蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠪᠦ᠋ ᠰᠢᠶᠤᠤ ᠯᠢᠨ ᠨᠠᠷ《8•1》 ᠠᠴᠠ ᠡᠮᠦᠨ᠎ᠠ ᠦᠪᠡᠷᠳᠡᠭᠡᠨ ᠵᠠᠰᠠᠬᠤ ᠤᠷᠤᠨ ᠳᠤ ᠰᠠᠭᠤᠭ᠎ᠠ ᠴᠡᠷᠢᠭ ᠠᠩᠬᠢ ᠶᠢᠨ ᠲᠠᠷᠤᠭ᠎ᠠ ᠪᠠᠶᠢᠯᠳᠤᠬᠴᠢᠳ ᠢ ᠡᠷᠬᠢᠨ ᠦᠵᠡᠵᠦ ᠳᠣᠬᠤᠨᠢᠭᠤᠯᠪᠠ

2017-07-31 16:31

    ᠲᠤᠮᠳᠠᠳᠤ ᠤᠯᠤᠰ ᠤᠨ ᠠᠷᠠᠳ ᠤᠨ ᠴᠢᠯᠦᠭᠡᠯᠡᠭᠦ ᠴᠡᠷᠢᠭ ᠪᠠᠶᠢᠭᠤᠯᠤᠬᠳᠠᠬᠰᠠᠨ 90 ᠵᠢᠯ ᠤᠨ ᠤᠢ ᠬᠦᠷᠴᠤ ᠢᠷᠡᠭᠦ ᠲᠠᠰᠢᠷᠠᠮ ᠢᠶᠠᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠦᠪᠡᠷᠳᠡᠭᠡᠨ ᠵᠠᠰᠠᠬᠤ ᠤᠷᠤᠨ ᠳᠤ ᠰᠠᠭᠤᠭ᠎ᠠ ᠴᠡᠷᠢᠭ ᠠᠩᠬᠢ ᠶᠢᠨ ᠲᠠᠷᠤᠭ᠎ᠠ ᠪᠠᠶᠢᠯᠳᠤᠬᠴᠢᠳ ᠢ ᠲᠤᠳᠤᠨᠤ ᠪᠠᠷ ᠡᠷᠬᠢᠨ ᠦᠵᠡᠵᠤ ᠳᠣᠬᠤᠨᠢᠭᠤᠯᠵᠣ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠲᠦᠯᠦᠭᠡᠯᠡᠨ ᠦᠪᠡᠷᠳᠡᠭᠡᠨ ᠵᠠᠰᠠᠬᠤ ᠤᠷᠤᠨ ᠳᠤ ᠰᠠᠭᠤᠭ᠎ᠠ ᠴᠢᠯᠦᠭᠡᠯᠡᠭᠦ ᠴᠡᠷᠢᠭ ᠤᠨ ᠵᠢᠯᠤᠭᠤᠳᠤᠬᠴᠢ ᠪᠠᠶᠢᠯᠳᠤᠬᠴᠢ᠂ ᠵᠡᠪᠰᠡᠭᠳᠦ ᠴᠠᠬᠳᠠᠭ᠎ᠠ ᠶᠢᠨ ᠴᠡᠷᠢᠭ ᠠᠩᠬᠢ ᠶᠢᠨ ᠲᠠᠷᠤᠭ᠎ᠠ ᠪᠠᠶᠢᠯᠳᠤᠬᠴᠢ᠂ ᠡᠷᠦᠭᠡ ᠶᠢᠨ ᠴᠡᠷᠢᠭ ᠤᠨ ᠪᠡᠯᠡᠳᠭᠡᠯ ᠠᠯᠪᠠᠨ ᠤ ᠬᠦᠮᠦᠰ ᠲᠤ ᠪᠠᠶᠠᠷ ᠤᠨ ᠡᠳᠦᠷ ᠤᠨ ᠵᠦᠩᠨᠡᠯ ᠢᠶᠠᠨ ᠬᠦᠷᠭᠡᠵᠦ᠂ ᠴᠢᠩ ᠰᠡᠳᠬᠢᠯ ᠤᠨ ᠮᠡᠨᠳᠤᠴᠢᠯᠡᠯ ᠢᠶᠠᠨ ᠲᠡᠪᠰᠢᠭᠦᠯᠵᠡᠢ᠃

    ᠯᠢ ᠵᠢᠢ ᠾᠧᠩ ᠤᠷᠢᠳ ᠬᠤᠵᠢᠳ ᠵᠡᠪᠰᠡᠭᠳᠦ ᠴᠠᠬᠳᠠᠭ᠎ᠠ ᠶᠢᠨ ᠦᠪᠦᠷ ᠮᠤᠩᠭᠤᠯ ᠤᠨ ᠶᠡᠷᠦᠩᠬᠡᠢ ᠠᠩᠬᠢ᠂ ᠵᠡᠪᠰᠡᠭᠳᠦ ᠴᠠᠬᠳᠠᠭ᠎ᠠ ᠶᠢᠨ ᠦᠪᠦᠷ ᠮᠤᠩᠭᠤᠯ ᠤᠨ ᠤᠢ ᠰᠢᠭᠤᠢ ᠶᠢᠨ ᠶᠡᠷᠦᠩᠬᠡᠢ ᠠᠩᠬᠢ᠂ ᠦᠪᠦᠷ ᠮᠤᠩᠭᠤᠯ ᠤᠨ ᠴᠡᠷᠢᠭ ᠤᠨ ᠲᠤᠭᠤᠷᠢᠭ᠂ ᠦᠪᠡᠷᠳᠡᠭᠡᠨ ᠵᠠᠰᠠᠬᠤ ᠤᠷᠤᠨ ᠤ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠪᠠᠳᠣᠯᠠᠨ ᠬᠠᠮᠠᠭᠠᠯᠠᠬᠤ ᠲᠤᠪᠴᠢᠶ᠎ᠠ ᠶᠢᠨ ᠲᠠᠷᠤᠭ᠎ᠠ ᠪᠠᠶᠢᠯᠳᠤᠬᠴᠢᠳ ᠢ ᠡᠷᠬᠢᠨ ᠦᠵᠡᠵᠤ ᠲᠤᠬᠤᠨᠢᠭᠤᠯᠵᠣ᠂ ᠦᠪᠡᠷᠳᠡᠭᠡᠨ ᠵᠠᠰᠠᠬᠤ ᠤᠷᠤᠨ ᠳᠤ ᠰᠠᠭᠤᠭ᠎ᠠ ᠴᠡᠷᠢᠭ ᠠᠩᠬᠢ ᠶᠢᠨ ᠤᠷᠳᠤ ᠬᠤᠭᠤᠴᠠᠭᠠᠨ ᠤ ᠲᠤᠷᠰᠢ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠨᠡᠶᠢᠭᠡᠮ ᠤᠨ ᠬᠦᠭᠵᠢᠯᠳᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃

    ᠲᠡᠷᠡ᠂ ᠬᠠᠮᠢᠭ᠎ᠠ ᠲᠠᠪᠤᠨ ᠤᠳᠤ ᠪᠠᠶᠢᠪᠠᠯ ᠲᠡᠨᠳᠡ ᠨᠠᠮ ᠤᠨ ᠬᠡᠷᠡᠯ ᠬᠢᠯᠪᠠᠭ᠎ᠠ ᠰᠠᠴᠤᠷᠠᠵᠤ ᠪᠠᠶᠢᠳᠠᠭ; ᠬᠠᠮᠢᠭ᠎ᠠ ᠴᠡᠷᠢᠭ ᠤᠨ ᠡᠷᠢᠶᠡᠨ ᠬᠤᠪᠴᠠᠰᠦ ᠪᠠᠶᠢᠪᠠᠯ ᠲᠡᠨᠳᠡ ᠠᠷᠠᠳ ᠲᠦᠮᠡᠨ ᠤ ᠠᠮᠤᠷ ᠲᠤᠬᠳᠠᠭᠤᠨ ᠪᠠᠶᠢᠳᠠᠭ᠃ ᠦᠪᠡᠷᠳᠡᠭᠡᠨ ᠵᠠᠰᠠᠬᠤ ᠤᠷᠤᠨ ᠳᠤ ᠰᠠᠭᠤᠭ᠎ᠠ ᠴᠡᠷᠢᠭ ᠠᠩᠬᠢ ᠪᠠ ᠦᠷᠭᠡᠨ ᠤᠯᠠᠨ ᠲᠠᠷᠤᠭ᠎ᠠ ᠪᠠᠶᠢᠯᠳᠤᠬᠴᠢ ᠭᠤᠤᠯᠯᠠᠬᠴᠢ ᠪᠠᠨ ᠡᠷᠡᠰ ᠬᠠᠮᠠᠭᠠᠯᠠᠵᠤ᠂ ᠨᠠᠮ ᠤᠨ ᠵᠢᠯᠤᠭᠤᠳᠤᠯᠭ᠎ᠠ ᠶᠢ ᠡᠷᠡᠰ ᠰᠤᠨᠤᠰᠴᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠲᠡᠭᠡᠷ᠎ᠡ ᠪᠠᠨ ᠢᠮᠠᠬᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠳᠡᠢ ᠪᠠᠶᠢᠵᠤ᠂ ᠦᠭᠡᠷᠡᠴᠢᠯᠡᠯᠳᠡ ᠪᠠᠷ ᠴᠡᠷᠢᠭ ᠢᠶᠠᠨ ᠬᠦᠴᠦᠷᠭᠡᠭᠵᠢᠭᠦᠯᠭᠦ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠵᠣ᠂ ᠰᠢᠨ᠎ᠠ ᠡᠭᠦᠷᠭᠡ ᠴᠢᠳᠠᠪᠬᠢ ᠰᠢᠨ᠎ᠡ ᠲᠡᠤᠭᠡᠳᠦ ᠡᠭᠦᠷᠭᠡ ᠶᠢ ᠦᠨᠡᠨᠭᠦ ᠡᠭᠦᠷᠭᠡᠯᠡᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠱᠠᠭᠠᠷᠳᠠᠯᠭ᠎ᠠ ᠶᠢ ᠦᠨᠡᠨᠭᠦ ᠲᠤᠤᠱᠯᠠᠭᠤᠯᠦᠨ᠂ ᠤᠷᠤᠨ ᠨᠤᠳᠤᠭ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢ ᠢᠳᠡᠪᠬᠢᠳᠡᠢ ᠲᠡᠮᠵᠢᠭᠦ ᠪᠠ ᠤᠷᠤᠯᠴᠠᠵᠤ᠂ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠬᠴᠠᠯᠠᠬᠤ ᠳᠤ ᠲᠠᠬᠢᠨ ᠰᠢᠨ᠎ᠠ ᠭᠠᠪᠢᠶ᠎ᠠ ᠪᠠᠶᠢᠭᠤᠯᠵᠤ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠬᠤ ᠶᠢ ᠬᠦᠰᠡᠵᠤ ᠪᠠᠶᠢᠨ᠎ᠠ᠃ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠦᠩᠭᠡᠷᠡᠭᠰᠡᠨ ᠲᠠᠢ ᠪᠠᠨ ᠠᠳᠠᠯᠢ ᠪᠠᠷ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠳᠠ ᠶᠢ ᠬᠠᠯᠠᠮᠵᠢᠯᠡᠨ ᠲᠡᠮᠵᠢᠵᠤ᠂ ᠴᠡᠷᠢᠭ ᠠᠩᠬᠢ ᠶᠢᠨ ᠦᠭᠡᠷᠡᠴᠢᠯᠡᠯᠳᠡ ᠬᠦᠭᠵᠢᠯᠳᠡ ᠲᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠬᠠᠪᠰᠤᠷᠤᠨ ᠰᠢᠢᠳᠪᠦᠷᠢᠯᠡᠨ ᠦᠭᠴᠦ᠂ ᠬᠤᠶᠠᠷ ᠢ ᠬᠦᠷᠢᠶᠡᠯᠡᠵᠤ ᠬᠠᠮᠳᠤᠪᠡᠷ ᠪᠠᠶᠢᠭᠤᠯᠬᠤ ᠠᠵᠢᠯ ᠤᠨ ᠠᠷᠭ᠎ᠠ ᠬᠡᠮᠵᠢᠶ᠎ᠠ ᠶᠢ ᠲᠡᠭᠦᠯᠳᠡᠷᠵᠢᠭᠦᠯᠦᠨ᠂ ᠴᠡᠷᠢᠭ ᠵᠠᠰᠠᠭ ᠴᠡᠷᠢᠭ ᠠᠷᠠᠳ ᠪᠦᠯᠬᠦᠮᠳᠡᠭᠰᠡᠨ ᠶᠡᠭᠡ ᠰᠠᠶᠢᠨ ᠪᠠᠶᠢᠳᠠᠯ ᠢ ᠲᠠᠰᠤᠷᠠᠯᠳᠠ ᠦᠭᠡᠢ ᠪᠠᠭᠢᠵᠢᠭᠦᠯᠦᠨ ᠬᠦᠭᠵᠢᠭᠦᠯᠭᠦ ᠬᠡᠷᠡᠭᠳᠡᠢ ᠬᠡᠵᠡᠢ᠃

    ᠪᠦ᠋ ᠰᠢᠶᠤᠤ ᠯᠢᠨ ᠤᠷᠢᠳ ᠬᠤᠵᠢᠳ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠳᠠ ᠶᠢᠨ ᠶᠡᠷᠦᠩᠬᠡᠢ ᠠᠩᠬᠢ᠂ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠭᠠᠯ ᠰᠡᠷᠭᠡᠶᠢᠯᠡᠵᠦ ᠬᠠᠯ ᠤᠨᠳᠠᠷᠠᠭᠠᠬᠤ ᠶᠡᠷᠦᠩᠬᠡᠢ ᠠᠩᠬᠢ᠂ ᠦᠪᠦᠷ ᠮᠤᠩᠭᠤᠯ ᠤᠨ ᠬᠠᠭᠤᠷᠠᠢ ᠵᠠᠮ ᠤᠨ ᠴᠡᠷᠢᠭ ᠤᠨ ᠪᠡᠯᠡᠳᠭᠡᠯ ᠠᠯᠪᠠᠨ ᠤ ᠶᠠᠪᠠᠭᠠᠨ ᠴᠡᠷᠢᠭ ᠤᠨ ᠭᠤᠴᠢᠳᠤᠭᠠᠷ ᠳ᠋ᠢᠸᠢᠽᠢ ᠪᠠ ᠦᠪᠦᠷ ᠮᠤᠩᠭᠤᠯ ᠤᠨ ᠴᠡᠷᠢᠭ ᠠᠩᠬᠢ ᠶᠢᠨ ᠠᠵᠢᠯ ᠠᠴᠠ ᠪᠠᠨ ᠠᠮᠠᠷᠠᠵᠣ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠣᠳ ᠤᠨ ᠬᠠᠮᠢᠶᠠᠷᠣᠯᠳᠠ ᠦᠢᠯᠡᠴᠢᠯᠡᠭᠡᠨ ᠤ ᠲᠦᠪ ᠲᠤ ᠬᠦᠷᠴᠤ᠂ ᠴᠡᠷᠢᠭ ᠠᠩᠬᠢ ᠶᠢᠨ ᠲᠠᠷᠤᠭ᠎ᠠ ᠪᠠᠶᠢᠯᠳᠤᠬᠴᠢᠳ ᠪᠠ ᠴᠡᠷᠢᠭ ᠠᠩᠬᠢ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠲᠠᠷᠬᠠᠯᠠᠬᠳᠠᠬᠰᠠᠨ ᠺᠠᠳ᠋ᠷᠴᠤᠳ ᠢ ᠲᠤᠳᠤᠨᠤ ᠪᠠᠷ ᠡᠷᠬᠢᠨ ᠦᠵᠡᠪᠡ᠃

    ᠲᠤᠳᠤᠭᠠᠳᠦ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠲᠠ ᠶᠢᠨ ᠶᠡᠷᠦᠩᠭᠡᠢ ᠠᠩᠬᠢ ᠳᠤ᠂ ᠪᠦ᠋ ᠰᠢᠶᠤᠤ ᠯᠢᠨ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠳᠠ ᠪᠠ ᠬᠦᠭᠵᠢᠯᠳᠡ ᠶᠢᠨ ᠪᠠᠶᠢᠳᠠᠯ ᠢ ᠨᠠᠷᠢᠨ ᠤᠢᠢᠯᠠᠭᠠᠪᠠ᠃ ᠲᠤᠳᠤᠭᠠᠳᠦ ᠶᠢ ᠬᠠᠮᠠᠭᠠᠯᠠᠬᠤ ᠭᠠᠯ ᠰᠡᠷᠬᠡᠶᠢᠯᠡᠵᠦ ᠭᠠᠯ ᠤᠨᠳᠠᠷᠠᠭᠠᠬᠤ ᠶᠡᠷᠦᠩᠬᠡᠢ ᠠᠩᠬᠢ ᠳᠤ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠠᠵᠢᠯᠯᠠᠭ᠎ᠠ ᠶᠢᠨ ᠭᠠᠯ ᠰᠡᠷᠬᠡᠶᠢᠯᠡᠵᠦ ᠭᠠᠯ ᠤᠨᠳᠠᠷᠠᠭᠠᠬᠤ ᠠᠮᠤᠷ ᠢ ᠬᠠᠮᠠᠭᠠᠯᠠᠬᠤ ᠠᠵᠢᠯ ᠤᠨ ᠲᠤᠬᠠᠢ ᠲᠠᠨᠢᠯᠴᠠᠭᠤᠯᠭ᠎ᠠ ᠶᠢ ᠰᠤᠨᠤᠰᠪᠠ᠃

    ᠬᠠᠭᠤᠷᠠᠢ ᠵᠠᠮ ᠤᠨ ᠴᠡᠷᠢᠭ ᠤᠨ ᠪᠡᠯᠡᠳᠭᠡᠯ ᠠᠯᠪᠠᠨ ᠤ ᠶᠠᠪᠠᠭᠠᠨ ᠴᠡᠷᠢᠭ ᠤᠨ ᠭᠤᠴᠢᠳᠤᠭᠠᠷ ᠳ᠋ᠢᠸᠢᠽᠢ ᠳᠤ᠂ ᠪᠦ᠋ ᠰᠢᠶᠤᠤ ᠯᠢᠨ ᠶᠡᠷᠦᠩᠬᠡᠶᠢᠯᠡᠭᠰᠡᠨ ᠵᠢᠯᠤᠭᠤᠳᠬᠤ ᠲᠡᠷᠭᠡᠨ ᠳᠤ ᠭᠠᠷᠴᠤ᠂ ᠲᠠᠶᠢᠨ ᠪᠠᠶᠢᠯᠳᠤᠭᠠᠨ ᠢ ᠵᠢᠯᠤᠭᠤᠳᠬᠤ ᠲᠤᠨᠤᠬᠯᠠᠯ ᠢ ᠨᠢ ᠪᠠᠶᠢᠴᠠᠭᠠᠨ ᠦᠵᠡᠪᠡ᠃ ᠲᠡᠷᠡ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠲᠦᠯᠦᠭᠡᠯᠡᠵᠤ ᠤᠯᠠᠨ ᠳᠤ ᠪᠠᠶᠠᠷ ᠤᠨ ᠡᠳᠦᠷ ᠤᠨ ᠮᠠᠨᠳᠤᠴᠢᠯᠠᠯ ᠲᠤᠬᠤᠨᠢᠭᠤᠯᠤᠯ ᠬᠦᠷᠭᠡᠵᠤ᠂ ᠦᠪᠡᠷᠳᠡᠭᠡᠨ ᠵᠠᠰᠠᠬᠤ ᠤᠷᠤᠨ ᠳᠤ ᠰᠠᠭᠤᠭ᠎ᠠ ᠴᠡᠷᠢᠭ ᠠᠩᠬᠢ ᠶᠢᠨ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠨᠡᠶᠢᠭᠡᠮ ᠤᠨ ᠬᠦᠭᠵᠢᠯᠳᠡ ᠳᠤ ᠦᠵᠡᠭᠦᠯᠦᠭᠰᠡᠨ ᠬᠤᠪᠢ ᠨᠡᠮᠡᠷᠢ ᠳᠤ ᠡᠷᠬᠢᠮ ᠳᠡᠭᠡᠳᠦ ᠬᠦᠨᠳᠦᠳᠭᠡᠯ ᠪᠤᠯᠤᠠ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠵᠤ᠂ ᠦᠪᠡᠷᠳᠡᠭᠡᠨ ᠵᠠᠰᠠᠬᠤ ᠤᠷᠤᠨ ᠳᠤ ᠰᠠᠭᠤᠭ᠎ᠠ ᠴᠡᠷᠢᠭ ᠠᠩᠬᠢ ᠶᠢᠨ ᠦᠩᠭᠡᠷᠡᠭᠰᠡᠨ ᠲᠠᠢ ᠪᠠᠨ ᠠᠳᠠᠯᠢ ᠪᠠᠷ ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢ ᠬᠠᠯᠠᠮᠵᠢᠯᠠᠨ ᠲᠡᠮᠵᠢᠵᠤ᠂ ᠤᠷᠤᠨ ᠨᠤᠳᠤᠭ ᠲᠠᠢ ᠬᠠᠮᠳᠤᠪᠡᠷ ᠡᠭᠡ ᠤᠯᠤᠰ ᠤᠨ ᠤᠮᠠᠷᠠᠳᠦ ᠶᠢᠨ ᠠᠮᠤᠷ ᠲᠤᠬᠳᠠᠭᠤᠨ ᠤ ᠬᠠᠯᠬᠠᠪᠴᠢ ᠶᠢ ᠴᠣᠭᠴᠠᠯᠠᠨ ᠪᠠᠬᠢᠵᠢᠭᠦᠯᠭᠦ ᠶᠢ ᠬᠦᠰᠡᠵᠤ ᠪᠠᠶᠢᠨ᠎ᠠ ᠬᠡᠪᠡ᠃

    ᠯᠢ ᠵᠢᠶᠠ ᠤᠷᠢᠳ ᠬᠤᠵᠢᠳ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠲᠠᠷᠬᠠᠯᠠᠬᠳᠠᠬᠰᠠᠨ ᠺᠠᠳ᠋ᠷᠴᠤᠳ ᠤᠨ ᠠᠮᠠᠷᠠᠯᠳᠠ ᠶᠢᠨ ᠭᠠᠵᠠᠷ᠂ ᠦᠪᠡᠷᠳᠡᠭᠡᠨ ᠵᠠᠰᠠᠬᠤ ᠤᠷᠤᠨ ᠳᠤ ᠰᠠᠭᠤᠭ᠎ᠠ ᠨᠢᠭᠡᠨ ᠴᠡᠷᠢᠭ ᠠᠩᠬᠢ ᠶᠢᠨ ᠪᠠᠶᠢᠭᠤᠯᠤᠯᠭ᠎ᠠ᠂ ᠵᠡᠪᠰᠡᠭᠳᠦ ᠴᠠᠬᠳᠠᠭ᠎ᠠ ᠶᠢᠨ ᠦᠪᠦᠷ ᠮᠤᠩᠭᠤᠯ ᠤᠨ ᠶᠡᠷᠦᠩᠬᠡᠢ ᠠᠩᠬᠢ ᠶᠢᠨ ᠨᠢᠭᠡᠳᠦᠭᠡᠷ ᠰᠠᠯᠪᠤᠷᠢ ᠠᠩᠬᠢ ᠳᠤ ᠬᠦᠷᠴᠤ᠂ ᠴᠡᠷᠢᠭ ᠠᠩᠬᠢ ᠶᠢᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠲᠠᠷᠬᠠᠯᠠᠬᠳᠠᠬᠰᠨᠨ ᠺᠠᠳ᠋ᠷᠴᠤᠳ ᠪᠠ ᠦᠪᠡᠷᠳᠡᠭᠡᠨ ᠵᠠᠰᠠᠬᠤ ᠤᠷᠤᠨ ᠳᠤ ᠰᠠᠭᠤᠭ᠎ᠠ ᠴᠡᠷᠢᠭ ᠠᠩᠬᠢ ᠶᠢᠨ ᠲᠠᠷᠤᠭ᠎ᠠ ᠪᠠᠶᠢᠯᠳᠤᠬᠴᠢᠳ ᠢ ᠲᠤᠳᠤᠨᠤ ᠪᠠᠷ ᠡᠷᠬᠢᠨ ᠦᠵᠡᠵᠤ ᠲᠤᠬᠤᠨᠢᠭᠤᠯᠪᠠ᠃

    ᠲᠡᠷᠡ᠂ ᠤᠷᠳᠤ ᠬᠤᠭᠤᠴᠠᠭᠠᠨ ᠤ ᠲᠤᠷᠰᠢ᠂ ᠦᠪᠡᠷᠳᠡᠭᠡᠨ ᠵᠠᠰᠠᠬᠤ ᠤᠷᠤᠨ ᠳᠤ ᠰᠠᠭᠤᠭ᠎ᠠ ᠴᠡᠷᠢᠭ ᠠᠩᠬᠢ ᠵᠠᠰᠠᠭ ᠢᠶᠠᠨ ᠬᠦᠷᠢᠶᠡᠯᠡᠵᠤ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠳᠦ ᠤᠯᠠᠮᠵᠢᠯᠠᠯ ᠢ ᠪᠠᠳᠠᠷᠠᠭᠤᠯᠵᠤ᠂ ᠪᠠᠴᠢᠮ ᠬᠦᠴᠢᠷ ᠠᠶᠤᠯ ᠲᠠᠢ ᠬᠦᠨᠳᠦ ᠡᠭᠦᠷᠭᠡ ᠶᠢ ᠵᠤᠷᠢᠬᠳᠠᠢ ᠡᠭᠦᠷᠭᠡᠯᠡᠨ᠂ ᠤᠷᠤᠨ ᠨᠤᠳᠤᠭ ᠤᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠦᠵᠢᠯ᠂ ᠶᠠᠳᠠᠭᠤ ᠶᠢ ᠲᠡᠳᠭᠦᠨ ᠬᠦᠴᠢᠷᠳᠡᠯᠳᠠᠢ ᠶᠢ ᠬᠠᠪᠰᠤᠷᠬᠤ ᠵᠡᠷᠭᠡ ᠠᠵᠢᠯ ᠳᠤ ᠢᠳᠡᠪᠬᠢᠳᠡᠢ ᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠨᠡᠶᠢᠭᠡᠮ ᠤᠨ ᠬᠦᠭᠵᠢᠯᠳᠡ ᠳᠤ ᠴᠢᠬᠤᠯᠠ ᠬᠤᠪᠢ ᠨᠡᠮᠡᠷᠢ ᠦᠵᠡᠭᠦᠯᠪᠡ ᠬᠡᠪᠠ᠃ ᠲᠡᠷᠡ ᠪᠠᠰᠠ ᠤᠯᠠᠨ ᠢ ᠨᠠᠮ ᠤᠨ ᠵᠢᠯᠤᠭᠤᠳᠤᠯᠭ᠎ᠠ ᠶᠢ ᠰᠤᠨᠤᠰᠦᠨ᠂ ᠠᠵᠢᠯ ᠤᠨ ᠪᠠᠶᠢᠷᠢ ᠪᠠᠨ ᠪᠠᠳᠤ ᠰᠠᠬᠢᠵᠤ᠂ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠨ᠂ ᠡᠭᠡ ᠤᠯᠤᠰ ᠤᠨ ᠤᠮᠠᠷᠠᠳᠦ ᠶᠢᠨ ᠠᠮᠤᠷ ᠲᠤᠬᠳᠠᠭᠤᠨ ᠤ ᠬᠠᠯᠬᠠᠪᠴᠢ ᠶᠢ ᠴᠣᠭᠴᠠᠯᠠᠨ ᠪᠠᠬᠢᠵᠢᠭᠦᠯᠭᠦ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠭᠡᠷᠡᠢ ᠬᠡᠵᠤ ᠵᠤᠷᠢᠬᠵᠢᠭᠤᠯᠵᠠᠢ᠃

    ᠯᠧᠩ ᠵᠢᠶᠧ ᠰᠦᠩ᠂ ᠸᠠᠩ ᠪᠢᠩ ᠶᠤᠸᠠᠢ᠂ ᠯᠦᠸᠧ ᠶᠦᠩ ᠭᠠᠩ᠂ ᠮᠠ ᠮᠢᠩ ᠪᠣᠯᠣᠨ ᠯᠢᠦ ᠡᠾᠦ᠋ᠢ ᠴᠧᠩ᠂ ᠰᠢᠶᠤᠤ ᠹᠠᠩ ᠵᠢᠤᠢ ᠨᠠᠷ ᠬᠠᠮᠢᠶ᠎ᠠ ᠪᠦᠬᠦᠢ ᠠᠵᠢᠯᠯᠠᠭ᠎ᠠ ᠳᠤ ᠤᠷᠤᠯᠴᠠᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121409191