蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ᠄ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ ᠪᠦᠬᠦ ᠤᠷᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭ᠍ᠵᠢᠭᠦ ᠶᠢ ᠠᠬᠢᠭᠤᠯᠬᠤ ᠬᠡᠷᠡᠭᠳᠡᠢ

2017-07-26 09:22

    7 ᠰᠠᠷ᠎ᠠ ᠶᠢᠨ 25 ᠤ᠋ ᠦᠳᠡ ᠶᠢᠨ ᠡᠮᠦᠨ᠎ᠠ᠂ ᠦᠪᠦᠷ ᠮᠤᠩᠭ᠋ᠤᠯ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠪᠠᠶᠢᠩᠭ᠋ᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠵᠤ᠂ 7 ᠰᠠᠷ᠎ᠠ ᠶᠢᠨ 24 ᠤ᠋ ᠡᠳᠦᠷ ᠬᠤᠷᠠᠯᠳᠤᠬᠰᠠᠨ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠠᠴᠠ ᠵᠠᠳᠠᠯᠤᠨ ᠰᠤᠳᠤᠯᠤᠬᠰᠠᠨ ᠤᠳᠤᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠤᠨ ᠬᠠᠮᠢᠶ᠎ᠠ ᠪᠦᠬᠦᠢ ᠵᠤᠷᠢᠭ ᠰᠠᠨᠠᠭ᠎ᠠ ᠶᠢ ᠰᠤᠷᠤᠯᠴᠠᠵᠤ᠂ ᠮᠠᠨ ᠤ ᠤᠷᠤᠨ ᠤ ᠲᠤᠤᠱᠯᠠᠭᠤᠯᠤᠨ ᠨᠡᠶᠢᠳᠡᠪᠦᠷᠢᠵᠢᠭᠤᠯᠬᠤ ᠰᠠᠨᠠᠯ ᠢᠶᠠᠨ ᠰᠤᠳᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠡᠢ᠃        

    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠢ ᠡᠷᠬᠢᠯᠡᠨ ᠬᠤᠷᠠᠯᠳᠣᠭᠤᠯᠵᠣ᠂ ᠤᠳᠤᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ᠂ ᠲᠤᠤᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠪᠠᠶᠢᠷᠢᠯᠠᠭᠤᠯᠤᠬᠰᠠᠨ ᠶᠠᠪᠤᠳᠠᠯ ᠪᠤᠯ ᠪᠢᠳᠡᠡ ᠤ ᠠᠵᠤ ᠠᠬᠤᠢ ᠶᠢᠨ ᠠᠵᠢᠯ ᠢ ᠴᠢᠨᠠᠬᠰᠢᠳᠠ ᠰᠠᠶᠢᠳᠤᠷ ᠬᠢᠭᠦ ᠪᠠ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭ᠍ᠵᠢᠭᠦ ᠶᠢ ᠠᠬᠢᠭᠤᠯᠬᠤ ᠳᠤ ᠴᠦᠮ ᠲᠦᠢᠯ ᠤᠨ ᠴᠢᠬᠤᠯᠠ ᠵᠢᠯᠤᠭᠤᠳᠬᠤ ᠠᠴᠢ ᠬᠤᠯᠪᠤᠬᠳᠠᠯ ᠲᠠᠢ᠃ ᠪᠦᠬᠦ ᠤᠷᠤᠨ ᠤ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠭᠴᠢ ᠶᠢᠨ ᠤᠬᠠᠮᠰᠠᠷ᠂ ᠨᠢᠭᠡᠳᠦᠯᠳᠡᠢ ᠪᠠᠶᠢᠬᠤ ᠤᠬᠠᠮᠰᠠᠷ ᠢᠶᠠᠨ ᠴᠢᠩᠭ᠋ᠠᠷᠠᠭᠤᠯᠵᠤ᠂ ᠲᠦᠪ ᠤᠨ ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠤᠢᠢᠯᠠᠭᠠᠵᠣ᠂ ᠬᠦᠨᠵᠡᠭᠡᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠦᠵᠡᠯ ᠰᠠᠨᠠᠭ᠎ᠠ ᠲᠠᠨᠢᠯᠳᠠ ᠪᠠᠨ ᠦᠨᠡᠨᠭᠦ ᠨᠠᠮ ᠤᠨ ᠲᠦᠪ ᠬᠤᠷᠢᠶ᠎ᠠ ᠶᠢᠨ ᠤᠳᠤᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠵᠠᠳᠠᠯᠤᠯᠳᠠ ᠮᠠᠭᠠᠳᠯᠠᠯᠳᠠ ᠪᠠ ᠲᠤᠤᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠲᠡᠭᠡᠷ᠎ᠡ ᠨᠢᠭᠡᠳᠭᠡᠵᠤ᠂ ᠨᠢᠭᠡᠳᠦᠯᠳᠡᠢ ᠲᠦᠯᠦᠪᠵᠢᠭᠦᠯᠦᠨ ᠵᠤᠬᠢᠴᠠᠭᠤᠯᠬᠤ ᠶᠢ ᠰᠠᠶᠢᠳᠤᠷ ᠬᠢᠵᠤ᠂ ᠠᠵᠢᠯ ᠢᠶᠠᠨ ᠨᠠᠷᠢᠯᠢᠬ ᠨᠢᠮᠪᠠᠢ ᠬᠢᠵᠤ᠂ ᠲᠦᠷᠦ ᠶᠢᠨ ᠪᠤᠳᠤᠯᠭ᠎ᠠ ᠶᠢᠨ ᠬᠠᠮᠳᠤᠷᠠᠯ ᠬᠦᠴᠦᠨ ᠢ ᠪᠦᠷᠢᠯᠳᠦᠭᠦᠯᠵᠤ᠂ ᠨᠠᠮ ᠤᠨ ᠲᠦᠪ ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠳᠡᠷᠡ ᠬᠡᠪ ᠢᠶᠠᠷ ᠨᠢ ᠰᠠᠶᠢᠳᠤᠷ ᠲᠤᠤᠱᠯᠠᠭᠤᠯᠤᠨ ᠨᠡᠶᠢᠳᠡᠪᠦᠷᠢᠵᠢᠭᠤᠯᠬᠤ ᠬᠡᠷᠡᠭᠳᠡᠢ ᠭᠡᠵᠡᠢ᠃     ᠬᠤᠷᠠᠯ ᠠᠴᠠ᠂ ᠡᠨᠡ ᠵᠢᠯ ᠲᠤᠮᠤ ᠶᠠᠪᠤᠳᠠᠯ ᠤᠯᠠᠨ᠂ ᠴᠢᠬᠤᠯᠠ ᠶᠠᠪᠤᠳᠠᠯ ᠤᠯᠠᠨ᠂ ᠪᠠᠶᠠᠷᠳᠦ ᠶᠠᠪᠤᠳᠠᠯ ᠤᠯᠠᠨ᠂ ᠲᠤᠤᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠭᠦ ᠶᠢᠨ ᠠᠴᠢ ᠬᠤᠯᠪᠤᠬᠳᠠᠯ ᠴᠢᠬᠤᠯᠠ᠂ ᠡᠭᠦᠷᠭᠡ ᠬᠦᠨᠳᠦ ᠪᠠᠶᠢᠨ᠎ᠠ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭ᠋ᠤᠯ ᠳ᠋ᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠣᠭᠰᠠᠨ ᠠᠵᠢᠯ ᠢ ᠬᠠᠷᠢᠭᠤ ᠮᠡᠳᠡᠬᠦᠯᠵᠦ ᠰᠤᠯᠢᠯᠴᠠᠬᠤ ᠬᠤᠷᠠᠯ ᠤᠨ ᠪᠠᠶᠢᠷᠢᠯᠠᠭᠤᠯᠤᠯᠳᠠ ᠲᠤᠬᠢᠷᠠᠭᠤᠯᠤᠯᠳᠠ ᠶᠤᠰᠤᠭᠠᠷ᠂ ᠨᠡᠮᠡᠭᠳᠡᠯ ᠢ ᠳᠣᠭᠳᠠᠪᠣᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠭᠡᠭᠦ᠂ ᠲᠦᠭᠰᠢᠭᠦᠷᠢ ᠶᠢ ᠰᠡᠷᠬᠡᠶᠢᠯᠡᠭᠦ ᠡᠯ᠎ᠠ ᠵᠦᠢᠯ ᠤᠨ ᠠᠵᠢᠯ ᠢ ᠨᠢᠭᠡᠳᠦᠯᠳᠡᠢ ᠲᠦᠯᠦᠪᠵᠢᠭᠦᠯᠦᠨ ᠰᠠᠶᠢᠳᠤᠷ ᠬᠢᠵᠤ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠵᠤ᠂ ᠦᠪᠡᠷᠳᠡᠭᠡᠨ ᠵᠠᠰᠬᠠᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ᠃ ᠤᠳᠤᠬᠠᠨ ᠤ ᠠᠵᠤ ᠠᠬᠤᠢ ᠶᠢᠨ ᠪᠠᠶᠢᠳᠠᠯ ᠢ  ᠣᠨᠣᠪᠴᠢᠳᠠᠢ ᠡᠵᠡᠮᠰᠢᠵᠤ᠂ ᠬᠤᠷᠴᠠ ᠰᠡᠷᠭᠡᠭ ᠲᠠᠷᠢᠬᠢ ᠲᠤᠯᠤᠭᠠᠢ ᠪᠠ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠦ ᠶᠢ ᠪᠠᠳᠣᠯᠠᠵᠤ᠂ ᠠᠵᠢᠯ ᠢᠶᠠᠨ ᠨᠡᠩ ᠤᠶᠤᠨᠴᠢ ᠪᠠᠷ᠂ ᠪᠤᠳᠠᠳᠠᠢ ᠶᠢ ᠡᠷᠬᠢᠮᠯᠡᠨ᠂ ᠢᠳᠡᠪᠬᠢᠳᠡᠢ ᠬᠢᠵᠦ᠂ ᠲᠤᠪᠤᠶᠢᠮ᠎ᠠ ᠠᠰᠠᠭᠤᠳᠠᠯ ᠢ ᠦᠨᠡᠨᠭᠦ ᠰᠠᠶᠢᠳᠤᠷ ᠰᠢᠢᠳᠪᠦᠷᠢᠯᠡᠨ᠂ ᠲᠤᠬᠳᠠᠭᠤᠨ ᠤ ᠲᠤᠮᠳᠠ ᠰᠠᠶᠢᠵᠢᠷᠠᠬᠤ ᠬᠠᠨᠳᠤᠰᠢ ᠶᠢ ᠰᠠᠶᠢᠳᠤᠷ ᠪᠠᠳᠤᠯᠠᠵᠤ᠂ ᠵᠢᠯ ᠤᠨ ᠬᠠᠷᠠᠯᠳᠠ ᠪᠠᠨ ᠰᠠᠶᠢᠳᠤᠷ ᠪᠠᠶᠡᠯᠡᠭᠦᠯᠭᠦ ᠬᠡᠷᠡᠭᠳᠡᠢ᠃ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ᠌ ᠠᠶᠠᠰ ᠢ ᠬᠢᠨᠠᠮᠠᠭᠠᠢ ᠲᠤᠤᠱᠯᠠᠭᠤᠯᠵᠤ᠂ ᠲᠤᠬᠳᠠᠯ ᠬᠦᠴᠦ ᠪᠠᠨ ᠪᠠᠳᠤᠯᠠᠨ᠂ ᠯᠠᠪᠳᠠᠭᠤᠨ ᠪᠠᠳᠤᠳᠠᠢ ᠠᠵᠢᠯᠯᠠᠵᠤ᠂ ᠬᠤᠷᠢᠭ᠎ᠠ ᠱᠤᠭᠤᠮ ᠢ ᠪᠠᠳᠤ ᠰᠠᠬᠢᠨ᠂ ᠠᠵᠤ ᠠᠬᠤᠢ ᠶᠢᠨ ᠡᠷᠬᠢᠯᠳᠡ ᠳᠤ ᠶᠡᠭᠡ ᠬᠡᠯᠪᠡᠯᠵᠡᠯ ᠭᠠᠷᠬᠤ ᠶᠢ ᠬᠤᠷᠢᠬᠯᠠᠬᠤ ᠮᠦᠷᠳᠡᠭᠡᠨ ᠪᠠᠰᠠ ᠢᠳᠡᠪᠬᠢᠳᠡᠢ ᠤᠷᠤᠬᠰᠢᠯᠠᠨ ᠲᠠᠪᠰᠢᠵᠤ᠂ ᠬᠤᠪᠢᠷᠠᠬᠤ ᠲᠤᠮᠳᠠ ᠰᠢᠨ᠎ᠠ ᠶᠢ ᠰᠦᠪᠡᠭ᠍ᠴᠢᠯᠡᠵᠦ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠭᠦ᠂ ᠦᠭᠡᠷᠡᠴᠢᠯᠡᠯᠳᠡ ᠨᠡᠭᠡᠭᠡᠯᠳᠡ ᠬᠢᠭᠦ᠂ ᠠᠷᠠᠳ ᠤᠨ ᠠᠮᠢᠳᠤᠷᠠᠯ ᠤᠨ ᠪᠠᠶᠢᠭᠤᠯᠤᠯᠳᠠ ᠵᠡᠷᠭᠡ ᠵᠠᠩᠬᠢᠯᠠᠭ᠎ᠠ ᠶᠢᠨ ᠬᠦᠷᠢᠶᠡᠨ ᠳᠤ ᠰᠢᠨ᠎ᠠ ᠰᠢᠪᠳᠤᠯᠤᠯᠳᠠ ᠭᠠᠷᠭᠠᠬᠤ ᠪᠠᠷ ᠬᠦᠴᠦᠯᠡᠭᠦ ᠬᠡᠷᠡᠭᠳᠡᠢ᠃ ᠬᠠᠩᠭ᠋ᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠶᠡᠭᠡᠪᠡᠷ ᠠᠬᠢᠭᠤᠯᠵᠤ᠂ᠵᠤᠭᠰᠤᠩᠬᠢᠷᠠᠭᠰᠠᠨ ᠠᠵᠤ ᠠᠬᠤᠢᠢᠯᠠᠯ》 ᠢ᠋ᠰᠢᠢᠳᠪᠦᠷᠢᠯᠡᠭᠦ ᠠᠵᠢᠯ ᠢ ᠯᠠᠪᠳᠠᠭᠤᠨ ᠪᠠᠳᠤᠳᠠᠢ ᠦᠷ᠎ᠡ ᠪᠦᠳᠦᠮᠵᠢᠳᠡᠢ ᠰᠠᠶᠢᠳᠤᠷ ᠬᠢᠵᠤ᠂ ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠦᠭᠴᠡᠭᠡ ᠶᠢᠨ ᠲᠦᠭᠰᠢᠭᠦᠷᠢ ᠶᠢ ᠯᠠᠪᠳᠠᠭᠤᠨ ᠢᠶᠠᠷ ᠨᠠᠮᠳᠠᠭᠤᠯᠵᠤ᠂ ᠤᠷᠤᠨ ᠨᠤᠳᠤᠭ ᠤᠨ ᠮᠦᠩᠭᠦᠨ ᠬᠦᠢᠯᠭᠡᠭᠡ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠵᠤ᠂ ᠬᠡᠷ ᠭᠠᠵᠠᠷ ᠤᠨ ᠬᠦᠷᠦᠩᠭᠡ ᠶᠢᠨ ᠵᠠᠬ᠎ᠠ ᠲᠡᠯᠭᠡᠭᠦᠷ ᠢ ᠴᠢᠷᠮᠠᠶᠢᠨ ᠲᠤᠬᠳᠠᠪᠤᠷᠢᠵᠢᠭᠤᠯᠵᠤ᠂ ᠰᠠᠭᠤᠷᠢ ᠲᠦᠭᠦᠭᠡᠷᠦᠮᠵᠢ ᠶᠢᠨᠲᠤᠯᠤᠭᠠᠨ ᠲᠤᠤᠷ》ᠢ᠋ ᠬᠠᠮᠳᠤ ᠳᠤᠨᠢ ᠪᠠᠶᠢᠭᠤᠯᠬᠤ ᠪᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠣ ᠪᠠᠶᠢᠭ᠎ᠠ ᠠᠵᠤ ᠦᠢᠯᠡᠰ ᠤᠨᠲᠤᠯᠤᠭᠠᠨ ᠠᠵᠤ ᠦᠢᠯᠡᠰ》ᠢ᠋ ᠵᠡᠷᠬᠡᠪᠡᠷ ᠮᠠᠨᠳᠤᠭᠤᠯᠬᠤ ᠶᠢ ᠶᠡᠭᠡᠪᠡᠷ ᠠᠬᠢᠭᠤᠯᠵᠤ᠂ ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠶᠢ ᠦᠨᠡᠨ ᠪᠣᠳᠠᠳᠣ ᠠᠬᠢᠯᠳᠠ ᠲᠠᠢ ᠪᠣᠯᠭᠠᠬᠤ ᠶᠢ ᠠᠬᠢᠭᠤᠯᠬᠤ ᠬᠡᠷᠡᠭᠳᠡᠢ᠃ ᠠᠷᠠᠳ ᠤᠨ ᠠᠮᠢᠳᠤᠷᠠᠯ ᠤᠨ ᠠᠵᠢᠯ ᠢ ᠰᠡᠳᠬᠢᠯ ᠲᠠᠯᠪᠢᠨ ᠬᠦᠴᠦ ᠤᠷᠤᠭᠤᠯᠤᠨ ᠰᠠᠶᠢᠳᠤᠷ ᠬᠢᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠳᠣᠷ ᠬᠢᠵᠦ᠂ ᠰᠤᠷᠭᠠᠨ ᠬᠦᠮᠦᠵᠢᠯ ᠡᠷᠡᠭᠦᠯ ᠬᠠᠮᠠᠭᠠᠯᠠᠯ᠂ ᠨᠡᠶᠢᠭᠡᠮ ᠤᠨ ᠪᠠᠳᠤᠯᠠᠪᠤᠷᠢ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠨᠢᠭᠡᠳᠦᠯᠳᠡᠢ ᠲᠦᠯᠦᠪᠵᠢᠭᠦᠯᠦᠨ ᠰᠠᠶᠢᠳᠤᠷ ᠬᠢᠵᠤ᠂ ᠭᠠᠮᠰᠢᠬᠳᠠᠬᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠳᠤᠷ ᠪᠠᠳᠤᠯᠠᠬᠤ ᠬᠡᠷᠡᠭᠳᠡᠢ᠃ ᠡᠶ᠎ᠡ ᠵᠤᠬᠢᠴᠠᠩᠭ᠋ᠤᠢ ᠲᠤᠬᠳᠠᠭᠤᠨ ᠢ ᠬᠠᠮᠠᠭᠠᠯᠠᠬᠤ ᠴᠢᠬᠤᠯᠠ ᠬᠠᠷᠢᠭᠤᠴᠠᠯᠭ᠎ᠠ ᠶᠢ ᠦᠨᠡᠨᠭᠦ ᠡᠭᠦᠷᠭᠡᠯᠡᠵᠤ᠂ ᠴᠢᠬᠤᠯᠠ ᠬᠤᠷᠠᠯ᠂ ᠴᠢᠬᠤᠯᠠ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠠᠵᠢᠯ ᠢ ᠨᠢᠮᠪᠠᠢ  ᠰᠠᠶᠢᠳᠤᠷ ᠬᠢᠵᠤ᠂ ᠫᠤᠤ ᠰᠤᠮᠤ ᠶᠢ ᠬᠤᠷᠢᠶᠠᠨ ᠲᠡᠯᠪᠡᠷᠡᠭᠦ ᠡᠳ᠋ ᠢ ᠬᠠᠮᠢᠶᠠᠷᠤᠨ ᠵᠠᠰᠠᠬᠤ ᠪᠠ 《ᠱᠠᠯᠢᠭ ᠵᠠᠪᠬᠠᠢ ᠵᠤᠭᠤᠰ ᠮᠦᠷᠦ᠋ᠢᠴᠡᠭᠦ ᠬᠤᠤᠷ᠎ᠠ ᠲᠠᠳᠠᠵᠤ ᠰᠠᠷᠢᠭᠠᠯᠠᠬᠤ》ᠠᠵᠢᠯᠯᠠᠭ᠎ᠠ ᠳᠤ ᠴᠤᠬᠢᠯᠳᠠ ᠦᠭ᠍ᠭᠦ ᠲᠤᠰᠬᠠᠢ ᠠᠵᠢᠯᠯᠠᠭ᠎ᠠ ᠶᠢ ᠬᠦᠨᠵᠡᠭᠡᠢ ᠦᠷᠨᠢᠭᠦᠯᠦᠨ᠂ ᠨᠡᠶᠢᠭᠡᠮ ᠤᠨ ᠵᠦᠷᠢᠴᠡᠯ ᠵᠢᠭᠤᠷᠭᠠᠨ ᠢ ᠦᠷᠭᠦᠯᠵᠢᠯᠡᠨ ᠨᠠᠮᠳᠠᠭᠤᠯᠵᠤ᠂ ᠠᠶᠤᠯᠭᠦᠢ ᠦᠢᠯᠡᠳᠪᠦᠷᠢᠯᠡᠯ ᠢ ᠲᠠᠰᠤᠷᠠᠯᠳᠠ ᠦᠭᠡᠢ ᠴᠢᠩᠭ᠋ᠠᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠤᠷᠠᠯᠳᠤᠬᠤ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠡᠭᠦᠳᠦᠨ ᠦᠭ᠍ᠬᠦ ᠬᠡᠷᠡᠭᠳᠡᠢ ᠬᠡᠵᠤ ᠴᠢᠬᠤᠯᠠᠴᠢᠯᠠᠵᠠᠢ᠃        

    ᠬᠤᠷᠠᠯ ᠠᠴᠠ᠂ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠬᠢᠨᠠᠨ ᠵᠦᠪᠯᠡᠭᠦᠯᠭᠦ ᠪᠠᠷ ᠲᠡᠪᠰᠢᠭᠦᠯᠦᠭᠰᠡᠨ ᠲᠦᠪ ᠤᠨ ᠲᠤᠭᠤᠷᠢᠨ ᠪᠠᠶᠢᠴᠠᠭᠠᠵᠤ 《ᠡᠷᠬᠢᠨ ᠬᠠᠷᠠᠵᠤ》ᠬᠠᠷᠢᠭᠤ ᠲᠤᠰᠬᠠᠬᠰᠠᠨ ᠰᠠᠨᠠᠯᠶᠤᠰᠤᠭᠠᠷ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠲᠦᠷᠢᠮ ᠤᠨ ᠪᠠᠶᠢᠭᠤᠯᠤᠯᠳᠠ ᠶᠢᠨ ᠬᠠᠮᠢᠶ᠎ᠠ ᠪᠦᠬᠦᠢ ᠪᠢᠴᠢᠭ᠌ ᠮᠠᠲ᠋ᠧᠷᠢᠶᠠᠯ ᠪᠠ ᠲᠤᠰᠬᠠᠢ ᠴᠡᠭᠴᠡᠯᠡᠨ ᠵᠠᠰᠠᠬᠤ ᠬᠠᠮᠢᠶ᠎ᠠ ᠪᠦᠬᠦᠢ ᠰᠠᠨᠠᠯ ᠢ ᠵᠠᠷᠴᠢᠮ ᠲᠡᠭᠡᠷ᠎ᠡ ᠪᠠᠨ ᠪᠠᠳᠤᠯᠠᠪᠠ᠃

ᠢᠷᠡᠯᠳᠡ᠄ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121380515