蒙古文网站Logo
ᠰᠢᠨᠬᠤᠸᠠ ᠮᠤᠩᠭ᠋ᠤᠯ ᠨᠧᠲ

ᠯᠢ ᠵᠢᠢ ᠡᠾᠧᠩ ᠪᠦᠬᠦ ᠤᠷᠤᠨ ᠤ ᠶᠠᠲᠠᠭᠤ ᠡᠴᠡ ᠠᠩᠬᠢᠵᠢᠷᠠᠭᠤᠯᠬᠤ ᠪᠤᠭᠤᠮᠲᠠ ᠰᠢᠪᠲᠤᠯᠬᠤ ᠲᠠᠶᠢᠯᠯᠠᠲᠤᠭᠠᠨ ᠳ᠋ᠤ ᠡᠷᠡᠰ ᠢᠯᠡᠯᠲᠡ ᠤᠯᠬᠤ ᠬᠡᠷᠡᠭᠲᠡᠢ ᠭᠡᠵᠦ ᠴᠢᠬᠤᠯᠠᠴᠢᠯᠠᠪᠠ

2017-07-25 10:31

    7 ᠰᠠᠷ᠎ᠠ ᠶᠢᠨ 23 ᠤ ᠡᠳᠦᠷ᠂ ᠪᠦᠬᠦ ᠤᠷᠤᠨ ᠤ ᠣᠨᠴᠠ ᠶᠠᠳᠠᠭᠤ ᠬᠦᠴᠢᠷᠳᠡᠯ ᠲᠠᠢ ᠭᠠᠵᠠᠷ ᠤᠷᠤᠨ ᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠤᠯᠠᠭᠠᠨᠴᠠᠪ ᠬᠤᠳᠠ ᠶᠢᠨ ᠵᠦᠸᠧᠽᠢ ᠰᠢᠶᠠᠨ ᠳᠤ ᠬᠤᠷᠠᠯᠳᠤᠪᠠ᠃ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠶᠠᠷᠢᠶ᠎ᠠ ᠲᠠᠯᠪᠢᠪᠠ᠃ ᠳᠡᠷᠡ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠭᠦᠨ ᠨᠡᠭᠡᠭᠡᠨ ᠬᠦᠭ᠍ᠵᠢᠭᠦᠯᠭᠦ ᠲᠤᠬᠠᠢ ᠴᠢᠬᠤᠯᠠ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠣᠨᠴᠠ ᠶᠠᠳᠠᠭᠤ ᠬᠦᠴᠢᠷᠳᠡᠯ ᠲᠠᠢ ᠭᠠᠵᠠᠷ ᠤᠷᠤᠨ ᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠤᠨᠢᠨ ᠲᠡᠭᠡᠷ᠎ᠡ ᠨᠢ ᠶᠠᠳᠠᠭᠤ ᠶᠢ ᠲᠡᠳᠭᠦᠭᠦ ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠤ᠂ ᠣᠨᠴᠠ ᠶᠠᠳᠠᠭᠤ ᠬᠦᠴᠢᠷᠳᠡᠯ ᠲᠠᠢ ᠭᠠᠵᠠᠷ ᠤᠷᠤᠨ ᠤ ᠪᠣᠭᠤᠮᠳᠠ ᠶᠢ ᠬᠦᠴᠦᠯᠡᠨ ᠰᠢᠪᠳᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠡᠷᠡᠰ ᠰᠢᠭᠤᠷᠬᠠᠢ ᠢᠯᠠᠯᠳᠠ ᠣᠯᠵᠣ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠵᠤ ᠴᠢᠬᠤᠯᠠᠴᠢᠯᠠᠪᠠ᠃    

    ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠪᠦ᠋ ᠰᠢᠶᠤᠤ ᠯᠢᠨ᠂ ᠷᠧᠨ ᠶᠠ ᠫᠢᠩ᠂ ᠵᠠᠩ ᠶᠤᠸᠠᠨ ᠵᠦᠩ᠂ ᠶᠦᠨ ᠭᠤᠸᠠᠩ ᠵᠦᠩ᠂ ᠯᠦᠸᠧ ᠶᠦᠩ ᠭᠠᠩ᠂ ᠯᠢ ᠵᠢᠶᠧ ᠰᠢᠶᠠᠩ᠂ ᠸᠠᠩ ᠢᠤᠢ ᠮᠢᠩ᠂ ᠪᠠᠢ ᠰᠢᠶᠠᠩ ᠴᠢᠶᠦ᠋ᠨ ᠬᠤᠷᠠᠯ ᠳᠤ ᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠬᠤᠷᠠᠯ ᠢ ᠡᠷᠬᠢᠯᠡᠭᠦ ᠶᠢᠨ ᠬᠠᠮᠳᠤ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠡᠶᠢᠳᠡᠪᠦᠷᠵᠢᠭᠤᠯᠬᠤ ᠶᠢ ᠰᠠᠶᠢᠳᠤᠷ ᠠᠳᠬᠤᠬᠤ ᠲᠤᠬᠠᠢ ᠪᠤᠳᠠᠳᠠᠢ ᠪᠠᠶᠢᠷᠢᠯᠠᠭᠤᠯᠪᠠ᠃   

    ᠯᠢ ᠵᠢᠢ ᠾᠧᠩ᠂ ᠪᠦᠬᠦ ᠤᠷᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠡᠬᠢᠯᠡᠭᠰᠡᠨ ᠠᠴᠠ ᠨᠠᠰᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠨᠠᠮ ᠤᠨ ᠲᠦᠪ ᠬᠤᠷᠢᠶ᠎ᠠ ᠶᠢᠨ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠳᠦ ᠪᠤᠳᠤᠯᠭ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠠᠭᠤᠯᠵᠤ᠂ ᠣᠪᠣᠷ ᠡᠷᠡᠰ ᠰᠢᠭᠤᠷᠬᠠᠢ᠂ ᠠᠵᠢᠯᠯᠠᠭ᠎ᠠ ᠪᠣᠰᠢᠭᠤ ᠲᠦᠷᠭᠡᠨ᠂ ᠠᠵᠢᠯ ᠤᠨ ᠡᠷᠴᠢ ᠭᠦᠢᠴᠡᠳ ᠪᠠᠶᠢᠵᠣ᠂ ᠡᠯ᠎ᠠ ᠵᠦᠢᠯ ᠤᠨ ᠠᠵᠢᠯ ᠰᠢᠨ᠎ᠠ ᠠᠬᠢᠴᠠ ᠲᠠᠢ ᠪᠣᠯᠵᠣ ᠰᠢᠨ᠎ᠠ ᠦᠷ᠎ᠠ ᠪᠦᠳᠦᠮᠵᠢ ᠤᠯᠵᠤ᠂ ᠮᠠᠰᠢ ᠤᠯᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠬᠤᠷᠠᠮᠳᠤᠭᠤᠯᠪᠠ᠃ ᠠᠮᠵᠢᠯᠳᠡ ᠪᠠᠨ ᠪᠠᠳᠠᠷᠠᠭᠤᠯᠤᠨ᠂ ᠲᠤᠷᠰᠢᠯᠭ᠎ᠠ ᠪᠠᠨ ᠳ᠋ᠦᠩᠨᠡᠵᠤ᠂ ᠣᠨᠴᠠ ᠶᠠᠳᠠᠭᠤ ᠬᠦᠴᠢᠷᠳᠡᠯ ᠲᠠᠢ ᠭᠠᠵᠠᠷ ᠤᠷᠤᠨ ᠢᠶᠠᠷ ᠭᠤᠤᠯᠳᠠᠯᠭ᠎ᠠ ᠪᠤᠯᠭᠠᠵᠤ᠂《ᠵᠢᠷᠭᠤᠭᠠᠨ ᠤᠨᠢᠨ ᠲᠡᠭᠡᠷ᠎ᠡ ᠨᠢ》ᠪᠠᠶᠢᠬᠤ ᠱᠠᠭᠠᠷᠳᠠᠯᠭ᠎ᠠ ᠶᠢ ᠨᠡᠶᠢᠳᠡᠪᠦᠷᠢᠵᠢᠭᠤᠯᠬᠤ ᠪᠠ《ᠲᠠᠪᠤᠨ ᠨᠢᠭᠡ ᠪᠦᠯᠦᠭ》ᠢᠨᠵᠧᠨᠧᠷᠢᠩ ᠢ ᠬᠡᠷᠡᠭᠵᠢᠭᠦᠯᠭᠦ ᠪᠠᠷ ᠪᠠᠷᠢᠴᠠ ᠪᠤᠯᠭᠠᠵᠤ᠂ ᠠᠵᠢᠯ ᠢᠶᠠᠨ ᠣᠨᠣᠪᠴᠢᠳᠠᠢ ᠠᠳᠬᠤᠵᠤ᠂ ᠬᠦᠨᠴᠡ ᠳᠡᠰᠢ ᠠᠬᠢᠭᠤᠯᠤᠨ᠂ ᠪᠤᠳᠠᠳᠠᠢ ᠳᠤ ᠨᠡᠶᠢᠳᠡᠪᠦᠷᠢᠵᠢᠭᠤᠯᠵᠤ᠂ ᠮᠠᠨ ᠤ ᠤᠷᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠴᠢᠨᠠᠷ ᠪᠤᠯᠤᠨ ᠦᠷ᠎ᠠ ᠪᠦᠳᠦᠮᠵᠢ ᠶᠢ ᠴᠢᠨᠠᠬᠰᠢᠳᠠ ᠲᠡᠭᠡᠭ᠍ᠰᠢᠯᠡᠭᠦᠯᠭᠦ ᠬᠡᠷᠡᠭᠳᠡᠢ ᠬᠡᠵᠤ ᠵᠢᠭᠠᠵᠤ ᠭᠠᠷᠭᠠᠪᠠ᠃

    ᠯᠢ ᠵᠢᠢ ᠾᠧᠩ᠂ ᠡᠯ᠎ᠠ ᠱᠠᠳᠤᠨ ᠤ ᠬᠢᠨ《ᠵᠢᠷᠭᠤᠭᠠᠨ ᠤᠨᠢᠨ ᠲᠡᠭᠡᠷ᠎ᠡ ᠨᠢ》ᠪᠠᠶᠢᠬᠤ ᠱᠠᠭᠠᠷᠳᠠᠯᠭ᠎ᠠ ᠲᠠᠢ ᠬᠠᠷᠢᠴᠠᠭᠤᠯᠵᠤ᠂ ᠦᠵᠡᠯ ᠰᠠᠨᠠᠭ᠎ᠠ ᠲᠠᠨᠢᠯᠳᠠ ᠪᠠᠨ ᠬᠦᠨᠵᠡᠭᠡᠶᠢᠷᠡᠭᠦᠯᠦᠨ᠂ ᠠᠵᠢᠯ ᠤᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠶᠠᠳᠠᠭᠤ ᠶᠢ ᠲᠡᠳᠭᠦᠭᠦ ᠡᠳᠡᠭᠡᠳ ᠢᠶᠠᠨ ᠣᠨᠣᠪᠴᠢᠳᠠᠢ ᠢᠯᠭᠠᠵᠤ᠂ ᠶᠠᠳᠠᠭᠤᠷᠠᠭᠰᠠᠨ ᠰᠢᠯᠳᠠᠭᠠᠨ ᠢ ᠨᠢ ᠣᠨᠣᠪᠴᠢᠳᠠᠢ ᠡᠵᠡᠮᠰᠢᠵᠦ᠂ ᠶᠠᠳᠠᠭᠤ ᠶᠢ ᠲᠡᠳᠭᠦᠭᠦ ᠪᠠᠷᠢᠮᠵᠢᠶ᠎ᠠ ᠶᠢ ᠣᠨᠣᠪᠴᠢᠳᠠᠢ ᠬᠡᠷᠡᠭᠵᠢᠭᠦᠯᠵᠤ᠂ ᠶᠠᠳᠠᠭᠤ ᠠᠴᠠ ᠠᠩᠬᠢᠵᠢᠷᠠᠭᠤᠯᠬᠤ ᠴᠠᠭ ᠤᠨ ᠬᠢᠵᠠᠭᠠᠷ ᠪᠠ ᠴᠢᠨᠠᠷ ᠤᠨ ᠱᠠᠭᠠᠷᠳᠠᠯᠭ᠎ᠠ ᠶᠢ ᠣᠨᠣᠪᠴᠢᠳᠠᠢ ᠡᠵᠡᠮᠰᠢᠵᠤ᠂ ᠦᠨᠡᠨᠭᠦ ᠤᠨᠢᠨ ᠲᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠤ᠂ ᠤᠨᠢᠨ ᠲᠡᠭᠡᠷ᠎ᠠ ᠨᠢ ᠠᠬᠢᠭᠤᠯᠦᠨ᠂ ᠤᠨᠢᠨ ᠲᠡᠭᠡᠷ᠎ᠡ ᠨᠢ ᠨᠡᠶᠢᠳᠡᠪᠦᠷᠢᠵᠢᠭᠤᠯᠬᠤ ᠬᠡᠷᠡᠭᠳᠡᠢ᠃ ᠭᠤᠤᠯᠳᠠᠯᠭ᠎ᠠ ᠲᠠᠢ ᠡᠭᠦᠷᠭᠡ ᠳᠡᠭᠡᠷ᠎ᠡ ᠠᠩᠬᠠᠷᠤᠯ ᠢᠶᠠᠨ ᠲᠦᠪᠯᠡᠷᠡᠭᠦᠯᠵᠤ᠂ ᠵᠠᠩᠬᠢᠯᠠᠭ᠎ᠠ ᠶᠢᠨ ᠠᠷᠭ᠎ᠠ ᠬᠡᠮᠵᠢᠶ᠎ᠠ ᠶᠢ ᠪᠤᠳᠠᠳᠠᠢ ᠠᠳᠬᠤᠵᠤ᠂《ᠲᠠᠪᠤᠨ ᠨᠢᠭᠡ ᠪᠦᠯᠦᠭ》ᠢᠨᠵᠧᠨᠧᠷᠢᠩ ᠢ ᠪᠦᠳᠦᠭᠡᠯᠴᠢ ᠪᠠᠷ ᠰᠠᠶᠢᠳᠤᠷ ᠬᠡᠷᠡᠭᠵᠢᠭᠦᠯᠦᠨ᠂《ᠬᠤᠸᠠᠷ ᠬᠠᠳᠬᠤᠬᠤ》ᠮᠡᠳᠦ ᠬᠦᠴᠦ ᠣᠷᠣᠭᠤᠯᠵᠣ᠂ ᠦᠢᠯᠡᠳᠪᠦᠷᠢᠯᠡᠯ ᠢ ᠨᠢ ᠬᠦᠭ᠍ᠵᠢᠭᠦᠯᠦᠨ ᠶᠠᠳᠠᠭᠤ ᠠᠴᠠ ᠠᠩᠬᠢᠵᠢᠷᠠᠭᠤᠯᠬᠤ᠂ ᠤᠨᠳᠤᠤ ᠭᠠᠵᠠᠷ ᠨᠡᠭᠦᠯᠭᠡᠨ ᠶᠠᠳᠠᠭᠤ ᠠᠴᠠ ᠠᠩᠬᠢᠵᠢᠷᠠᠭᠤᠯᠬᠤ᠂ ᠠᠮᠢ ᠠᠬᠤᠢ ᠶᠢᠨ ᠨᠦᠬᠦᠪᠦᠷᠢ ᠪᠠᠷ ᠶᠠᠳᠠᠭᠤ ᠠᠴᠠ ᠠᠩᠬᠢᠵᠢᠷᠠᠭᠤᠯᠬᠤ᠂ ᠰᠤᠷᠭᠠᠨ ᠬᠦᠮᠦᠵᠢᠯ ᠢ ᠬᠦᠭ᠍ᠵᠢᠭᠦᠯᠦᠨ ᠶᠠᠳᠠᠭᠤ ᠠᠴᠠ ᠠᠩᠬᠢᠵᠢᠷᠠᠭᠤᠯᠬᠤ ᠪᠠ ᠨᠡᠶᠢᠭᠡᠮ ᠤᠨ ᠪᠠᠳᠣᠯᠠᠪᠣᠷᠢ ᠶᠢ ᠨᠢ ᠪᠦᠬᠦᠨ ᠢ ᠳᠠᠭᠠᠭᠠᠨ ᠠᠪᠬᠤ ᠳᠠᠯ᠎ᠠ ᠪᠠᠷ ᠤᠨᠢᠨ ᠲᠡᠭᠡᠷ᠎ᠡ ᠨᠢ ᠬᠦᠴᠦᠯᠡᠨ᠂ ᠦᠷᠭᠦᠯᠵᠢᠯᠡᠨ ᠬᠦᠴᠦ ᠣᠷᠣᠭᠤᠯᠵᠣ᠂ᠪᠦᠬᠦ ᠬᠦᠴᠦᠨ ᠢᠶᠠᠷ ᠢᠶᠠᠨ ᠪᠤᠭᠤᠮᠢ ᠶᠢ ᠡᠪᠳᠡᠨ᠂ ᠲᠤᠳᠠᠭᠤᠳᠠᠯ ᠢᠶᠠᠨ ᠨᠦᠬᠦᠪᠦᠷᠢᠯᠡᠵᠦ᠂ ᠪᠤᠳᠠᠳᠦ ᠦᠷ᠎ᠠ ᠪᠦᠳᠦᠮᠵᠢ ᠤᠯᠬᠤ ᠬᠡᠷᠡᠭᠳᠡᠢ ᠬᠡᠵᠤ ᠴᠢᠬᠤᠯᠠᠴᠢᠯᠠᠪᠠ᠃     

    ᠯᠢ ᠵᠢᠢ ᠾᠧᠩ᠂ ᠣᠨᠴᠠ ᠶᠠᠳᠠᠭᠤ ᠬᠦᠴᠢᠷᠳᠡᠯ ᠲᠠᠢ ᠭᠠᠵᠠᠷ ᠤᠷᠤᠨ ᠤ ᠪᠣᠭᠤᠮᠳᠠ ᠶᠢ ᠰᠢᠪᠳᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠣᠯᠬᠤ ᠳᠤ᠂ ᠨᠠᠮ ᠤᠨ ᠤᠳᠤᠷᠢᠳᠤᠯᠭ᠎ᠠ ᠶᠢ ᠴᠢᠩᠭ᠋ᠠᠳᠬᠠᠬᠤ ᠨᠢ ᠦᠨᠳᠦᠰᠦ᠂ ᠺᠠᠳ᠋ᠷ ᠤᠨ ᠰᠤᠷᠳᠠᠯ ᠢ ᠰᠠᠶᠢᠵᠢᠷᠠᠭᠤᠯᠬᠤ ᠨᠢ ᠵᠠᠩᠬᠢᠯᠠᠭ᠎ᠠ ᠪᠤᠯᠤᠨ᠎ᠠ᠃ ᠡᠨᠡᠭᠦ ᠬᠠᠳᠠᠭᠤ ᠲᠠᠶᠢᠯᠠᠯᠳᠤᠭᠠᠨ ᠲᠤᠮᠳᠠ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠵᠠᠪᠠᠯ ᠨᠡᠶᠢᠳᠡᠪᠦᠷᠢᠵᠢᠭᠤᠯᠵᠤ᠂ ᠠᠵᠢᠯ ᠤᠨ ᠡᠷᠴᠢᠮ ᠢᠶᠠᠨ ᠵᠠᠪᠠᠯ ᠴᠢᠩᠭ᠋ᠠᠷᠠᠭᠤᠯᠵᠤ᠂ ᠶᠠᠳᠠᠭᠤ ᠶᠢ ᠲᠡᠳᠭᠦᠭᠦ ᠪᠡᠯᠡ ᠮᠦᠩᠭᠦ ᠶᠢ ᠵᠠᠪᠠᠯ ᠰᠠᠶᠢᠳᠤᠷ ᠬᠡᠷᠡᠭᠯᠡᠵᠤ᠂ ᠲᠤᠳᠤᠭᠠᠳᠤ ᠬᠦᠳᠡᠯᠭᠡᠭ᠍ᠴᠢ ᠬᠦᠴᠦᠨ ᠢ ᠵᠠᠪᠠᠯ ᠰᠠᠶᠢᠳᠤᠷ ᠲᠠᠶᠢᠴᠢᠯᠠᠵᠤ᠂ ᠬᠢᠨᠠᠯᠳᠠ ᠲᠠᠯᠪᠢᠬᠤ ᠪᠠ ᠰᠢᠯᠭᠠᠨ ᠬᠢᠨᠠᠬᠤ ᠶᠢ ᠵᠠᠪᠠᠯ ᠴᠢᠩᠳᠠᠯᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠯ᠎ᠠ ᠵᠦᠢᠯ ᠤᠨ ᠬᠠᠷᠠᠯᠳᠠ ᠡᠭᠦᠷᠭᠡ ᠶᠢ ᠪᠤᠳᠠᠳᠠᠢ ᠳᠤ ᠨᠡᠶᠢᠳᠡᠪᠦᠷᠢᠵᠢᠭᠤᠯᠤᠨ ᠦᠷ᠎ᠠ ᠪᠦᠳᠦᠮᠵᠢ ᠭᠠᠷᠭᠠᠬᠤ ᠶᠢ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠵᠠᠢ᠃    

    ᠵᠦᠸᠧᠽᠢ ᠰᠢᠶᠠᠨ᠂ ᠬᠤᠷᠴᠢᠨ ᠵᠡᠭᠦᠨ ᠭᠠᠷᠤᠨ ᠬᠤᠶᠢᠳᠦ ᠬᠤᠰᠢᠭᠤ᠂ ᠬᠤᠸᠠᠳᠧ ᠰᠢᠶᠠᠨ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ᠂ ᠠᠤᠬᠠᠨ ᠬᠤᠰᠢᠭᠤ ᠵᠡᠷᠭᠡ 5 ᠣᠯᠣᠰ ᠤᠨ ᠳᠡᠰ ᠤᠨ ᠶᠠᠳᠠᠭᠤ ᠬᠦᠴᠢᠷᠳᠡᠯ ᠲᠠᠢ ᠬᠤᠰᠢᠭᠤ ᠰᠢᠶᠠᠨ ᠤ ᠨᠠᠮ ᠤᠨ ᠬᠤᠷᠢᠶ᠎ᠠ ᠶᠢᠨ ᠱᠦᠵᠢ ᠨᠡᠶᠢᠳᠡᠯᠢᠭ ᠵᠢᠱᠢᠶ᠎ᠠ ᠶᠢᠨ ᠦᠭᠡ ᠬᠡᠯᠡᠵᠤ᠂ ᠡᠯ᠎ᠠ ᠠᠶᠢᠮᠠᠭ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠤᠪᠤᠷ ᠢᠶᠠᠨ ᠢᠯᠡᠳᠭᠡᠭᠦ ᠦᠭᠡ ᠬᠡᠯᠡᠪᠡ᠃ ᠡᠯ᠎ᠠ ᠠᠶᠢᠮᠠᠭ ᠬᠤᠳᠠ᠂ ᠬᠤᠰᠢᠭᠤ ᠰᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠳ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃ 

    

    ᠬᠤᠷᠠᠯ ᠤᠨ ᠬᠤᠭᠤᠴᠠᠭᠠᠨ ᠳᠤ᠂ ᠬᠤᠷᠠᠯ ᠳᠤ ᠤᠷᠤᠯᠴᠠᠬᠰᠠᠨ ᠲᠦᠯᠦᠭᠡᠯᠡᠭᠴᠢᠳ ᠵᠦᠸᠧᠽᠢ ᠰᠢᠶᠠᠨ ᠤ ᠯᠢ ᠬᠤᠸᠠ ᠪᠠᠯᠭᠠᠰᠣᠨ ᠤ ᠱᠢ ᠽᠢ ᠭ᠍ᠧᠦ ᠳᠣᠰᠬᠤᠨ᠂ ᠬᠠᠭᠤᠷᠠᠢ ᠳᠣᠰᠬᠤᠨ᠂ ᠵᠢᠷᠭᠤᠭᠠᠨ ᠰᠣᠮᠣ ᠲᠤᠰᠬᠤᠨ ᠤ ᠨᠣᠭᠤᠭᠠᠨ ᠴᠡᠴᠡᠭᠳᠦ ᠨᠣᠭᠤᠭ᠎ᠠ ᠶᠢᠨ ᠳᠠᠷᠢᠮᠠᠯ ᠤᠨ ᠰᠠᠭᠤᠷᠢᠨ᠂ ᠵᠦᠸᠧᠽᠢ ᠱᠠᠨ ᠪᠠᠯᠭᠠᠰᠦ ᠶᠢᠨ ᠠᠮᠢ ᠠᠬᠤᠢ ᠶᠢᠨ ᠪᠠᠭ᠎ᠠ ᠲᠤᠭᠤᠷᠢᠭ᠂ ᠵᠦᠸᠧᠽᠢ ᠰᠢᠶᠠᠨ ᠤ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠦᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠦᠷᠴᠦ ᠲᠤᠭᠤᠷᠢᠨ ᠦᠵᠡᠵᠡᠢ᠃ 

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121374250