蒙古文网站Logo
ᠰᠢᠨᠬᠤᠸᠠ ᠮᠤᠩᠭ᠋ᠤᠯ ᠨᠧᠲ

ᠶᠢᠰᠦᠳᠦᠭᠡᠷ ᠬᠤᠭᠤᠴᠠᠭᠠᠨ ᠤ ᠴᠢᠶᠠᠨ ᠰᠢᠤᠸᠠᠢ ᠰᠸᠨ ᠹᠤᠷᠦ᠋ᠮ ᠦᠬᠠᠢ ᠳ᠋ᠤ ᠶᠠᠪᠤᠭᠳᠠᠪᠠ

2017-08-14 17:09

    8 ᠰᠠᠷ᠎᠎ᠠ ᠶᠢᠨ 13 ᠤ ᠡᠳᠦᠷ᠂ ᠶᠢᠰᠦᠳᠦᠭᠡᠷ ᠬᠤᠭᠤᠴᠠᠭᠠᠨ ᠤ ᠴᠢᠶᠠᠨ ᠰᠢᠤᠸᠠᠢ ᠰᠸᠨ ᠹᠤᠷᠦ᠋ᠮ ᠦᠬᠠᠢ ᠬᠤᠳᠠ ᠳ᠋ᠤ ᠶ᠍ᠠᠪᠤᠬᠳᠠᠪᠠ᠃ ᠬᠤᠷᠠᠯ ᠳ᠋ᠤ ᠤᠷᠤᠯᠴᠠᠬᠰᠠᠨ ᠠᠺᠠᠳ᠋ᠸᠮᠢᠴᠢ᠂ ᠲᠤᠰᠬᠠᠢ ᠮᠡᠷᠭᠡᠵᠢᠯᠳᠡᠳ ᠡᠷᠳᠡᠮᠳᠡᠳ《ᠴᠦᠭᠡᠨ ᠲᠤᠭᠠᠳᠦ ᠦᠨᠳᠦᠰᠦᠳᠡᠨ ᠤ ᠪᠦᠰᠡ ᠨᠤᠲᠤᠭ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠣᠯᠬᠤ ᠲᠤᠮᠳᠠᠳᠤ ᠵᠢᠨ ᠮᠦᠷᠦᠭᠡᠳᠦᠯ》ᠭᠤᠤᠯ ᠰᠡᠳᠦᠪ ᠤᠨ ᠲᠤᠭᠤᠷᠢᠨ ᠳ᠋ᠤ ᠰᠤᠳᠤᠯᠤᠨ ᠶ᠍ᠠᠷᠢᠯᠴᠠᠵᠤ ᠰᠤᠯᠢᠯᠴᠠᠪᠠ᠃

    ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠲᠡᠳ᠋ ᠱᠦᠵᠢ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠹᠤᠷᠦ᠋ᠮ ᠳᠤ ᠤᠷᠤᠯᠴᠠᠵᠤ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠪᠠᠢ ᠰᠢᠶᠠᠩ ᠴᠢᠶᠦ᠋ᠨ ᠦᠭᠡ ᠬᠡᠯᠡᠵᠤ᠂ ᠸᠠᠩ ᠯᠢ ᠾᠸᠩ᠂ ᠯᠢᠩ ᠸᠸᠩ ᠵᠡᠷᠭᠡ ᠴᠡᠷᠢᠭ ᠠᠷᠠᠳ ᠤᠨ ᠬᠡᠷᠡᠭᠯᠡᠭᠡ ᠵᠢᠨ ᠠᠭᠤᠰᠤᠯᠴᠠᠯ᠂ ᠡᠨ᠋ᠸᠷᠬᠢ ᠬᠢᠮᠢ ᠵᠢᠨ ᠠᠵᠤ ᠦᠢᠯᠡᠳᠪᠦᠷᠢ ᠵᠢᠨ ᠬᠦᠷᠢᠶᠡᠨ ᠳ᠋ᠡᠬᠢ 20 ᠭᠠᠷᠤᠢ ᠠᠺᠠᠳ᠋᠍ᠸᠮᠢᠴᠢ ᠹᠤᠷᠦ᠋ᠮ ᠳᠤ ᠤᠷᠤᠯᠴᠠᠪᠠ᠃

    ᠪᠠᠢ ᠰᠢᠶᠠᠩ ᠴᠢᠶᠦ᠋ᠨ ᠂ ᠲᠤᠰ ᠤᠳᠠᠭᠠᠨ ᠤ ᠴᠢᠶᠠᠨ ᠰᠢᠤ᠍᠍ᠸᠠᠢ ᠰᠸᠨ ᠹᠤᠷᠦ᠋ᠮ ᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠳᠤ ᠡᠷᠬᠢᠯᠡᠭᠰᠡᠨ ᠨᠢ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ  ᠳᠤ ᠰᠠᠢᠢᠨ ᠰᠠᠢᠢᠬᠠᠨ ᠰᠤᠷᠤᠯᠴᠠᠬᠤ ᠲᠤᠬᠢᠶᠠᠯ ᠤᠯᠭᠤᠵᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠣᠯᠬᠤ ᠳ᠋ᠤ ᠬᠦᠴᠦᠷᠭᠡᠭ ᠶ᠍ᠡᠭᠡ ᠬᠦᠳᠡᠯᠭᠡᠭ᠍ᠴᠢ ᠬᠦᠴᠦᠨ ᠨᠡᠮᠡᠷᠢᠯᠡᠪᠡ᠃ ᠡᠨᠡᠭᠦ ᠠᠵᠠ ᠲᠤᠬᠢᠶᠠᠯ ᠢ ᠴᠢᠩᠭ᠋᠎ᠠ ᠠᠳᠬᠤᠵᠤ᠂ᠰᠢᠰᠲ᠋ᠸᠮᠳᠦ ᠰᠡᠳᠬᠢᠭᠦᠢ ᠪᠡᠷ ᠴᠡᠷᠢᠭ ᠠᠷᠠᠳ ᠤᠨ ᠬᠡᠷᠡᠭᠯᠡᠭᠡ ᠵᠢᠨ ᠠᠭᠤᠰᠤᠯᠴᠠᠯ ᠢ ᠲᠦᠯᠦᠪᠵᠢᠭᠦᠯᠵᠦ᠂ ᠬᠠᠤᠯᠢᠵᠢᠯ ᠤᠨ ᠰᠡᠳᠬᠢᠭᠦᠢ ᠪᠠ ᠬᠠᠤᠯᠢᠵᠢᠯ ᠤᠨ ᠠᠷᠭ᠎ᠠ ᠬᠡᠯᠪᠡᠷᠢ ᠪᠡᠷ ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠯ ᠢ ᠠᠬᠢᠭᠤᠯᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠣᠭᠰᠠᠨ ᠤᠨᠴᠠᠯᠢᠬᠳᠦ ᠠᠵᠤ ᠦᠢᠯᠡᠰ ᠢ ᠴᠤᠬᠴᠠᠯᠠᠵᠤ᠂ ᠰᠢᠨᠵᠢᠯᠡᠭᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠬᠠᠮᠳᠤᠪᠡᠷ ᠡᠳ᠋ᠯᠡᠭᠦ ᠲᠤᠬᠳᠠᠴᠠ ᠶᠢ ᠪᠠᠢᠢᠭᠤᠯᠵᠣ᠂ ᠡᠭᠡ ᠤᠯᠤᠰ ᠤᠨ ᠤᠮᠠᠷᠠᠳᠦ ᠵᠢᠨ ᠠᠮᠤᠷ ᠲᠤᠬᠳᠠᠭᠤᠨ ᠤ ᠬᠠᠯᠬᠠᠪᠴᠢ ᠵᠢ ᠴᠣᠭᠴᠠᠯᠠᠬᠣ ᠳ᠋ᠤ ᠬᠦᠴᠦᠨ ᠴᠢᠳᠠᠯ ᠵᠢᠡᠨ ᠡᠷᠭᠦᠨ᠎ᠠ ᠬᠡᠵᠡᠢ᠃

    ᠲᠤᠰ ᠬᠤᠭᠤᠴᠠᠭᠠᠨ ᠤ ᠹᠤᠷᠦ᠋ᠮ ᠢ ᠲᠤᠮᠳᠠᠳᠤ ᠤᠯᠤᠰ ᠤᠨ ᠰᠠᠨᠰᠠᠷ ᠠᠶᠠᠯᠠᠯ ᠤᠨ ᠰᠢᠰᠲ᠋ᠸᠮ ᠤᠨ ᠰᠢᠨᠵᠢᠯᠡᠭᠦ ᠤᠬᠠᠭᠠᠨ ᠬᠢᠭᠡᠳ ᠢᠨᠵᠸᠨ᠋ᠸᠷᠢᠩ ᠤᠨ ᠰᠤᠳᠤᠯᠭᠠᠨ ᠤ ᠬᠦᠷᠢᠶᠡᠯᠡᠩ᠂ ᠲᠤᠮᠳᠠᠳᠤ ᠤᠯᠤᠰ ᠤᠨ ᠰᠠᠨᠰᠠᠷ ᠠᠶᠠᠯᠠᠯ ᠤᠨ ᠢᠨᠵᠸᠨ᠋ᠸᠷᠢᠩ ᠤᠨ ᠰᠢᠨᠵᠢᠯᠡᠭᠦ ᠤᠬᠠᠭᠠᠠ ᠮᠡᠷᠭᠡᠵᠢᠯ ᠤᠨ ᠬᠦᠭ᠍ᠵᠢᠯᠳᠡ ᠵᠢᠨ ᠪᠠᠢᠢᠯᠳᠤᠬᠤ ᠪᠤᠳᠤᠯᠭ᠎ᠠ ᠵᠢᠨ ᠰᠤᠳᠤᠯᠭᠠᠨ ᠤ ᠬᠦᠷᠢᠶᠡᠯᠡᠩ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠰᠢᠨᠵᠢᠯᠡᠭᠦ ᠤᠬᠠᠭᠠᠨ ᠮᠡᠷᠭᠡᠵᠢᠯ ᠤᠨ ᠲᠢᠩᠬᠢᠮ᠂ ᠦᠬᠠᠢ ᠬᠤᠳᠠ ᠵᠢᠨ ᠵᠠᠰᠠᠭ ᠤᠨ ᠤᠷᠳᠤᠨ ᠬᠠᠮᠳᠤᠷᠠᠨ ᠰᠠᠨᠠᠭᠠᠴᠢᠯᠠᠵᠤ᠂ ᠲᠦᠪ ᠤᠨ ᠴᠡᠷᠢᠭ ᠠᠷᠠᠳ ᠤᠨ ᠬᠡᠷᠡᠭᠯᠡᠭᠡ ᠵᠢ ᠠᠭᠤᠰᠤᠯᠴᠠᠭᠤᠯᠬᠤ ᠴᠢᠬᠤᠯᠠ ᠰᠢᠢᠳᠪᠦᠷᠢᠳᠦ ᠪᠤᠳᠤᠯᠭ᠎ᠠ ᠵᠢ ᠦᠢᠯᠡᠳᠦᠯᠭᠡᠵᠢᠭᠦᠯᠵᠤ᠂ ᠦᠪᠦᠷ ᠮᠤᠩᠭ᠋ᠤᠯ ᠤᠨ ᠴᠡᠷᠢᠭ ᠠᠷᠠᠳ ᠤᠨ ᠬᠡᠷᠡᠭᠯᠡᠭᠡ ᠵᠢ ᠠᠭᠤᠰᠤᠯᠴᠠᠭᠤᠯᠬᠤ ᠠᠵᠤ ᠦᠢᠯᠡᠰ ᠢ ᠬᠦᠭ᠍ᠵᠢᠭᠦᠯᠭᠦ ᠨᠦᠬᠦᠴᠡᠯ ᠲᠠᠢ ᠤᠶᠠᠯᠳᠤᠭᠤᠯᠵᠣ᠂ ᠠᠵᠤ ᠦᠢᠯᠡᠰ ᠤᠨ ᠬᠦᠭ᠍ᠵᠢᠯᠳᠡ ᠶᠢ ᠬᠦᠯᠢᠶᠡᠰᠦᠯᠡᠨ ᠬᠢᠵᠠᠭᠠᠷᠯᠠᠵᠣ ᠪᠠᠢᠢᠭ᠎ᠠ ᠮᠡᠷᠭᠡᠵᠢᠯ ᠤᠨ ᠪᠤᠭᠤᠮᠢ ᠳᠡᠭᠡᠷ᠎ᠠ ᠠᠩᠬᠠᠷᠣᠯ ᠵᠢᠡᠨ ᠲᠦᠪᠯᠡᠷᠡᠭᠦᠯᠵᠦ᠂ ᠨᠡᠷᠡᠳᠦ ᠲᠤᠰᠬᠠᠢ ᠮᠡᠷᠭᠡᠵᠢᠯᠳᠡᠳ ᠨᠡᠷᠡᠳᠦ ᠡᠷᠳᠡᠮᠳᠡᠳ ᠤᠨ ᠰᠢᠨ᠎ᠠ ᠵᠢ ᠡᠭᠦᠳᠭᠦ ᠦᠵᠡᠯ ᠰᠠᠨᠠᠭ᠎ᠠ ᠵᠢ ᠲᠦᠪᠯᠡᠷᠡᠭᠦᠯᠵᠦ᠂ ᠦᠪᠦᠷ ᠮᠣᠩᠭᠣᠯ ᠤᠨ ᠡᠳ᠋ ᠤᠨ ᠵᠠᠰᠠᠭ ᠤᠨ ᠪᠦᠳᠦᠴᠡ ᠶᠢᠨ ᠲᠡᠰ ᠲᠡᠪᠰᠢᠭᠦ᠂ ᠬᠡᠯᠪᠡᠷᠢ ᠪᠠᠨ ᠬᠤᠪᠢᠷᠠᠭᠤᠯᠤᠨ ᠬᠦᠭ᠍ᠵᠢᠭᠦ ᠳ᠋ᠤ ᠤᠶᠤᠨ ᠤ ᠲᠤᠯᠭᠠᠭᠤᠷᠢᠯᠠᠯ ᠬᠠᠩᠭ᠋ᠠᠬᠤ ᠪᠡᠷ ᠵᠤᠷᠢᠯᠳᠠ ᠪᠤᠯᠭᠠᠵᠠᠢ᠃

    ᠲᠤᠰ ᠹᠤᠷᠦ᠋ᠮ ᠳᠤ᠂ ᠯᠢ ᠳ᠋ᠸ ᠷᠸᠨ ᠵᠡᠷᠭᠡ ᠠᠺᠠᠳ᠋ᠸᠮᠢᠴᠢ ᠵᠢᠴᠢ ᠲᠤᠰᠬᠠᠢ ᠮᠡᠷᠭᠡᠵᠢᠯᠲᠡᠳ ᠲᠤᠰ ᠪᠦᠷᠢ ᠦᠪᠦᠷ ᠮᠣᠩᠭᠣᠯ ᠤᠨ ᠤᠬᠠᠭᠠᠯᠢᠬ ᠬᠤᠲᠠ ᠶᠢᠨ ᠬᠦᠭ᠍ᠵᠢᠯᠲᠠ᠂ ᠴᠡᠷᠢᠭ᠌ ᠠᠷᠠᠳ ᠤᠨ ᠬᠡᠷᠡᠭᠯᠡᠭᠡ ᠶᠢᠨ ᠠᠭᠤᠰᠤᠯᠴᠠᠯ ᠵᠢᠴᠢ ᠤᠯᠤᠰ ᠤᠨ ᠴᠡᠷᠢᠭ᠌ ᠠᠷᠠᠳ ᠤᠨ ᠠᠭᠤᠰᠤᠯᠴᠠᠯ ᠳᠡᠬᠢ ᠦᠪᠦᠷ ᠮᠣᠩᠭᠣᠯ ᠤᠨ ᠪᠠᠶᠢᠷᠢ ᠰᠠᠭᠤᠷᠢ ᠪᠠᠶᠢᠯᠳᠤᠬᠤ ᠪᠤᠳᠤᠯᠭ᠎ᠠ ᠶᠢᠨ ᠭᠤᠤᠯᠳᠠᠯᠭ᠎ᠠ ᠵᠢᠴᠢ ᠪᠡᠶᠡᠯᠡᠭᠦᠯᠬᠦ ᠠᠷᠭ᠎ᠠ ᠵᠡᠮ ᠵᠡᠷᠭᠡ ᠲᠠᠯ᠎ᠠ ᠪᠡᠷ ᠰᠤᠳᠤᠯᠤᠨ ᠶᠠᠷᠢᠯᠴᠠᠪᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121481483