蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ᠄ ᠶᠡᠷᠦᠩᠬᠡᠢ ᠱᠦᠵᠢ ᠰᠢ ᠶᠢᠨ ᠫᠢᠩ ᠤᠨ 《7 • 26》  ᠤ᠋ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠬᠤ ᠬᠡᠷᠡᠭᠳᠡᠢ

2017-08-04 11:14

    ——ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠢᠢᠯᠠᠩ ᠤᠨ ᠬᠠᠮᠳᠤ ᠶᠢᠨ ᠰᠤᠷᠤᠯᠴᠠᠯᠭ᠎ᠠ ᠶᠢ ᠡᠷᠬᠢᠯᠡᠭᠦ ᠳᠡᠭᠡᠨ ᠴᠢᠬᠤᠯᠠᠴᠢᠯᠠᠬᠰᠠᠨ ᠨᠢ           

    ᠦᠪᠡᠷᠳᠡᠭᠡᠨ ᠵᠠᠰᠬᠠᠤ ᠤᠷᠤᠨ ᠤ ᠮᠤᠵᠢ ᠶᠢᠨ ᠲᠡᠰ ᠤᠨ ᠤᠳᠤᠷᠢᠳᠬᠤ ᠺᠠᠳ᠋ᠷᠴᠤᠳ ᠤᠨ ᠶᠡᠷᠦᠩᠬᠡᠢ ᠱᠦᠵᠢ ᠰᠢ ᠶᠢᠨ ᠫᠢᠩ ᠤᠨ 《7·26》ᠤ᠋ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢᠨ ᠲᠤᠬᠠᠢ ᠤᠢᠢᠯᠠᠭᠠᠯᠳᠠ ᠪᠠ ᠲᠠᠨᠢᠯᠳᠠ ᠪᠠᠨ ᠲᠠᠰᠤᠷᠠᠯᠳᠠ ᠦᠭᠡᠢ ᠬᠦᠨᠵᠡᠭᠡᠶᠢᠷᠡᠭᠦᠯᠭᠦ ᠶᠢ ᠠᠬᠢᠭᠤᠯᠵᠤ᠂ ᠪᠦᠬᠦ ᠤᠷᠤᠨ ᠲᠠᠶᠠᠭᠠᠷ ᠲᠤ ᠳᠠᠷᠣᠢ ᠲᠦᠷᠭᠡᠨ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠦᠷᠨᠢᠯᠳᠡ ᠭᠠᠷᠭᠠᠬᠤ ᠶᠢ ᠬᠦᠳᠦᠯᠦᠨ ᠳᠠᠭᠠᠭᠤᠯᠬᠤ ᠶᠢᠨ ᠲᠦᠯᠦᠭᠡ᠂ 8 ᠰᠠᠷ᠎ᠠ ᠶᠢᠨ 2  ᠤ᠋ᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠢᠢᠯᠠᠩ 2017 ᠤᠨ ᠤ ᠶᠢᠰᠦᠳᠦᠭᠡᠷ  ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠰᠤᠷᠤᠯᠴᠠᠯᠭ᠎ᠠ ᠶᠢ ᠡᠷᠬᠢᠯᠡᠭᠦ ᠶᠢᠨ ᠬᠠᠮᠳᠤ ᠶᠠᠷᠢᠶ᠎ᠠ ᠲᠠᠯᠪᠢᠪᠠ᠃     

    ᠬᠤᠷᠡᠯ ᠠᠴᠠ ᠡᠮᠦᠨ᠎ᠠ᠂ ᠤᠨᠤᠯ ᠰᠤᠷᠤᠯᠴᠠᠬᠤ ᠭᠤᠤᠯ ᠲᠤᠭᠤᠢᠢᠯᠠᠩ ᠤᠨ ᠪᠦᠷᠢᠯᠳᠦᠭᠦᠨ ᠦᠪᠡᠷᠰᠡᠳ ᠢᠶᠠᠨ ᠨᠠᠷᠢᠨ ᠬᠢᠨᠠᠮᠠᠭᠠᠢ ᠰᠤᠷᠤᠯᠴᠠᠵᠤ᠂ ᠤᠯᠤᠯᠳᠠ ᠲᠦᠷᠦᠭᠳᠡᠯ ᠪᠢᠴᠢᠪᠡ᠃ ᠬᠤᠷᠠᠯ ᠲᠡᠭᠡᠷ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠡᠰᠢᠭᠦᠳ ᠪᠣᠯᠣᠨ ᠷᠸᠠ ᠶᠠ ᠫᠢᠩ᠂ ᠬᠤᠷᠴᠠ ᠵᠡᠷᠭᠡ ᠨᠦᠬᠦᠳ ᠭᠤᠤᠯᠳᠠᠯᠭ᠎ᠠ ᠲᠠᠢ ᠦᠭᠡ ᠬᠡᠯᠡᠵᠤ᠂ ᠪᠤᠰᠤᠳ ᠪᠦᠷᠢᠯᠳᠦᠭᠦᠨ ᠪᠢᠴᠢᠭ᠌ ᠤᠨ ᠬᠡᠯᠪᠡᠷᠢ ᠪᠠᠷ ᠣᠯᠣᠯᠳᠠ ᠲᠦᠷᠦᠭᠳᠡᠯ ᠢᠶᠠᠨ ᠰᠤᠯᠢᠯᠴᠠᠵᠠᠢ᠃        

    ᠯᠢ ᠵᠢᠢ ᠾᠧᠩ᠂ ᠶᠡᠷᠦᠩᠬᠡᠢ ᠱᠦᠵᠢ ᠰᠢ ᠶᠢᠨ ᠫᠢᠩ ᠤᠨ 《7·26》ᠤ᠋ ᠴᠢᠬᠤᠯᠠ ᠶᠠᠷᠢᠶ᠎ᠠ ᠨᠢ᠂ ᠲᠡᠯᠡᠬᠡᠢ ᠶᠢᠨ ᠬᠦᠭ᠍ᠵᠢᠯᠳᠡ ᠶᠢᠨ ᠶᠡᠭᠡ ᠬᠠᠨᠳᠤᠰᠢ ᠪᠠ ᠤᠳᠤ ᠦᠶ᠎ᠠ ᠶᠢᠨ ᠲᠤᠮᠳᠠᠳᠤ ᠤᠯᠤᠰ ᠤᠨ ᠠᠬᠤᠢ ᠪᠠᠶᠢᠳᠠᠯ ᠢ ᠬᠦᠨᠵᠡᠭᠡᠢ ᠠᠵᠢᠬᠯᠠᠨ ᠡᠵᠡᠮᠰᠢᠵᠤ᠂ ᠨᠠᠮ ᠤᠨ ᠠᠷᠪᠠᠨ ᠨᠠᠶ᠋ᠮᠠᠲᠤᠭᠠᠷ ᠶᠡᠭᠡ ᠬᠤᠷᠠᠯ ᠠᠴᠠ ᠨᠠᠰᠢᠬᠢ ᠨᠠᠮ ᠪᠠ ᠤᠯᠤᠰ ᠤᠨ ᠦᠢᠯᠡᠰ ᠤᠨ ᠬᠦᠭ᠍ᠵᠢᠯᠳᠡ ᠶᠢᠨ ᠲᠡᠤᠭᠡᠳᠦ ᠴᠢᠨᠠᠷᠳᠠᠢ ᠬᠤᠪᠢᠷᠠᠯᠳᠠ ᠶᠢ ᠬᠦᠨᠵᠡᠭᠡᠢ ᠦᠭᠦᠯᠡᠨ ᠳᠣᠭᠠᠴᠢᠵᠣ᠂ ᠰᠢᠨ᠎ᠠ ᠲᠡᠤᠭᠡᠨ ᠨᠦᠬᠦᠴᠡᠯ ᠲᠤᠤᠷ᠎ᠠ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭ᠍ᠵᠢᠭᠦᠯᠭᠦ ᠴᠢᠬᠤᠯᠠ ᠤᠨᠤᠯ ᠪᠠ ᠦᠢᠯᠡᠳᠦᠯᠭᠡ ᠶᠢᠨ ᠠᠰᠠᠭᠤᠳᠠᠯ ᠤᠳ ᠢ ᠬᠦᠨᠵᠡᠭᠡᠢ ᠦᠭᠦᠯᠡᠨ ᠳᠣᠭᠠᠴᠢᠵᠣ᠂ ᠢᠷᠡᠭᠡᠳᠦᠢ ᠶᠢᠨ ᠨᠢᠭᠡ ᠬᠤᠭᠤᠴᠠᠭᠠᠨ ᠤ ᠨᠠᠮ ᠪᠠ ᠤᠯᠤᠰ ᠤᠨ ᠦᠢᠯᠡᠰ ᠤᠨ ᠬᠦᠭ᠍ᠵᠢᠯᠳᠡ ᠶᠢᠨ ᠲᠦᠷᠦ ᠶᠢᠨ ᠪᠤᠳᠤᠯᠭ᠎ᠠ ᠴᠢᠭᠯᠡᠯᠳᠡ ᠪᠤᠯᠤᠨ ᠠᠵᠢᠯᠯᠠᠭᠠᠨ ᠤ ᠬᠦᠳᠦᠯᠪᠤᠷᠢ ᠶᠢ ᠬᠦᠨᠵᠡᠭᠡᠢ ᠦᠭᠦᠯᠡᠵᠦ᠂ ᠠᠯᠢ ᠣᠯᠠᠨ ᠰᠢᠨ᠎ᠠ ᠴᠢᠬᠤᠯᠠ ᠦᠵᠡᠯ ᠰᠠᠨᠠᠭ᠎ᠠ᠂ ᠴᠢᠬᠤᠯᠠ ᠦᠵᠡᠯᠳᠡ᠂ ᠴᠢᠬᠤᠯᠠ ᠮᠠᠭᠠᠳᠯᠠᠯᠳᠠ᠂ ᠴᠢᠬᠤᠯᠠ ᠠᠷᠭ᠎ᠠ ᠬᠡᠮᠵᠢᠶ᠎ᠠ ᠲᠤᠷᠠᠳᠤᠨ ᠭᠠᠷᠭᠠᠵᠤ᠂ ᠪᠦᠬᠦ ᠶᠠᠷᠢᠶ᠎ᠠ ᠳᠤ ᠮᠠᠷᠺᠰ ᠤᠨ ᠦᠵᠡᠯ ᠤᠨ ᠬᠡᠷᠡᠯ ᠬᠢᠯᠪᠠᠭ᠎ᠠ ᠰᠠᠴᠤᠷᠠᠵᠤ᠂ ᠮᠠᠰᠢ ᠴᠢᠩᠭ᠋᠎ᠠ ᠦᠵᠡᠯ ᠰᠠᠨᠠᠭᠠᠳᠦ ᠴᠢᠨᠠᠷ᠂ ᠴᠢᠭᠯᠡᠭᠦᠯᠦᠯᠳᠦ ᠴᠢᠨᠠᠷ᠂ ᠢᠷᠡᠭᠡᠳᠦ᠋ᠢᠴᠢ ᠴᠢᠨᠠᠷ᠂ ᠵᠢᠯᠤᠭᠤᠳᠬᠤ ᠴᠢᠨᠠᠷ ᠲᠠᠢ ᠪᠣᠯᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠳᠤ ᠴᠢᠬᠤᠯᠠ ᠤᠯᠤᠰ ᠲᠦᠷᠦ᠂ ᠦᠵᠡᠯ ᠰᠠᠨᠠᠭ᠎ᠠ ᠪᠠ ᠤᠨᠤᠯ ᠤᠨ ᠰᠠᠭᠤᠷᠢ ᠲᠠᠯᠪᠢᠨ ᠦᠭᠴᠡᠢ᠃ ᠪᠦᠬᠦ ᠤᠷᠤᠨ ᠲᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ 《7·26》ᠤ᠋ ᠴᠢᠬᠤᠯᠠ ᠶᠠᠷᠢᠶ᠎ᠠ ᠶᠢᠨ ᠴᠢᠬᠤᠯᠠ ᠤᠯᠤᠰ ᠲᠦᠷᠦ ᠶᠢᠨ ᠠᠴᠢ ᠬᠤᠯᠪᠤᠬᠳᠠᠯ᠂ ᠤᠨᠤᠯ ᠤᠨ ᠠᠴᠢ ᠬᠤᠯᠪᠤᠬᠳᠠᠯ᠂ ᠦᠢᠯᠡᠳᠦᠯᠭᠡ ᠶᠢᠨ ᠠᠴᠢ ᠬᠤᠯᠪᠤᠬᠳᠠᠯ ᠪᠠ ᠪᠠᠶᠠᠯᠢᠭ ᠠᠭᠤᠯᠣᠭᠳᠠᠬᠤᠨ᠂ ᠵᠤᠷᠢᠭ ᠰᠠᠨᠠᠭᠠ ᠤ ᠮᠦᠨ ᠴᠢᠨᠠᠷ᠂ ᠦᠨᠳᠦᠰᠦᠨ ᠱᠠᠭᠠᠷᠳᠠᠯᠭ᠎ᠠ ᠶᠢᠨ ᠲᠤᠬᠠᠢ ᠲᠠᠨᠢᠯᠳᠠ ᠪᠠᠨ ᠲᠠᠰᠤᠷᠠᠯᠳᠠ ᠦᠭᠡᠢ ᠬᠦᠨᠵᠡᠭᠡᠶᠢᠷᠡᠭᠦᠯᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠭ᠎ᠠ ᠪᠠᠨ ᠶᠠᠷᠢᠶ᠎ᠠ ᠶᠢᠨ ᠵᠤᠷᠢᠭ ᠰᠠᠨᠠᠭ᠎ᠠ ᠲᠡᠭᠡᠷ᠎ᠠ ᠨᠢᠭᠡᠳᠭᠡᠵᠤ᠂ ᠦᠨᠡᠨᠭᠦ ᠶᠠᠷᠢᠶ᠎ᠠ ᠶᠢᠨ ᠵᠤᠷᠢᠭ ᠰᠠᠨᠠᠭ᠎ᠠ ᠪᠠᠷ ᠲᠠᠷᠢᠬᠢ ᠳᠣᠯᠣᠭᠠᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃     

    ᠯᠢ ᠵᠢᠢ ᠾᠧᠩ᠂ ᠶᠡᠷᠦᠩᠬᠡᠢ ᠱᠦᠵᠢ ᠰᠢ ᠶᠢᠨ ᠫᠢᠩ ᠤᠨ 《7·26》ᠤ᠋ ᠴᠢᠬᠤᠯᠠ ᠶᠠᠷᠢᠶ᠎ᠠ ᠶᠢ ᠰᠣᠷᠣᠯᠴᠠᠨ ᠳᠣᠣᠱᠯᠠᠭᠤᠯᠬᠤ ᠳᠤ᠂ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠪᠣᠯ ᠦᠭᠡᠷᠡᠴᠢᠯᠡᠯᠳᠡ ᠨᠡᠭᠡᠭᠡᠯᠳᠡ ᠬᠢᠭ᠍ᠰᠡᠨ ᠠᠴᠠ ᠨᠠᠰᠢᠬᠢ ᠨᠠᠮ ᠤᠨ ᠪᠦᠬᠦ ᠣᠨᠣᠯ ᠪᠠ ᠦᠢᠯᠡᠳᠦᠯᠭᠡ ᠶᠢᠨ ᠭᠤᠣᠯ ᠰᠡᠳᠦᠪ ᠪᠣᠯᠬᠤ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠰᠢ ᠨᠠᠮ ᠪᠠ ᠣᠯᠣᠰ ᠤᠨ ᠦᠢᠯᠡᠰ ᠲᠤ ᠭᠠᠷᠣᠭᠰᠠᠨ ᠳᠡᠦᠬᠡᠳᠦ ᠴᠢᠨᠠᠷᠳᠠᠢ ᠬᠤᠪᠢᠷᠠᠯᠳᠠ᠂ ᠮᠠᠨ ᠤ ᠣᠯᠣᠰ ᠤᠨ ᠨᠡᠶᠢᠭᠡᠮ ᠤᠨ ᠬᠦᠭ᠍ᠵᠢᠯᠳᠡ ᠶᠢᠨ ᠱᠠᠳᠣᠴᠢ ᠴᠢᠨᠠᠷᠳᠠᠢ ᠣᠨᠴᠠᠯᠢᠭ᠂ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠰᠢᠨ᠎ᠡ ᠬᠦᠭ᠍ᠵᠢᠯᠳᠡ ᠶᠢᠨ ᠱᠠᠳᠣᠨ ᠳᠤ ᠣᠷᠣᠭᠰᠠᠨ᠂ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠢ ᠪᠠᠷᠢᠮᠳᠠᠯᠠᠨ ᠬᠦᠭ᠍ᠵᠢᠭᠦᠯᠬᠦ ᠳᠤ ᠡᠷᠬᠡᠪᠰᠢ ᠣᠨᠣᠯ ᠤᠨ ᠪᠠᠶᠢᠭᠤᠯᠣᠯᠳᠠ ᠪᠣᠯᠣᠨ ᠣᠨᠣᠯ ᠤᠨ ᠵᠢᠯᠣᠭᠤᠳᠣᠯᠭ᠎ᠠ ᠶᠢ ᠳᠡᠭᠡᠳᠦ ᠬᠡᠮᠵᠢᠶ᠎ᠡ ᠪᠠᠷ ᠬᠦᠨᠳᠦᠳᠭᠡᠬᠦ᠂ 《ᠬᠤᠤᠰ ᠵᠠᠭᠤᠨ  》 ᠤ᠋ ᠲᠡᠮᠡᠴᠡᠬᠦ ᠬᠠᠷᠠᠯᠳᠠ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠳᠠ᠂ ᠪᠦᠬᠦ ᠳᠠᠯ᠎ᠠ ᠪᠠᠷ ᠨᠠᠮ ᠢ ᠴᠢᠩᠭ᠋᠎ᠠ ᠵᠠᠰᠠᠬᠤ ᠴᠢᠬᠤᠯᠠ ᠱᠠᠭᠠᠷᠳᠠᠯᠭ᠎ᠠ ᠵᠡᠷᠭᠡ ᠴᠢᠬᠤᠯᠠ ᠦᠭᠦᠯᠡᠯᠳᠡ ᠶᠢ ᠭᠦᠨᠵᠡᠭᠡᠢ ᠳᠠᠨᠢᠨ᠂ ᠣᠨᠣᠪᠴᠢᠳᠠᠢ ᠡᠵᠡᠮᠰᠢᠵᠦ᠂ᠳᠦᠷᠪᠡᠨ ᠣᠬᠠᠮᠰᠠᠷ》 ᠢᠶᠡᠨ ᠴᠢᠨᠠᠭᠰᠢᠳᠠ ᠴᠢᠩᠭ᠋ᠠᠷᠠᠭᠤᠯᠵᠤ᠂ 《ᠳᠦᠷᠪᠡᠨ ᠢᠳᠡᠭᠡᠯ》 ᠢᠶᠡᠨ ᠪᠠᠳᠣᠳᠬᠠᠵᠣ᠂ ᠦᠵᠡᠯ ᠰᠠᠨᠠᠭ᠎ᠠ ᠣᠯᠣᠰ ᠲᠦᠷᠦ ᠦᠢᠯᠡᠠᠵᠢᠯᠯᠠᠭ᠎ᠠ ᠳᠡᠭᠡᠷ᠎ᠡ ᠪᠠᠨ ᠢᠮᠠᠭᠳᠠ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠳᠡᠢ ᠪᠠᠶᠢᠵᠣ᠂ ᠦᠷᠬᠦᠯᠵᠢᠯᠡᠨ 《ᠳᠠᠪᠤ ᠶᠢ ᠨᠢᠭᠡ ᠴᠣᠭᠴᠠᠵᠢᠭᠤᠯᠬᠤ》ᠶᠡᠷᠦᠩᠬᠡᠢ ᠪᠠᠶᠢᠷᠢᠰᠢᠭᠤᠯᠣᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠣ᠂ 《ᠳᠦᠷᠪᠡᠨ ᠪᠦᠬᠦ ᠳᠠᠯ᠎ᠠ》 ᠶ᠋ᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠳᠠ ᠶᠢ ᠵᠣᠬᠢᠴᠠᠭᠤᠯᠣᠨ ᠠᠬᠢᠭᠤᠯᠵᠣ᠂ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠢ ᠪᠠᠷᠢᠮᠳᠠᠯᠠᠨ ᠬᠦᠭ᠍ᠵᠢᠭᠦᠯᠬᠦ᠂ 《ᠬᠤᠤᠰ ᠵᠠᠭᠤᠨ 》 ᠤ᠋ ᠳᠡᠮᠡᠴᠡᠬᠦ ᠬᠠᠷᠠᠯᠳᠠ ᠪᠣᠯᠣᠨ ᠳᠣᠮᠳᠠᠳᠣ ᠶᠢᠨ ᠦᠨᠳᠦᠰᠦᠳᠡᠨ ᠤ ᠠᠭᠤᠣ ᠶᠡᠭᠡ ᠰᠡᠷᠭᠦᠨ ᠮᠠᠨᠳᠣᠯᠳᠠ ᠶᠢᠨ ᠳᠣᠮᠳᠠᠳᠣ ᠶᠢᠨ ᠮᠦᠷᠦᠭᠡᠲᠦᠯ ᠢ ᠪᠡᠶᠡᠯᠡᠭᠦᠯᠬᠦ ᠶᠢᠨ ᠲᠦᠯᠦᠭᠡ ᠴᠦᠬᠦᠷᠡᠯ ᠦᠭᠡᠢ ᠳᠡᠮᠡᠴᠡᠬᠦ ᠬᠡᠷᠡᠭᠳᠡᠢ ᠭᠡᠵᠦ ᠴᠢᠬᠤᠯᠠᠴᠢᠯᠠᠪᠠ᠃        

    ᠯᠢ ᠵᠢᠢ ᠾᠧᠩ᠂ ᠡᠯ᠎ᠡ ᠱᠠᠳᠣ ᠡᠯ᠎ᠡ ᠰᠠᠯᠠᠭ᠎ᠠ ᠮᠦᠴᠢᠷ ᠤᠨ ᠬᠢᠨ ᠲᠦᠪ ᠪᠣᠯᠣᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠣᠯᠳᠠ ᠱᠠᠭᠠᠷᠳᠠᠯᠭ᠎ᠠ ᠶᠣᠰᠣᠭᠠᠷ᠂ ᠶᠡᠷᠦᠩᠬᠡᠢ ᠱᠦᠵᠢ ᠰᠢ ᠶᠢᠨ ᠫᠢᠩ ᠤᠨ7·26》ᠤ᠋ ᠴᠢᠬᠤᠯᠠᠶᠠᠷᠢᠶ᠎ᠠ ᠶᠢᠨ ᠵᠣᠷᠢᠭ ᠰᠠᠨᠠᠭ᠎ᠠ ᠶᠢ ᠳᠠᠷᠣᠢ ᠲᠦᠷᠭᠡᠨ ᠰᠣᠷᠣᠯᠴᠠᠨ ᠣᠬᠠᠭᠤᠯᠵᠣ ᠳᠣᠣᠱᠯᠠᠭᠤᠯᠬᠤ ᠬᠠᠯᠠᠭᠤᠨ ᠦᠷᠨᠢᠯᠳᠡ ᠭᠠᠷᠭᠠᠵᠣ᠂ ᠴᠢᠨᠠᠭᠰᠢᠳᠠ ᠦᠵᠡᠯ ᠰᠠᠨᠠᠭ᠎ᠠ ᠳᠠᠨᠢᠯᠳᠠ ᠪᠠᠨ ᠨᠢᠭᠡᠳᠭᠡᠨ᠂ ᠡᠷᠡᠯᠬᠡᠭ᠍ᠯᠡᠨ ᠣᠷᠣᠭᠰᠢᠯᠠᠬᠤ ᠬᠦᠴᠦᠨ ᠴᠢᠳᠠᠯ ᠢ ᠨᠢᠬᠳᠠᠷᠠᠭᠤᠯᠵᠣ᠂ ᠰᠢᠯᠢᠳᠡᠭ ᠠᠮᠵᠢᠯᠳᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠣᠬᠤ ᠶᠢ ᠣᠭᠳᠣᠬᠤ ᠬᠡᠷᠡᠭᠳᠡᠢ ᠭᠡᠵᠦ ᠱᠠᠭᠠᠷᠳᠠᠪᠠ᠃ 

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121431705