᠂ ᠮᠤᠵᠢ ᠡᠴᠡ ᠬᠤᠪᠢᠲᠠᠨ ᠬᠠᠮᠢᠶᠠᠷᠬᠤ ᠲᠢᠩᠬᠢᠮ ᠤᠨ ᠲᠡᠳ᠋ ᠲᠠᠷᠤᠭ᠎ᠠ ᠪᠠᠶᠢᠴᠠᠭᠠᠨ ᠰᠤᠲᠤᠯᠤᠯᠲᠠ ᠬᠢᠬᠦ ᠳ᠋ᠤ ᠬᠤᠲᠠ ᠶᠢᠨ ᠬᠢᠨ ᠲᠡᠳ᠋ ᠲᠠᠷᠤᠭ᠎ᠠ ᠲᠤᠬᠢᠷᠠᠭᠤᠯᠤᠨ ᠪᠠᠷ᠎ᠠ ᠪᠤᠯᠭᠠᠨ᠎ᠠ᠂ ᠬᠤᠲᠠ ᠶᠢᠨ ᠲᠡᠳ᠋ ᠲᠠᠷᠤᠭ᠎ᠠ ᠨᠢ ᠲᠤᠪᠴᠢᠶᠠᠨ ᠲᠡᠳ᠋ ᠲᠠᠷᠤᠭ᠎ᠠ ᠪᠠᠨ ᠲᠠᠭᠤᠲᠠᠨ᠂ ᠲᠤᠪᠴᠢᠶᠠᠨ ᠲᠡᠳ᠋ ᠲᠠᠷᠤᠭ᠎ᠠ ᠨᠢ ᠲᠤᠬᠠᠶᠢᠯᠠᠭᠰᠠᠨ ᠠᠵᠢᠯ ᠤᠨ ᠰᠠᠯᠠᠭᠠᠨ ᠲᠠᠷᠤᠭ᠎ᠠ ᠪᠠᠨ ᠲᠠᠭᠠᠭᠤᠯᠵᠤ ᠰᠢᠶᠠᠨ ᠤ ᠭᠠᠵᠠᠷ ᠬᠦᠷᠦᠭᠰᠡᠨ ᠤ ᠲᠠᠷᠠᠭ᠎ᠠ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠲᠠᠷᠤᠭ᠎ᠠ᠂ ᠲᠡᠳ᠋ ᠱᠦᠵᠢ᠂ ᠬᠤᠪᠢᠲᠠᠨ ᠬᠠᠮᠢᠶᠠᠷᠬᠤ ᠰᠢᠶᠠᠨ ᠤ ᠲᠡᠳ᠋ ᠲᠠᠷᠤᠭ᠎ᠠ ᠭᠡᠬᠦ ᠮᠡᠲᠦ ᠪᠡᠷ ᠱᠠᠲᠤ ᠱᠠᠲᠤ ᠪᠡᠷ ᠲᠠᠭᠠᠭᠤᠯᠤᠭᠰᠠᠨ ᠢᠶᠡᠷ ᠲᠤᠰᠬᠤᠨ ᠬᠦᠷᠬᠦ ᠳ᠋ᠤ ᠤᠨᠤᠭ᠎ᠠ ᠬᠦᠰᠬᠡ᠂ ᠬᠦᠮᠦᠨ ᠬᠠᠷ᠎ᠠ ᠲᠠᠢ ᠪᠠᠨ ᠦᠵᠦᠬᠦᠷ ᠦᠭᠡᠢ ᠦᠷᠬᠦᠯᠵᠢᠯᠡᠲᠡᠭ ᠭᠡᠵᠡᠢ᠃

    ᠲᠠᠭᠠᠭᠰᠠᠳ ᠪᠠᠷ᠎ᠠ ᠪᠤᠯᠵᠤ ᠪᠠᠶᠢᠴᠠᠭᠠᠨ ᠰᠤᠲᠤᠯᠤᠯᠲᠠ ᠬᠢᠬᠦ ᠨᠢ ᠬᠦᠯᠢᠶᠡᠨ ᠵᠤᠴᠢᠯᠠᠬᠤ ᠮᠠᠭᠤ ᠰᠤᠷᠲᠠᠯ ᠢ ᠬᠠᠷᠠᠭᠤᠯᠤᠭᠰᠠᠨ ᠢᠶᠡᠷ ᠪᠠᠷᠠᠬᠤ ᠦᠭᠡᠢ ᠺᠠᠳ᠋ᠷ ᠤᠨ ᠢᠲᠡᠭᠡᠯ ᠨᠠᠶᠢᠲᠠᠪᠤᠷᠢ ᠦᠭᠡᠢ᠂ ᠤᠪᠤᠷ ᠰᠤᠷᠲᠠᠯ ᠴᠢᠩᠭ᠋᠎ᠠ ᠪᠤᠰᠤ  ᠶᠢ ᠢᠯᠡᠷᠡᠬᠦᠯᠪᠡ᠃ ᠡᠲᠡᠭᠡᠷ ᠺᠠᠳ᠋ᠷ ᠨᠠᠮ ᠤᠨ ᠲᠦᠪ ᠬᠤᠷᠢᠶᠠᠨ ᠤ ᠵᠤᠷᠢᠭ ᠰᠠᠨᠠᠭ᠎᠎ᠠ ᠶᠢ ᠭᠦᠨ ᠤᠶᠢᠯᠠᠭᠠᠭᠰᠠᠨ ᠦᠭᠡᠢ᠂ ᠦᠨᠳᠦᠰᠦᠨ ᠱᠠᠲᠤᠨ ᠤ ᠪᠠᠶᠢᠲᠠᠯ ᠢ ᠤᠶᠢᠯᠠᠭᠠᠬᠤ ᠦᠭᠡᠢ᠂ ᠦᠨᠳᠦᠰᠦᠨ ᠱᠠᠲᠤᠨ ᠳ᠋ᠤ ᠤᠷᠤᠰᠢᠵᠤ ᠪᠦᠬᠦᠢ ᠠᠰᠠᠭᠤᠲᠠᠯ ᠢ ᠰᠢᠢᠳᠪᠦᠷᠢᠯᠡᠬᠦ ᠠᠷᠭ᠎ᠠ ᠦᠭᠡᠢ᠂ ᠵᠢᠭᠠᠵᠤ ᠵᠢᠯᠤᠭᠤᠳᠬᠤ ᠶᠢᠨ ᠴᠤ ᠠᠷᠭ᠎ᠠ ᠦᠭᠡᠢ᠂ ᠲᠤᠤᠷ᠎ᠠ ᠱᠠᠲᠤᠨ ᠤ ᠬᠦᠮᠦᠰ ᠲᠤ 《ᠰᠦᠷ ᠦᠵᠡᠬᠦᠯᠦᠨ》ᠪᠠᠶᠢᠲᠠᠯ ᠤᠶᠢᠯᠠᠭᠠᠬᠤ ᠶᠠᠩᠵᠤ ᠭᠠᠷᠭᠠᠭᠰᠠᠨ  ᠨᠢ ᠬᠠᠷᠢᠨ ᠱᠠᠲᠤ ᠱᠠᠲᠤ ᠪᠡᠷ᠂ ᠲᠡᠰ ᠲᠡᠰ ᠢᠶᠡᠷ 《 ᠰᠦᠷ ᠦᠵᠡᠬᠦᠯᠦᠭᠰᠡᠨ》 ᠢᠶᠡᠷ᠂《ᠰᠦᠷ》 ᠨᠢ ᠪᠠᠶᠢᠪᠠᠴᠤ᠂《ᠰᠡᠬᠦᠯ》 ᠨᠢ ᠤᠷᠲᠤ ᠪᠤᠯᠵᠠᠢ᠃

    ᠲᠠᠭᠠᠭᠰᠠᠳ ᠪᠠᠷ᠎ᠠ ᠪᠤᠯᠵᠤ ᠪᠠᠶᠢᠴᠠᠭᠠᠨ ᠰᠤᠲᠤᠯᠤᠯᠲᠠ ᠬᠢᠬᠦ ᠨᠢ ᠨᠡᠶᠢᠲᠡᠯᠢᠭ ᠬᠡᠯᠪᠡᠷᠢ ᠶᠢᠨ ᠦᠵᠡᠯ ᠪᠤᠯᠤᠨ᠎ᠠ᠃ ᠨᠠᠮ ᠤᠨ ᠲᠦᠪ ᠬᠤᠷᠢᠶ᠎ᠠ᠎ ᠺᠠᠳ᠋ᠷ ᠢ ᠦᠨᠳᠦᠰᠦᠨ ᠱᠠᠲᠤᠨ ᠳ᠋ᠤ ᠬᠦᠷᠬᠦ  ᠳ᠋ᠡᠭᠡᠨ ᠠᠯᠢ ᠲᠦᠭᠦᠮ ᠲᠦᠲᠡ ᠪᠠᠶᠢᠬᠤ ᠶᠢ ᠱᠠᠭᠠᠷᠲᠠᠭᠰᠠᠭᠠᠷ ᠢᠷᠡᠪᠡ᠃ ᠭᠡᠪᠡᠴᠦ ᠡᠨᠡ ᠮᠡᠲᠦ ᠬᠢᠲᠠᠯ  ᠨᠢ ᠤᠯᠠᠨ ᠲᠦᠮᠡᠨ ᠢ ᠶᠠᠭᠠᠬᠢᠬᠤ ᠶᠢᠨ ᠴᠤ ᠠᠷᠭ᠎ᠠ ᠦᠭᠡᠢ ᠪᠤᠯᠭᠠᠬᠤ ᠶᠢᠨ ᠬᠠᠮᠲᠤ ᠺᠠᠳ᠋ᠷ ᠤᠯᠠᠨ ᠲᠦᠮᠡᠨ ᠤ ᠬᠠᠷᠢᠴᠠᠭ᠎ᠠ ᠪᠠ ᠨᠠᠮ ᠤᠨ ᠲᠦᠷᠢ ᠲᠦᠷᠬᠦ ᠶᠢ ᠨᠤᠴᠢᠲᠠᠢ ᠨᠦᠯᠦᠭᠡᠯᠡᠪᠡ᠃ ᠵᠠᠪᠠᠯ ᠡᠷᠡᠰ ᠲᠠᠶᠠᠭᠲᠠᠬᠤ ᠬᠡᠷᠡᠭᠲᠡᠢ᠂ ᠡᠰᠡ ᠲᠡᠭᠡᠪᠡᠯ ᠦᠨᠡᠨ ᠪᠠᠶᠢᠲᠠᠯ ᠢ ᠬᠠᠯᠬᠠᠯᠠᠵᠤ᠂ ᠰᠢᠢᠳᠪᠦᠷᠢ᠂ ᠲᠦᠷᠦ ᠶᠢᠨ ᠪᠤᠲᠤᠯᠭ᠎ᠠ ᠲᠤᠭᠲᠠᠭᠠᠬᠤ ᠳ᠋ᠤ ᠦᠨᠳᠦᠰᠦᠨ ᠱᠠᠲᠤᠨ ᠤ ᠪᠠᠶᠢᠲᠠᠯ ᠲᠠᠢ ᠲᠤᠬᠢᠷᠠᠬᠤ ᠦᠭᠡᠢ᠂ ᠤᠯᠠᠨ ᠲᠦᠮᠡᠨ ᠲᠠᠢ ᠬᠠᠮᠢᠶᠠᠲᠠᠬᠤ ᠦᠭᠡᠢ ᠪᠤᠯᠤᠨ᠎ᠠ᠃

    ᠨᠠᠮ ᠤᠨ ᠭᠡᠰᠢᠬᠦᠨ ᠺᠠᠳ᠋ᠷ ᠤᠯᠠᠨ ᠲᠦᠮᠡᠨᠴᠢ ᠱᠤᠭᠤᠮ ᠢᠶᠡᠷ ᠶᠠᠪᠤᠬᠤ ᠨᠢ ᠬᠡᠲᠦᠬᠦᠯᠡ ᠨᠡᠶᠢᠯᠡᠵᠦ ᠶᠠᠩᠵᠤᠯᠠᠬᠤ ᠪᠢᠰᠢ᠂ ᠨᠡᠩ ᠴᠤ ᠤᠷᠠᠨ ᠬᠤᠩᠰᠢᠶᠠᠷᠯᠠᠵᠤ ᠠᠵᠢᠯ ᠤᠨ ᠪᠦᠲᠦᠮᠵᠢ ᠪᠠᠨ ᠠᠳᠠᠯᠢᠳᠬᠠᠬᠤ ᠪᠢᠰᠢ᠂ ᠺᠠᠳ᠋ᠷ ᠪᠤᠯᠤᠭᠰᠠᠳ ᠨᠠᠮ ᠤᠨ ᠲᠦᠷᠦ ᠶᠢᠨ ᠪᠤᠲᠤᠯᠭ᠎ᠠ ᠶᠢ ᠤᠶᠢᠯᠠᠭᠠᠨ ᠡᠵᠡᠮᠰᠢᠵᠦ᠂ ᠠᠰᠠᠭᠤᠲᠠᠯ ᠢᠯᠡᠷᠡᠬᠦᠯᠬᠦ ᠪᠡᠷ ᠦᠨᠳᠦᠰᠦᠨ ᠱᠠᠲᠤᠨ ᠳ᠋ᠤ ᠬᠦᠷᠴᠦ᠂ ᠨᠠᠷᠢᠯᠢᠬ ᠠᠵᠢᠭᠯᠠᠵᠤ ᠭᠦᠨ ᠰᠡᠳᠬᠢᠨ ᠪᠠᠶᠢᠴᠠᠭᠠᠨ ᠰᠤᠲᠤᠯᠬᠤ ᠪᠡᠷ ᠠᠰᠠᠭᠤᠲᠠᠯ ᠢ ᠰᠢᠢᠳᠪᠦᠷᠢᠯᠡᠬᠦ ᠠᠷᠭ᠎ᠠ ᠶᠢ ᠤᠯᠬᠤ ᠬᠡᠷᠡᠭᠲᠡᠢ᠃

    ᠲᠠᠭᠠᠭᠰᠠᠳ ᠪᠠᠷ᠎ᠠ ᠪᠤᠯᠵᠤ ᠪᠠᠶᠢᠴᠠᠭᠠᠨ ᠰᠤᠲᠤᠯᠤᠯᠲᠠ ᠬᠢᠬᠦ ᠶᠢ ᠦᠨᠳᠦᠰᠦᠨ ᠡᠴᠡ ᠨᠢ ᠲᠠᠰᠤᠯᠵᠤ᠂ ᠤᠲᠤᠷᠢᠳᠬᠤ ᠺᠠᠳ᠋ᠷ ᠪᠠᠶᠢᠴᠠᠭᠠᠨ ᠰᠤᠲᠤᠯᠬᠤ ᠦᠨᠳᠦᠰᠦᠨ ᠴᠢᠲᠠᠪᠬᠢ ᠪᠠᠨ ᠲᠡᠭᠡᠭ᠍ᠰᠢᠯᠡᠬᠦᠯᠵᠦ᠂ ᠠᠰᠠᠭᠤᠲᠠᠯ ᠢ ᠢᠯᠡᠷᠡᠬᠦᠯᠬᠦ᠂ ᠠᠰᠠᠭᠤᠲᠠᠯ ᠢ ᠰᠢᠢᠳᠪᠦᠷᠢᠯᠡᠬᠦ ᠴᠢᠲᠠᠪᠤᠷᠢ ᠪᠠᠨ ᠰᠠᠶᠢᠵᠢᠷᠠᠭᠤᠯᠤᠨ᠂ ᠪᠠᠶᠢᠴᠠᠭᠠᠨ ᠰᠤᠲᠤᠯᠤᠯᠲᠠ ᠶᠢᠨ ᠪᠤᠲᠠᠲᠤ ᠦᠷ᠎ᠠ ᠪᠦᠲᠦᠮᠵᠢ ᠭᠠᠷᠭᠠᠬᠤ ᠬᠡᠷᠡᠭᠲᠡᠢ᠃ ᠡᠭᠦᠨ ᠤ ᠬᠠᠮᠲᠤ ᠪᠠᠶᠢᠴᠠᠭᠠᠨ ᠰᠤᠲᠤᠯᠤᠯᠲᠠ ᠬᠢᠬᠦ ᠶᠢ ᠨᠠᠮᠴᠢ ᠴᠢᠨᠠᠷ ᠢᠶᠡᠨ ᠴᠢᠩᠭ᠋ᠠᠳᠬᠠᠬᠤ᠂ ᠤᠪᠤᠷ ᠰᠤᠷᠲᠠᠯ ᠢᠶᠡᠨ ᠬᠠᠲᠠᠭᠤᠵᠢᠭᠤᠯᠬᠤ ᠶᠠᠪᠤᠴᠠ ᠪᠤᠯᠭᠠᠨ᠂ ᠲᠦᠪ ᠤᠨ ᠨᠠᠶ᠋ᠮᠠᠨ ᠵᠤᠷᠪᠤᠰ ᠲᠤᠭᠲᠠᠭᠠᠯ ᠤᠨ ᠵᠤᠷᠢᠭ ᠰᠠᠨᠠᠭ᠎ᠠ ᠶᠢ ᠲᠡᠷᠡ ᠴᠢᠭ᠌ ᠢᠶᠡᠷ ᠨᠢ ᠬᠡᠷᠡᠭᠵᠢᠬᠦᠯᠵᠦ᠂ ᠪᠠᠶᠢᠴᠠᠭᠠᠨ ᠰᠤᠲᠤᠯᠤᠯᠲᠠ ᠶᠢᠨ ᠰᠢᠯᠢᠲᠡᠭ ᠰᠠᠶᠢᠨ ᠤᠯᠠᠮᠵᠢᠯᠠᠯ ᠢ ᠦᠨᠡᠨ ᠬᠦ ᠪᠠᠲᠠᠷᠠᠭᠤᠯᠵᠤ᠂ 《ᠤᠯᠠᠨ ᠲᠦᠮᠡᠨ ᠲᠠᠢ ᠤᠶᠢᠷᠠᠲᠤᠭᠰᠠᠨ᠂ ᠦᠨᠡᠮᠰᠢᠯ ᠲᠠᠢ ᠦᠷ᠎ᠡ ᠪᠦᠲᠦᠮᠵᠢ ᠲᠠᠢ》ᠪᠠᠶᠢᠴᠠᠭᠠᠨ ᠰᠤᠲᠤᠯᠤᠯᠲᠠ ᠶᠢᠨ ᠰᠢᠨ᠎ᠡ ᠤᠷᠴᠢᠨ ᠢ ᠪᠦᠷᠢᠯᠲᠦᠬᠦᠯᠪᠡᠯ ᠵᠤᠬᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121344740