蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ᠄ ᠨᠠᠮ ᠤᠨ ᠲᠦᠪ ᠬᠤᠷᠢᠶ᠎ᠠ ᠶᠢᠨ ᠲᠤᠭᠳᠠᠭᠠᠯ ᠢ ᠡᠷᠡᠰ ᠬᠦᠷᠢᠶᠡᠯᠡᠵᠤ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠠ ᠲᠦᠪᠯᠡᠷᠡᠬᠦᠯᠦᠭᠰᠡᠨ ᠨᠢᠭᠡᠳᠦᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ

2017-07-28 11:18

    7 ᠰᠠᠷ᠎ᠠ ᠶᠢᠨ 24 ᠤ᠋ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠰᠦᠨ ᠵᠧᠩ ᠼᠠᠢ ᠨᠦᠬᠦᠷ ᠤᠨ ᠰᠠᠬᠢᠯᠭ᠎ᠠ ᠪᠠᠳᠤ ᠶᠢ ᠬᠦᠨᠳᠦ ᠨᠤᠴᠢᠳᠠᠢ ᠵᠦᠷᠢᠴᠡᠭᠰᠡᠨ ᠢᠶᠠᠷ ᠰᠡᠵᠢᠭᠯᠡᠭᠳᠡᠭᠰᠡᠨ ᠠᠰᠠᠭᠤᠳᠠᠯ ᠢ ᠬᠡᠷᠡᠭ ᠪᠤᠯᠭᠠᠨ ᠲᠠᠩᠰᠠᠯᠠᠵᠤ ᠬᠢᠨᠠᠨ ᠪᠠᠶᠢᠴᠠᠭᠠᠬᠤ ᠪᠠᠷ ᠲᠤᠬᠳᠠᠪᠠ᠃ ᠮᠦᠨ ᠡᠳᠦᠷ ᠤᠨ ᠤᠷᠤᠢ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠪᠠᠶᠢᠩᠭ᠋ᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠲᠦᠪ ᠬᠤᠷᠢᠶ᠎ᠠ ᠶᠢᠨ ᠰᠦᠨ ᠵᠧᠩ ᠼᠠᠢ ᠨᠦᠬᠦᠷ ᠤᠨ ᠰᠠᠬᠢᠯᠭ᠎ᠠ ᠪᠠᠳᠤ ᠶᠢ ᠬᠦᠨᠳᠦ ᠨᠤᠴᠢᠳᠠᠢ ᠵᠦᠷᠢᠴᠡᠭᠰᠡᠨ ᠢᠶᠠᠷ ᠰᠡᠵᠢᠭᠯᠡᠭᠳᠡᠭᠰᠡᠨ ᠠᠰᠠᠭᠤᠳᠠᠯ ᠢ ᠬᠡᠷᠡᠭ ᠪᠤᠯᠭᠠᠨ ᠲᠠᠩᠰᠠᠯᠠᠵᠤ ᠬᠢᠨᠠᠨ ᠪᠠᠶᠢᠴᠠᠭᠠᠬᠤ ᠲᠤᠬᠳᠠᠭᠠᠯ ᠢ ᠤᠯᠠᠮᠵᠢᠯᠠᠨ ᠰᠤᠷᠤᠯᠴᠠᠪᠠ᠃ ᠬᠤᠷᠠᠯ ᠳᠤ ᠤᠷᠤᠯᠴᠠᠬᠰᠠᠨ ᠨᠦᠬᠦᠳ ᠨᠠᠮ ᠤᠨ ᠲᠦᠪ  ᠬᠤᠷᠢᠶ᠎ᠠ ᠶᠢᠨ ᠲᠤᠬᠳᠠᠭᠠᠯ ᠢ ᠡᠷᠡᠰ ᠬᠦᠷᠢᠶᠡᠯᠡᠨ᠎ᠠ ᠬᠡᠵᠤ ᠰᠠᠨᠠᠯ ᠨᠢᠭᠡᠳᠡᠢ ᠢᠯᠡᠷᠬᠡᠶᠢᠯᠡᠵᠡᠢ᠃        

    ᠬᠤᠷᠠᠯ ᠠᠴᠠ᠂ ᠨᠠᠮ ᠤᠨ ᠲᠦᠪ ᠬᠤᠷᠢᠶ᠎ᠠ ᠰᠦᠨ ᠵᠧᠩ ᠼᠠᠢ ᠨᠦᠬᠦᠷ ᠤᠨ ᠰᠠᠬᠢᠯᠭ᠎ᠠ ᠪᠠᠳᠤ ᠶᠢ ᠬᠦᠨᠳᠦ ᠨᠤᠴᠢᠳᠠᠢ ᠵᠦᠷᠢᠴᠡᠭᠰᠡᠨ ᠢᠶᠠᠷ ᠰᠡᠵᠢᠭᠯᠡᠭᠳᠡᠭᠰᠡᠨ ᠠᠰᠠᠭᠤᠳᠠᠯ ᠢ ᠬᠡᠷᠡᠭ ᠪᠤᠯᠭᠠᠨ ᠲᠠᠩᠰᠠᠯᠠᠵᠤ ᠬᠢᠨᠠᠨ ᠪᠠᠶᠢᠴᠠᠭᠠᠬᠤ ᠪᠠᠷ ᠲᠤᠬᠳᠠᠬᠰᠠᠨ ᠨᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠨᠠᠮ ᠨᠢ ᠨᠠᠮ ᠢᠶᠠᠨ ᠬᠠᠮᠢᠶᠠᠷᠴᠤ᠂ ᠨᠠᠮ ᠢᠶᠠᠨ ᠪᠦᠬᠦ ᠲᠠᠯ᠎ᠠ ᠪᠠᠷ ᠴᠢᠩᠭ᠋᠎ᠠ ᠵᠠᠰᠠᠬᠤ ᠢᠯᠡ ᠲᠤᠳᠤ ᠤᠪᠤᠷ ᠪᠠ ᠡᠷᠡᠰ ᠰᠢᠭᠤᠷᠬᠠᠢ ᠵᠤᠷᠢᠭ ᠢ ᠬᠦᠢᠴᠡᠳ ᠬᠠᠷᠠᠭᠤᠯᠵᠤ᠂ ᠮᠠᠨ ᠤ ᠨᠠᠮ ᠤᠨ ᠰᠠᠬᠢᠯᠭ᠎ᠠ ᠪᠠᠳᠤ ᠶᠢᠨ ᠡᠮᠦᠨ᠎ᠠ ᠬᠦᠮᠦᠨ ᠪᠦᠬᠦᠨ ᠡᠷᠭᠡ ᠲᠡᠭᠰᠢ ᠪᠠᠶᠢᠬᠤ ᠵᠠᠷᠴᠢᠮ ᠢ ᠪᠠᠷᠢᠮᠳᠠᠯᠠᠬᠤ ᠶᠢ ᠬᠦᠢᠴᠡᠳ ᠢᠯᠡᠷᠡᠭᠦᠯᠵᠤ᠂ ᠨᠠᠮ ᠢᠶᠠᠨ ᠪᠦᠬᠦ ᠲᠠᠯ᠎ᠠ ᠪᠠᠷ ᠴᠢᠩᠭ᠋᠎ᠠ ᠵᠠᠰᠠᠬᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠴᠢᠩᠭ᠋ᠠᠳᠬᠠᠬᠤ ᠪᠠ ᠢᠯᠵᠢᠷᠠᠯ ᠢ ᠡᠰᠡᠷᠭᠦᠴᠡᠭᠦ ᠲᠡᠮᠡᠴᠡᠯ ᠢ ᠵᠣᠭᠰᠣᠯ ᠦᠭᠡᠢ ᠬᠢᠬᠦ ᠶᠢ ᠬᠦᠢᠴᠡᠳ ᠲᠤᠳᠤᠷᠬᠠᠢᠢᠯᠠᠵᠣ ᠪᠠᠶᠢᠨ᠎ᠠ ᠭᠡᠵᠦ ᠦᠵᠡᠪᠡ᠃      

    ᠬᠤᠷᠠᠯ ᠠᠴᠠ᠂ ᠪᠦᠬᠦ ᠣᠷᠣᠨ ᠤ ᠡᠯ᠎ᠡ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠪᠣᠯᠣᠨ ᠦᠷᠭᠡᠨ ᠣᠯᠠᠨ ᠨᠠᠮ ᠤᠨ ᠭᠡᠰᠢᠭᠦᠨ ᠺᠠᠳ᠋ᠷᠴᠣᠳ ᠣᠯᠣᠰ ᠲᠦᠷᠦ ᠶᠢᠨ ᠣᠬᠠᠮᠰᠠᠷ᠂ ᠶᠡᠭᠡ ᠳᠠᠯ᠎ᠠ ᠶᠢᠨ ᠣᠬᠠᠮᠰᠠᠷ᠂ ᠭᠤᠣᠯᠯᠠᠬᠤ ᠣᠬᠠᠮᠰᠠᠷ᠂ ᠨᠢᠭᠡᠳᠦᠯᠳᠡᠢ ᠪᠠᠶᠢᠬᠤ ᠣᠬᠠᠮᠰᠠᠷ ᠢᠶᠠᠨ ᠴᠢᠨᠠᠭᠰᠢᠳᠠ ᠴᠢᠩᠭ᠋ᠠᠷᠠᠭᠤᠯᠵᠤ᠂ ᠦᠵᠡᠯ ᠰᠠᠨᠠᠭ᠎ᠠ ᠳᠠᠨᠢᠯᠳᠠ ᠪᠠᠨ ᠦᠨᠡᠨᠬᠦ ᠨᠠᠮ ᠤᠨ ᠲᠦᠪ ᠬᠤᠷᠢᠶ᠎ᠠ ᠶᠢᠨ ᠳᠣᠭᠳᠠᠭᠠᠯ ᠳᠡᠭᠡᠷ᠎ᠡ ᠨᠢᠭᠡᠳᠭᠡᠵᠦ᠂ ᠨᠠᠮ ᠤᠨ ᠲᠦᠪ ᠬᠤᠷᠢᠶ᠎ᠠ ᠶᠢᠨ ᠡᠷᠡᠰ ᠭᠤᠶᠢᠪᠢᠰᠢ ᠦᠭᠡᠢ ᠪᠠᠷ ᠢᠯᠵᠢᠷᠡᠯ ᠢ ᠵᠠᠯᠬᠠᠭᠠᠨ ᠵᠠᠰᠠᠬᠤ ᠡᠷᠴᠢ ᠵᠣᠷᠢᠭ ᠪᠣᠯᠣᠨ ᠪᠠᠷᠢᠮᠳᠠᠯᠠᠯ ᠢ ᠭᠦᠨᠵᠡᠭᠡᠢ ᠣᠢᠢᠯᠠᠭᠠᠵᠣ᠂ ᠨᠡᠩ ᠡᠷᠡᠰ ᠪᠠᠳᠣ ᠣᠬᠠᠮᠰᠠᠷ ᠠᠴᠠ ᠪᠠᠨ ᠦᠵᠡᠯ ᠰᠠᠨᠠᠭ᠎ᠠ ᠣᠯᠣᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠳᠡᠢ ᠪᠠᠶᠢᠵᠣ᠂ ᠨᠠᠮ ᠤᠨ ᠲᠦᠪ ᠬᠤᠷᠢᠶ᠎ᠠ ᠶᠢᠨ ᠡᠷᠬᠡ ᠰᠦᠷ ᠪᠣᠯᠣᠨ ᠲᠦᠪᠯᠡᠷᠡᠭᠦᠯᠦᠭᠰᠡᠨ ᠨᠢᠭᠡᠳᠦᠯᠳᠡᠢ ᠣᠳᠣᠷᠢᠳᠣᠯᠭ᠎ᠠ ᠶᠢ ᠡᠷᠡᠰ ᠭᠤᠶᠢᠪᠢᠰᠢ ᠦᠭᠡᠢ ᠬᠠᠮᠠᠭᠠᠯᠠᠬᠤ ᠬᠡᠷᠡᠭᠳᠡᠢ᠃ ᠬᠦᠰᠡᠯᠡᠩ ᠢᠳᠡᠭᠡᠯ ᠪᠢᠰᠢᠷᠡᠯ ᠢᠶᠠᠨ ᠪᠠᠳᠣᠳᠬᠠᠵᠣ᠂ ᠨᠠᠮᠴᠢ ᠴᠢᠨᠠᠷ ᠤᠨ ᠪᠣᠯᠪᠠᠰᠣᠷᠠᠯ ᠢᠶᠠᠨ ᠴᠢᠩᠭ᠋ᠠᠳᠬᠠᠵᠤ᠂ ᠡᠷᠬᠡ ᠶᠢᠨ ᠡᠷᠭᠢᠯᠳᠡ ᠶᠢ ᠵᠢᠷᠣᠮᠵᠢᠭᠤᠯᠵᠣ᠂ ᠡᠷᠡᠭᠦᠯ ᠰᠠᠷᠠᠭᠤᠯ ᠠᠮᠢᠳᠣᠷᠠᠯ ᠤᠨ ᠳᠣᠷ᠎ᠠ ᠪᠠᠬ᠎ᠠ ᠶᠢ ᠬᠦᠮᠦᠵᠢᠭᠦᠯᠵᠦ᠂ ᠡᠷᠬᠢᠮ ᠳᠡᠭᠡᠳᠦ ᠣᠶᠣᠨ ᠰᠠᠨᠠᠭᠠᠨ ᠤ ᠬᠦᠭᠡᠭᠡᠴᠡᠯᠳᠦᠯ ᠢᠶᠠᠨ ᠪᠠᠷᠢᠮᠲᠠᠯᠠᠵᠦ᠂ ᠢᠯᠵᠢᠷᠡᠬᠤ ᠶᠢ ᠡᠰᠡᠷᠭᠦᠴᠡᠨ ᠴᠢᠨᠠᠷ ᠬᠤᠪᠢᠷᠠᠬᠤ ᠶᠢ ᠰᠡᠷᠭᠡᠶᠢᠯᠡᠬᠦ ᠣᠬᠠᠮᠰᠠᠷ ᠪᠣᠯᠣᠨ ᠴᠢᠳᠠᠪᠣᠷᠢ ᠪᠠᠨ ᠳᠠᠰᠣᠷᠠᠯᠳᠠ ᠦᠭᠡᠢ ᠴᠢᠩᠭ᠋ᠠᠷᠠᠭᠤᠯᠬᠤ ᠬᠡᠷᠡᠭᠳᠡᠢ᠃ ᠢᠮᠠᠭᠳᠠ ᠨᠠᠮ ᠤᠨ ᠰᠠᠬᠢᠯᠭ᠎ᠠ ᠪᠠᠳᠣ ᠪᠣᠯᠣᠨ ᠶᠣᠰᠣ ᠳᠦᠷᠢᠮ ᠢ ᠪᠢᠰᠢᠷᠡᠨ ᠵᠢᠷᠦᠬᠡᠰᠢᠶᠡᠵᠦ᠂ ᠨᠠᠮ ᠤᠨ ᠣᠯᠣᠰ ᠲᠦᠷᠦ ᠶᠢᠨ ᠰᠠᠬᠢᠯᠭ᠎ᠠ ᠪᠠᠳᠣ᠂ ᠵᠣᠬᠢᠶᠠᠨ ᠪᠠᠶᠢᠭᠤᠯᠣᠯᠳᠠ ᠶᠢᠨ ᠰᠠᠬᠢᠯᠭ᠎ᠠ ᠪᠠᠳᠣ᠂ ᠠᠷᠢᠭᠤᠨ ᠴᠢᠭᠡᠴᠢ ᠶᠢᠨ ᠰᠠᠬᠢᠯᠭ᠎ᠠ ᠪᠠᠳᠣ᠂ ᠣᠯᠠᠨ ᠲᠦᠮᠡᠨ ᠤ ᠰᠠᠬᠢᠯᠭ᠎ᠠ ᠪᠠᠳᠣ᠂ ᠠᠵᠢᠯ ᠤᠨ ᠰᠠᠬᠢᠯᠭ᠎ᠠ ᠪᠠᠳᠣ᠂ ᠠᠮᠢᠳᠣᠷᠠᠯ ᠤᠨ ᠰᠠᠬᠢᠯᠭ᠎ᠠ ᠪᠠᠳᠣ ᠶᠢ ᠴᠢᠩᠭ᠋᠎ᠠ ᠰᠠᠬᠢᠵᠣ᠂ ᠬᠤᠷᠢᠭ᠎ᠠ ᠱᠣᠭᠤᠮ ᠢ ᠡᠷᠡᠰ ᠰᠠᠬᠢᠵᠣ᠂ ᠴᠠᠭᠠᠵᠠ ᠱᠣᠭᠤᠮ ᠢ ᠬᠦᠨᠳᠡᠬᠦ ᠦᠭᠡᠢ ᠪᠠᠶᠢᠬᠤ ᠬᠡᠷᠡᠭᠳᠡᠢ᠂ ᠣᠨᠴᠠᠭᠠᠢᠢᠯᠠᠨ ᠴᠠᠭ ᠢᠮᠠᠭᠳᠠ ᠣᠯᠣᠰ ᠲᠦᠷᠦ ᠶᠢᠨ ᠰᠠᠬᠢᠯᠭ᠎ᠠ ᠪᠠᠳᠣ ᠭᠡᠰᠡᠨ ᠡᠨᠡᠬᠦ ᠴᠢᠪᠬᠠᠳᠠᠰᠣ ᠶᠢ ᠢᠮᠠᠭᠳᠠ ᠴᠢᠩᠭ᠋ᠠᠯᠠᠵᠤ᠂ ᠤᠯᠤᠰ ᠲᠦᠷᠦ ᠶᠢᠨ ᠰᠡᠷᠡᠮᠵᠢ ᠶᠢᠨ ᠴᠢᠨᠠᠷ ᠪᠠ ᠤᠯᠤᠰ ᠲᠦᠷᠦ ᠶᠢᠨ ᠢᠯᠭᠠᠨ ᠳᠠᠨᠢᠬᠤ ᠴᠢᠳᠠᠪᠤᠷᠢ ᠪᠠᠨ ᠴᠢᠩᠭᠠᠷᠠᠭᠤᠯᠦᠨ᠂ 《ᠲᠠᠪᠤᠨ ᠡᠷᠬᠡᠪᠰᠢ》ᠶ᠋ᠢ ᠪᠠᠷᠢᠮᠳᠠᠯᠠᠨ᠂ 《ᠲᠤᠯᠤᠭ᠎ᠠ ᠪᠠᠶᠢᠬᠤ》ᠶ᠋ᠢ ᠰᠡᠷᠭᠡᠶᠢᠯᠡᠨ ᠬᠤᠷᠢᠬᠯᠠᠵᠤ᠂ ᠢᠮᠠᠬᠳᠠ ᠤᠯᠤᠰ ᠲᠦᠷᠦ ᠶᠢᠨ ᠳᠠᠯ᠎ᠠ ᠪᠠᠷ ᠬᠢ ᠮᠡᠷᠭᠡᠨ ᠬᠦᠮᠦᠨ ᠪᠤᠯᠬᠤ ᠬᠡᠷᠡᠭᠳᠡᠢ᠃ ᠲᠦᠪ ᠤᠨ ᠲᠤᠭᠤᠷᠢᠨ ᠪᠠᠶᠢᠴᠠᠭᠠᠵᠤ 《ᠡᠷᠬᠢᠨ ᠬᠠᠷᠠᠵᠤ》ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠨᠵᠡᠭᠡᠢ ᠠᠬᠢᠭᠤᠯᠵᠤ᠂ ᠦᠭᠡᠷᠡᠴᠢᠯᠡᠯᠳᠡ ᠬᠦᠭ᠍ᠵᠢᠯᠳᠡ ᠲᠤᠬᠳᠠᠭᠤᠨ ᠪᠠ ᠨᠠᠮ ᠢ ᠪᠦᠬᠦ ᠲᠠᠯ᠎ᠠ ᠪᠠᠷ ᠴᠢᠩᠭ᠋᠎ᠠ ᠵᠠᠰᠬᠠᠤ ᠡᠯ᠎ᠠ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠲᠦᠷᠰᠦ ᠪᠠᠶᠢᠳᠠᠯ ᠪᠠ ᠰᠢᠯᠢᠳᠡᠭ ᠠᠵᠢᠯ ᠤᠨ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠬᠤ ᠬᠡᠷᠡᠭᠳᠡᠢ ᠬᠡᠵᠤ ᠱᠠᠭᠠᠷᠳᠠᠪᠠ᠃ 

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121395027