蒙古文网站Logo
ᠰᠢᠨᠬᠤᠸᠠ ᠮᠤᠩᠭ᠋ᠤᠯ ᠨᠧᠲ

ᠠᠷᠪᠢᠴᠢ ᠭᠠᠮᠲᠠᠢ ᠪᠡᠷ ᠪᠠᠶᠠᠷᠯᠠᠨ ᠪᠡᠯᠭᠡᠯᠡᠵᠦ ᠠᠷᠠᠳ ᠤᠨ ᠰᠡᠳᠬᠢᠯ ᠢ ᠬᠠᠨᠤᠮᠵᠢᠲᠠᠢ ᠪᠤᠯᠭᠠᠶ᠎ᠠ

2017-08-03 10:47

    ᠰᠢᠨᠬᠤᠧᠠ ᠬᠤᠷᠢᠶ᠎ᠠ   8 ᠰᠠᠷ᠎ᠠ ᠶᠢᠨ 2 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠢ ᠿᠧᠨ ᠬᠤ᠂ ᠤᠷᠢᠬᠠᠨ ) ᠡᠨᠡ ᠵᠤᠨ ᠬᠦᠬᠡᠬᠤᠲᠠ ᠬᠤᠪᠢ ᠶᠢᠨ ᠭᠠᠲᠠᠨ᠎ᠠ ᠰᠠᠶᠢᠬᠠᠨ᠃ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠵᠢᠯ ᠤᠨ ᠤᠢ ᠶᠢ ᠪᠡᠯᠭᠡᠯᠡᠬᠦ ᠪᠡᠷ ᠤᠷᠤᠨ ᠤ ᠲᠦᠪ ᠬᠦᠬᠡᠬᠤᠲᠠ ᠴᠤ᠋ ᠰᠢᠨ᠎ᠡ ᠦᠩᠭᠡ ᠲᠦᠷᠬᠦ ᠲᠠᠢ ᠪᠤᠯᠵᠤ᠂ ᠪᠠᠶᠠᠷ ᠨᠠᠶᠢᠷ ᠤᠨ ᠠᠭᠤᠷ ᠠᠮᠢᠰᠬᠤᠯ ᠪᠢᠯᠬᠠᠮ᠎ᠠ ᠪᠠᠶᠢᠭ᠎ᠠ᠃ ᠬᠤᠲᠠ ᠶᠢᠨ ᠡᠷᠡᠬᠦᠯ ᠬᠠᠮᠠᠭᠠᠯᠠᠯ ᠤᠷᠴᠢᠨ ᠲᠤᠭᠤᠷᠢᠨ ᠶᠡᠬᠡᠬᠡᠨ ᠬᠤᠪᠢᠷᠠᠯᠲᠠ ᠲᠠᠢ ᠪᠤᠯᠵᠤ᠂ ᠬᠠᠭᠤᠴᠢᠨ ᠬᠤᠷᠢᠶᠠᠯᠠᠯ ᠢ ᠵᠠᠰᠠᠨ ᠰᠢᠨᠡᠳᠭᠡᠵᠦ᠂ ᠬᠤᠲᠠ ᠶᠢᠨ ᠢᠷᠭᠡᠳ ᠲᠤ ᠲᠦᠬᠦᠮ ᠦᠵᠡᠬᠦᠯᠬᠦ ᠪᠡᠷ ᠤᠯᠠᠨ ᠵᠤᠷᠯᠤᠩ ᠪᠠᠶᠢᠭᠤᠯᠪᠠ; ᠪᠠᠶᠠᠷ ᠨᠠᠶᠢᠷ ᠲᠤ ᠲᠤᠰᠬᠠᠢ ᠵᠤᠷᠷᠢᠭᠤᠯᠤᠯᠲᠠ ᠲᠠᠢ ᠲᠦᠰᠦᠯ ᠪᠠᠭᠠᠰᠴᠤ ᠢᠷᠭᠡᠳ ᠤᠨ ᠠᠵᠤ ᠠᠮᠢᠲᠤᠷᠠᠯ ᠤᠨ ᠤᠷᠴᠢᠨ ᠲᠤᠭᠤᠷᠢᠨ ᠰᠠᠶᠢᠵᠢᠷᠠᠭᠰᠠᠨ ᠢᠶᠡᠷ ᠠᠮᠠ ᠰᠠᠶᠢᠲᠠᠢ ᠠᠷᠠᠳ ᠬᠠᠨᠤᠮᠵᠢᠲᠠᠢ ᠪᠠᠶᠢᠨ᠎ᠠ᠃

    ᠦᠪᠦᠷ ᠮᠤᠩᠭ᠋ᠤᠯ ᠲᠤᠰ ᠤᠲᠠᠭᠠᠨ ᠤ ᠪᠡᠯᠭᠡᠯᠡᠬᠦ ᠠᠵᠢᠯᠯᠠᠭ᠎ᠠ ᠪᠡᠷ ᠤᠷᠤᠨ ᠤ ᠲᠦᠪ ᠤᠨ ᠢᠷᠭᠡᠳ ᠤᠨ ᠬᠠᠯᠠᠮᠰᠢᠯ ᠪᠦᠬᠦᠢ ᠵᠤᠷᠯᠤᠩ᠂ ᠬᠠᠭᠤᠴᠢᠨ ᠬᠤᠷᠢᠶᠠᠯᠠᠯ᠂ ᠡᠷᠡᠬᠦᠯ ᠬᠠᠮᠠᠭᠠᠯᠠᠯ᠂ ᠵᠠᠮ ᠬᠠᠷᠢᠯᠴᠠᠭ᠎ᠠ᠂ ᠵᠠᠷ ᠰᠤᠷᠲᠠᠯᠴᠢᠯᠠᠭ᠎ᠠ᠂ ᠭᠡᠷᠡᠯᠲᠦᠬᠦᠯᠭᠡ᠂ ᠵᠡᠭᠡᠯᠢ ᠭᠤᠲᠤᠮᠵᠢ ᠶᠢᠨ ᠦᠵᠡᠮᠵᠢ ᠵᠡᠷᠭᠡ 15 ᠰᠠᠯᠪᠤᠷᠢ ᠳ᠋ᠤ ᠶᠡᠷᠦᠩᠬᠡᠶᠢᠯᠡᠨ ᠴᠡᠭᠴᠡᠯᠡᠪᠡ᠃ ᠰᠢᠨ᠎ᠡ ᠪᠡᠷ 2200 ᠢᠯᠡᠬᠦᠦ ᠵᠤᠷᠯᠤᠩ ᠨᠡᠮᠡᠵᠦ᠂ ᠬᠠᠭᠤᠴᠢᠨ ᠬᠤᠷᠢᠶᠠᠯᠠᠯ ᠤᠨ 8 ᠲᠦᠮᠡᠨ ᠲᠠᠰᠤᠯᠭ᠎ᠠ ᠨᠠᠷᠠᠪᠴᠢ ᠶᠢ ᠨᠤᠷᠠᠭᠠᠨ᠂ ᠬᠠᠦᠯᠢ ᠲᠤᠭᠲᠠᠭᠠᠮᠵᠢ ᠶᠢ ᠵᠦᠷᠢᠴᠡᠭᠰᠡᠨ 30 ᠲᠦᠮᠨ ᠭᠠᠷᠤᠢ ᠺᠦᠧᠠᠳ᠋ ᠮᠧᠲ᠋ᠷ ᠪᠠᠷᠢᠯᠭ᠎ᠠ ᠶᠢ ᠨᠤᠷᠠᠭᠠᠭᠰᠠᠨ ᠢᠶᠡᠷ ᠤᠤᠯ ᠨᠢ ᠡᠷᠡᠬᠦᠯ ᠬᠠᠮᠭᠠᠯᠠᠯ ᠤᠨ ᠨᠦᠬᠦᠴᠡᠯ ᠠᠨᠠᠢ ᠪᠠᠶᠢᠭᠰᠠᠨ ᠬᠠᠭᠤᠴᠢᠨ ᠬᠤᠷᠢᠶᠠᠯᠠᠯ ᠨᠤᠭᠤᠳ ᠰᠢᠨ᠎ᠡ ᠲᠦᠷᠬᠦ ᠲᠠᠢ ᠪᠤᠯᠵᠠᠢ᠃

    ᠵᠠᠷᠢᠮ ᠺᠠᠳ᠋ᠷ ᠪᠠᠶᠠᠷ ᠨᠠᠶᠢᠷ ᠤᠨ ᠠᠵᠢᠯᠯᠠᠭ᠎ᠠ ᠶᠢ ᠮᠤᠨᠲᠠᠭ ᠲᠤᠭᠠᠨ ᠤ ᠬᠦᠷᠦᠩᠭᠡ ᠮᠦᠩᠬᠦ ᠤᠷᠤᠭᠤᠯᠵᠤ ᠦᠪᠡᠲᠡᠭᠰᠢ ᠶᠡᠬᠡᠪᠡᠷ ᠬᠢᠪᠡᠯ ᠵᠤᠬᠢᠨ᠎ᠠ ᠭᠡᠵᠦ ᠦᠵᠡᠲᠡᠭ᠂ ᠡᠨᠡ ᠪᠤᠯ ᠪᠤᠷᠤᠭᠤ ᠲᠠᠨᠢᠯᠲᠠ ᠶᠤᠮ᠃ ᠦᠩᠭᠡᠨ ᠲᠠᠯ᠎ᠠ ᠶᠢ ᠬᠦᠭᠡᠭᠡᠴᠡᠯᠲᠦᠵᠦ᠂ ᠲᠠᠩᠰᠤᠭᠯᠠᠨ ᠵᠢᠷᠭᠠᠵᠤ᠂ ᠬᠠᠮᠢᠭ᠎ᠠ ᠭᠠᠵᠠᠷ ᠴᠤ ᠤᠯᠠᠭᠠᠨ ᠬᠢᠪᠢᠰ ᠲᠡᠯᠭᠡᠨ ᠴᠡᠴᠡᠭ ᠬᠤᠧᠠᠷ ᠮᠢᠷᠠᠯᠵᠠᠭᠤᠯᠵᠤ᠂ ᠤᠷᠲᠤᠨ ᠲᠢᠶᠠᠲ᠋ᠷ ᠪᠠᠶᠢᠭᠤᠯᠬᠤ ᠳ᠋ᠤ ᠬᠦᠷᠪᠡᠯ ᠢᠷᠭᠡᠳ ᠤᠨ ᠵᠢᠮᠡᠯᠡᠯ ᠢ ᠤᠯᠬᠤ ᠪᠡᠷ ᠪᠠᠷᠠᠬᠤ ᠦᠭᠡᠢ ᠮᠤᠨᠲᠠᠭ ᠲᠤᠭᠠᠨ ᠤ ᠬᠦᠷᠦᠩᠭᠡ ᠮᠦᠩᠬᠦ ᠪᠠᠨ ᠪᠦᠷᠢᠯᠭᠡᠨ᠎ᠡ᠃

    ᠪᠠᠶᠠᠷ ᠨᠠᠶᠢᠷ ᠤᠨ ᠠᠵᠢᠯᠯᠠᠭ᠎ᠠ ᠨᠢ ᠶᠤᠰᠤᠯᠠᠯ ᠬᠦᠲᠦᠯᠪᠦᠷᠢ ᠲᠠᠢ ᠭᠡᠬᠦ ᠳ᠋ᠤ ᠨᠡᠩ ᠴᠢᠬᠤᠯᠠ ᠨᠢ ᠤᠳᠬ᠎ᠠ ᠠᠭᠤᠯᠭ᠎ᠠ ᠶᠢ ᠨᠢ ᠠᠩᠬᠠᠷᠤᠭᠤᠰᠢᠲᠠᠢ ᠶᠤᠮ᠃ ᠠᠭᠤᠯᠭ᠎ᠠ ᠪᠠᠶᠠᠯᠢᠭ ᠪᠠᠶᠠᠷ ᠨᠠᠶᠢᠷ ᠤᠨ ᠠᠵᠢᠯᠯᠠᠭ᠎ᠠ ᠨᠢ ᠦᠪᠡᠲᠡᠭᠰᠢ ᠨᠢᠵᠢᠭᠡᠷ ᠪᠤᠯᠲᠠᠭ ᠃ ᠡᠭᠦᠨ ᠢᠶᠡᠷ ᠪᠠᠷᠠᠬᠤ ᠦᠭᠡᠢ ᠢᠷᠭᠡᠳ ᠤᠨ ᠤᠷᠤᠯᠴᠠᠯᠭ᠎ᠠ ᠶᠢ ᠲᠠᠶᠢᠴᠢᠯᠠᠪᠠᠯ ᠦᠷ᠎ᠡ ᠪᠦᠲᠦᠮᠵᠢ ᠨᠡᠩ ᠰᠠᠶᠢᠨ ᠪᠤᠯᠤᠨ᠎ᠠ᠃

    ᠪᠠᠶᠠᠷ ᠨᠠᠶᠢᠷ ᠤᠨ ᠠᠵᠢᠯᠯᠠᠭ᠎ᠠ ᠶᠢ ᠠᠷᠪᠢᠴᠢ ᠭᠠᠮᠲᠠᠢ ᠬᠢᠬᠦ ᠪᠤᠯ ᠢᠷᠭᠡᠳ ᠤᠨ ᠬᠦᠰᠡᠯ ᠨᠠᠶᠢᠲᠠᠯᠭ᠎ᠠ᠂ ᠮᠦᠨ ᠴᠤ ᠨᠠᠮ ᠤᠨ ᠠᠷᠪᠠᠨ ᠨᠠᠶ᠋ᠮᠠᠲᠤᠭᠠᠷ ᠬᠤᠭᠤᠴᠠᠭᠠᠨ ᠤ ᠶᠡᠬᠡ ᠬᠤᠷᠠᠯ ᠡᠴᠡ ᠨᠠᠰᠢᠬᠢ ᠨᠠᠮ ᠤᠨ ᠲᠦᠪ ᠬᠤᠷᠢᠶᠠᠨ ᠤ ᠱᠠᠭᠠᠷᠲᠠᠯᠭ᠎ᠠ ᠶᠤᠮ᠃ ᠠᠷᠪᠢᠴᠢ ᠭᠠᠮᠲᠠᠢ ᠪᠡᠷ ᠪᠠᠶᠠᠷ ᠨᠠᠶᠢᠷ ᠤᠨ ᠠᠵᠢᠯᠯᠠᠭ᠎ᠠ ᠬᠢᠵᠦ ᠪᠠᠶᠢᠭᠰᠠᠨ ᠢᠶᠡᠨ ᠤᠯᠠᠮ ᠠᠷᠪᠢᠲᠠᠢ ᠭᠠᠮᠲᠠᠢ ᠠᠵᠢᠯᠯᠠᠵᠤ ᠢᠷᠭᠡᠳ ᠤᠨ ᠰᠡᠳᠬᠢᠯ ᠢ ᠬᠠᠨᠤᠮᠵᠢᠲᠠᠢ ᠪᠠᠶᠢᠯᠭᠠᠬᠤ ᠪᠤᠯ ᠲᠦᠢᠯ ᠤᠨ ᠴᠢᠬᠤᠯᠠ ᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121425421