蒙古文网站Logo
ᠰᠢᠨᠬᠤᠸᠠ ᠮᠤᠩᠭ᠋ᠤᠯ ᠨᠧᠲ

ᠰᠠᠬᠢᠨ ᠲᠡᠮᠨᠡᠯᠴᠡᠵᠦ ᠬᠠᠮᠲᠤ ᠪᠡᠷ ᠪᠦᠯᠬᠦᠮᠲᠡᠨ ᠲᠠᠪᠰᠢᠵᠤ ᠡᠬᠡ ᠤᠯᠤᠰ ᠤᠨ ᠤᠮᠠᠷᠠᠲᠤ ᠬᠢᠯᠢ ᠪᠠᠨ ᠨᠡᠩ ᠭᠤᠶᠤ ᠦᠵᠡᠰᠬᠦᠯᠡᠩ ᠪᠤᠯᠭᠠᠶ᠎ᠠ

2017-08-16 16:48

    ᠰᠢᠨᠬᠤᠧᠠ ᠬᠤᠷᠢᠶ᠎ᠠ   ᠬᠦᠬᠡᠬᠤᠲᠠ ᠶᠢᠨ 8 ᠰᠠᠷ᠎ᠠ ᠶᠢᠨ 7 ᠤ ᠡᠲᠦᠷ ᠤᠨ ᠴᠠᠬᠢᠯᠭᠠᠨ ᠮᠡᠲᠡᠭᠡ   ᠠᠭᠤᠲᠠᠮ ᠲᠠᠯ᠎ᠠ ᠳ᠋ᠤ ᠠᠭᠲᠠ ᠬᠦᠯᠦᠭ ᠡᠬᠦᠯᠡ ᠬᠦᠯᠭᠡᠯᠡᠨ ᠲᠠᠪᠬᠢᠯᠲᠤᠨ᠎ᠠ᠃ ᠦᠵᠡᠰᠬᠦᠯᠡᠩᠲᠤ ᠰᠠᠶᠢᠬᠠᠨ ᠤᠮᠠᠷᠠᠲᠤ ᠬᠢᠯᠢ ᠳ᠋ᠤ ᠵᠤᠯ ᠵᠢᠷᠭᠠᠯ ᠠᠮᠤᠷ ᠠᠮᠤᠭᠤᠯᠠᠩ ᠢ ᠪᠢᠴᠢᠭᠯᠡᠨ᠎ᠡ᠃ ᠮᠠᠨ ᠤ ᠤᠯᠤᠰ ᠤᠨ ᠮᠤᠵᠢ ᠶᠢᠨ ᠵᠡᠷᠭᠡᠯᠡᠯ ᠤᠨ ᠤᠤᠭᠠᠨ ᠴᠦᠬᠡᠨ ᠲᠤᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ ᠪᠤᠯᠬᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠵᠢᠯ ᠤᠨ ᠤᠢ ᠪᠠᠨ ᠤᠭᠲᠤᠨ ᠠᠪᠤᠯ᠎ᠠ᠃ 70 ᠵᠢᠯ ᠤᠨ ᠡᠷᠡᠮᠡᠬᠡᠶ ᠲᠡᠮᠡᠴᠡᠯᠲᠡ ᠪᠡᠷ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠲᠠᠯ᠎ᠠ ᠨᠤᠲᠤᠭ ᠲᠤ ᠦᠨᠳᠦᠰᠦᠯᠡᠵᠦ᠂ ᠠᠮᠵᠢᠯᠲᠠ ᠪᠦᠲᠦᠮᠵᠢ ᠦᠯᠡᠮᠵᠢ᠂ ᠤᠷᠤᠨ ᠲᠠᠶᠠᠭᠠᠷ ᠤᠨ ᠠᠷᠠᠳ ᠲᠦᠮᠡᠨ ᠬᠠᠮᠲᠤ ᠪᠡᠷ ᠤᠷᠤᠭᠰᠢᠯᠠᠵᠤ᠂ ᠦᠨᠳᠦᠰᠦᠲᠡᠨ ᠤ ᠪᠦᠯᠬᠦᠮᠲᠡᠯ ᠲᠠᠪᠰᠢᠯᠲᠠ ᠶᠢ ᠬᠠᠮᠲᠤ ᠪᠡᠷ ᠪᠢᠴᠢᠭᠯᠡᠵᠦ᠂ ᠬᠦᠭᠵᠢᠯ ᠴᠡᠴᠡᠭᠯᠡᠯ ᠤᠨ ᠰᠦᠷᠯᠢᠭ ᠬᠠᠭᠤᠲᠠᠰᠤ ᠶᠢ ᠰᠡᠬᠦᠪᠡ᠃

    70 ᠵᠢᠯ ᠤᠨ ᠲᠤᠷᠰᠢᠲᠠ ᠲᠡᠭᠷᠢ ᠶᠢᠨ ᠴᠢᠷᠠᠢ ᠶᠢ ᠬᠠᠷᠠᠵᠤ ᠨᠡᠬᠦᠲᠡᠯᠯᠡᠨ ᠮᠠᠯᠵᠢᠵᠤ ᠪᠠᠶᠢᠭᠰᠠᠨ ᠢᠶᠡᠨ ᠤᠲᠤ ᠮᠠᠨ ᠤ ᠤᠯᠤᠰ ᠤᠨ ᠪᠤᠬᠢᠷᠲᠤᠯ ᠦᠭᠡᠢ ᠮᠠᠯ ᠲᠠᠷᠢᠶᠠᠯᠠᠩ ᠤᠨ ᠪᠦᠲᠦᠭᠡᠭ᠍ᠲᠡᠬᠦᠨ ᠦᠢᠯᠡᠳᠪᠦᠷᠢᠯᠡᠬᠦ ᠴᠢᠬᠤᠯᠠ ᠰᠠᠭᠤᠷᠢᠨ ᠪᠤᠯᠪᠠ᠃ ᠠᠷᠠᠰᠤ ᠨᠤᠤᠰᠤ ᠵᠡᠷᠭᠡ ᠬᠦᠩᠭᠡᠨ ᠠᠵᠤ ᠦᠢᠯᠡᠳᠪᠦᠷᠢ ᠡᠴᠡ ᠤᠲᠤᠬᠢᠴᠢᠯᠠᠭᠰᠠᠨ ᠠᠵᠤ ᠦᠢᠯᠡᠳᠪᠦᠷᠢ ᠶᠢᠨ ᠰᠢᠰᠲ᠋ᠧᠮ ᠢ ᠪᠠᠶᠢᠭᠤᠯᠪᠠ᠃ ᠤᠷᠤᠨ ᠲᠠᠶᠠᠭᠠᠷ ᠤᠨ 80﹪ ᠡᠴᠡ ᠲᠡᠭᠡᠭ᠍ᠰᠢᠬᠢ ᠬᠦᠮᠦᠨ ᠠᠮᠠ ᠰᠤᠶᠤᠯ ᠤᠨ ᠪᠠᠯᠠᠢ ᠪᠠᠶᠢᠵᠤ᠂ ᠨᠢᠭᠡ ᠴᠤ ᠶᠡᠬᠡ ᠰᠤᠷᠭᠠᠭᠤᠯᠢ ᠪᠠᠶᠢᠬᠰᠠᠨ ᠦᠭᠡᠢ ᠡᠴᠡ ᠤᠲᠤ ᠰᠤᠶᠤᠯ ᠤᠨ ᠪᠠᠯᠠᠢ ᠶᠢ ᠤᠰᠠᠳᠬᠠᠵᠤ 53 ᠶᠡᠬᠡ ᠲᠡᠭᠡᠳᠦ ᠰᠤᠷᠭᠠᠭᠤᠯᠢ ᠲᠠᠢ ᠪᠤᠯᠪᠠ ᠃ ᠬᠦᠮᠦᠨ ᠲᠤᠮᠲᠠᠴᠢ ᠶᠢᠨ ᠨᠠᠰᠤᠨ ᠬᠤᠲᠤᠭ 35 ᠨᠠᠰᠤ ᠡᠴᠡ 75.8 ᠨᠠᠰᠤ ᠪᠤᠯᠪᠠ ᠁ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠦᠲᠦᠭᠡᠨ ᠪᠠᠶᠢᠭᠤᠯᠤᠯᠲᠠ ᠳ᠋ᠡᠬᠢ ᠯᠤᠲᠤ ᠶᠡᠬᠡ ᠠᠮᠵᠢᠯᠲᠠ ᠪᠦᠲᠦᠮᠵᠢ ᠨᠢ ᠨᠠᠮ ᠲᠦᠷᠦ ᠶᠢᠨ ᠡᠷᠡᠰ ᠭᠤᠶᠢᠪᠢᠰᠢ ᠦᠭᠡᠢ ᠤᠲᠤᠷᠢᠲᠤᠯᠭ᠎ᠠ ᠪᠠ ᠶᠡᠬᠡ ᠬᠦᠴᠦᠨ ᠤ ᠲᠡᠮᠵᠢᠯᠭᠡ ᠡᠴᠡ ᠰᠠᠯᠵᠤ ᠴᠢᠲᠠᠰᠢ ᠦᠭᠡᠢ᠂ ᠡᠯ᠎ᠡ ᠦᠨᠳᠦᠰᠦᠲᠡᠨ ᠤ ᠠᠷᠠᠳ ᠲᠦᠮᠡᠨ ᠤ ᠰᠢᠷᠭᠠᠭᠤ ᠬᠠᠲᠠᠭᠤᠵᠢᠯᠲᠠᠢ ᠲᠡᠮᠡᠴᠡᠯ ᠤᠨ ᠬᠤᠷᠠᠮᠲᠤᠯ᠂ ᠮᠠᠨ ᠤ ᠤᠯᠤᠰ ᠤᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠤᠨ ᠯᠤᠲᠤ ᠶᠡᠬᠡ ᠲᠠᠪᠠᠭᠤᠯᠢᠭ ᠲᠠᠯ᠎ᠠ ᠶᠢ ᠠᠮᠢᠲᠤᠯᠢᠭ ᠢᠯᠡᠷᠡᠬᠦᠯᠪᠡ᠃ ᠵᠦᠩ ᠨᠠᠨ ᠬᠠᠢ ᠶᠢᠨ ᠨᠠᠷᠠ ᠬᠤᠷ᠎ᠠ ᠲᠠᠯ᠎ᠠ ᠨᠤᠲᠤᠭ ᠢ ᠡᠭᠦᠷᠢᠲᠡ ᠭᠡᠶᠢᠬᠦᠯᠦᠨ ᠤᠮᠲᠠᠯᠠᠨ᠎ᠠ᠃

    ᠨᠠᠮ ᠤᠨ ᠠᠷᠪᠠᠨ ᠨᠠᠶ᠋ᠮᠠᠲᠤᠭᠠᠷ ᠶᠡᠬᠡ ᠬᠤᠷᠠᠯ ᠡᠴᠡ ᠨᠠᠰᠢ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠠᠯᠦᠰ ᠤᠨ ᠬᠠᠷᠠᠴᠠ ᠬᠤᠯᠠ ᠶᠢᠨ ᠪᠤᠲᠤᠯ ᠢᠶᠡᠷ᠂ ᠦᠪᠦᠷ ᠮᠤᠩᠭᠤᠯ ᠤᠨ ᠡᠳ᠋ ᠤᠨ ᠵᠠᠰᠠᠭ ᠨᠡᠶᠢᠭᠡᠮ ᠤᠨ ᠬᠦᠭ᠍ᠵᠢᠯᠲᠠ ᠶᠢᠨ ᠪᠤᠲᠠᠲᠤ ᠪᠠᠶᠢᠲᠠᠯ ᠳ᠋ᠤ ᠰᠠᠭᠤᠷᠢᠯᠠᠵᠤ ᠪᠦᠬᠦ ᠲᠠᠯ᠎ᠠ ᠪᠡᠷ ᠲᠦᠰᠦᠪᠯᠡᠨ᠂ ᠡᠬᠡ ᠤᠯᠤᠰ ᠤᠨ ᠤᠮᠠᠷᠠᠲᠤ ᠬᠢᠯᠢ ᠶᠢᠨ ᠬᠦᠭ᠍ᠵᠢᠯᠲᠠ ᠳ᠋ᠤ ᠲᠤᠲᠤᠷᠬᠠᠢ ᠲᠦᠰᠦᠪ ᠵᠤᠬᠢᠶᠠᠨ ᠦᠭᠪᠡ᠃ 2014 ᠤᠨ ᠤ ᠴᠠᠭᠠᠨ ᠰᠠᠷ᠎᠎ᠠ ᠡᠴᠡ ᠡᠮᠦᠨᠡᠬᠡᠨ᠂ ᠰᠢ ᠵᠢᠨ ᠫᠢᠩ ᠶᠡᠷᠦᠩᠬᠡᠢ ᠱᠦᠵᠢ ᠦᠪᠦᠷ ᠮᠤᠩᠭᠤᠯ ᠳ᠋ᠤ ᠢᠷᠡᠵᠦ ᠬᠡᠲᠦᠨ ᠮᠢᠩᠭᠠᠨ ᠺᠢᠯᠤᠮᠧᠲ᠋ᠷ ᠠᠶᠠᠯᠠᠨ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠢ ᠪᠤᠯᠭᠤᠭᠠᠨ ᠲᠤᠬᠤᠨᠢᠭᠤᠯᠵᠤ᠂ ᠦᠪᠦᠷ ᠮᠤᠩᠭᠤᠯ ᠤᠨ ᠠᠯᠦᠰ ᠬᠡᠲᠦ ᠶᠢᠨ ᠬᠦᠭ᠍ᠵᠢᠯᠲᠠ ᠳ᠋ᠤ ᠪᠠᠶᠢᠯᠲᠤᠬᠤ ᠪᠤᠲᠤᠯᠭ᠎ᠠ ᠶᠢᠨ ᠵᠢᠯᠤᠭᠤᠲᠤᠮᠵᠢ ᠲᠤᠷᠠᠲᠤᠨ᠂ ᠲᠤᠮᠤ ᠴᠢᠬᠤᠯᠠ ᠪᠠᠶᠢᠷᠢᠯᠠᠭᠤᠯᠤᠯᠲᠠ ᠬᠢᠪᠡ᠃ 《ᠦᠪᠦᠷ ᠮᠤᠩᠭᠤᠯ ᠢ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠤᠭᠲᠠᠭᠤᠨ ᠬᠠᠯᠬᠠᠪᠴᠢ ᠪᠤᠯᠭᠠᠬᠤ》᠂ 《ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠢ ᠪᠠᠶᠢᠭᠤᠯᠬᠤ》 ᠡᠴᠡ 《ᠦᠪᠦᠷ ᠮᠤᠩᠭᠤᠯ ᠤᠨ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠢ ᠰᠠᠬᠢᠨ ᠲᠡᠮᠨᠡᠯᠴᠡᠵᠦ ᠬᠠᠮᠲᠤ ᠪᠡᠷ ᠪᠦᠯᠬᠦᠮᠲᠡᠨ ᠲᠠᠪᠰᠢᠬᠤ》 ᠶ᠋ᠢ ᠬᠦᠰᠡᠨ ᠨᠠᠶᠢᠲᠠᠪᠠ᠃ ᠰᠢ ᠵᠢᠨ ᠫᠢᠩ ᠶᠡᠷᠦᠩᠬᠡᠢ ᠱᠦᠵᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠲᠡ ᠬᠦᠭ᠍ᠵᠢᠯᠲᠠ ᠳ᠋ᠤ ᠤᠷᠤᠭᠰᠢᠯᠠᠯᠲᠠ ᠶᠢᠨ ᠴᠢᠭᠯᠡᠯ ᠵᠢᠭᠠᠨ ᠦᠭᠴᠦ᠂ ᠡᠯ᠎ᠡ ᠦᠨᠳᠦᠰᠦᠲᠡᠨ ᠤ ᠠᠷᠠᠳ ᠲᠦᠮᠡᠨ ᠤ ᠡᠪ ᠨᠢᠭᠡᠲᠦᠯ ᠳ᠋ᠦ ᠤᠶᠤᠨ ᠰᠠᠨᠠᠭᠠᠨ ᠤ ᠬᠦᠴᠦᠷᠬᠡᠭ᠌ ᠶᠡᠬᠡ ᠬᠦᠲᠡᠯᠭᠡᠭ᠍ᠴᠢ ᠬᠦᠴᠦᠨ ᠤᠯᠭᠤᠪᠠ᠃

    ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠢ ᠬᠠᠮᠤᠭ ᠤᠨ ᠡᠷᠲᠡ ᠬᠡᠷᠡᠭᠵᠢᠬᠦᠯᠦᠭᠴᠢ ᠪᠤᠯᠤᠭᠰᠠᠨ ᠤ ᠬᠤᠪᠢ ᠳ᠋ᠤ ᠦᠪᠦᠷ ᠮᠤᠩᠭᠤᠯ ᠦᠨᠳᠦᠰᠦᠲᠡᠨ ᠤ ᠤᠷᠤᠨ ᠳᠡᠬᠢ ᠦᠪᠡᠷᠲᠡᠭᠡᠨ ᠵᠠᠰᠠᠬᠤ ᠪᠠᠶᠢᠭᠤᠯᠤᠯ ᠢ ᠪᠦᠬᠦ ᠲᠠᠯ᠎ᠠ ᠪᠡᠷ ᠬᠡᠷᠡᠭᠵᠢᠬᠦᠯᠵᠦ᠂ ᠤᠯᠤᠰ ᠡᠴᠡ ᠦᠨᠳᠦᠰᠦᠲᠡᠨ ᠤ ᠤᠷᠤᠨ ᠳ᠋ᠤ ᠤᠯᠭᠤᠭᠰᠠᠨ ᠦᠪᠡᠷᠲᠡᠭᠡᠨ ᠵᠠᠰᠠᠬᠤ ᠡᠷᠬᠡ ᠪᠠ ᠡᠯ᠎ᠡ ᠲᠦᠷᠦᠯ ᠤᠨ ᠬᠠᠷᠠᠭᠠᠯᠵᠠᠯ ᠤᠨ ᠲᠦᠷᠦ ᠶᠢᠨ ᠪᠤᠲᠤᠯᠭ᠎ᠠ ᠶᠢ ᠭᠦᠢᠴᠡᠳ᠂ ᠠᠮᠢᠲᠤᠯᠢᠭ᠂ ᠰᠠᠶᠢᠲᠦᠷ ᠬᠡᠷᠡᠭᠵᠢᠬᠦᠯᠦᠭᠰᠡᠨ ᠢᠶᠡᠷ ᠡᠳ᠋ ᠤᠨ ᠵᠠᠰᠠᠭ ᠤᠨ ᠬᠦᠭ᠍ᠵᠢᠯᠲᠠ᠂ ᠰᠤᠶᠤᠯ ᠤᠨ ᠴᠡᠴᠡᠭᠯᠡᠯ᠂ ᠬᠢᠯᠢ ᠬᠢᠵᠠᠭᠠᠷ ᠠᠮᠤᠷ ᠲᠤᠭᠲᠠᠭᠤᠨ᠂ ᠠᠮᠢ ᠠᠬᠤᠢ ᠪᠤᠯᠪᠠᠰᠤᠨ ᠪᠤᠯᠵᠤ ᠡᠯ᠎ᠡ ᠰᠠᠯᠪᠤᠷᠢ ᠶᠢᠨ ᠠᠵᠢᠯ ᠦᠢᠯᠡᠰ ᠯᠤᠲᠤ ᠶᠡᠬᠡ ᠲᠠᠪᠠᠯᠲᠠ ᠶᠢ ᠪᠡᠶᠡᠯᠡᠬᠦᠯᠪᠡ᠃

    ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠢ ᠡᠷᠡᠰ ᠭᠤᠶᠢᠪᠢᠰᠢ ᠦᠭᠡᠢ ᠬᠡᠷᠡᠭᠵᠢᠬᠦᠯᠵᠦ᠂ ᠨᠠᠮ ᠤᠨ ᠤᠲᠤᠷᠢᠲᠤᠯᠭ᠎ᠠ ᠶᠢ ᠴᠢᠩᠭ᠎ᠠ ᠪᠠᠷᠢᠮᠲᠠᠯᠠᠵᠤ᠂ ᠲᠤᠮᠲᠠᠲᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠵᠠᠮ ᠢ ᠪᠠᠷᠢᠮᠲᠠᠯᠠᠵᠤ᠂ ᠡᠬᠡ ᠤᠯᠤᠰ ᠤᠨ ᠨᠢᠭᠡᠲᠦᠯ ᠢ ᠬᠠᠮᠠᠭᠠᠯᠠᠬᠤ ᠶᠢ ᠪᠠᠷᠢᠮᠲᠠᠯᠠᠵᠤ᠂ ᠠᠭᠤᠤ ᠶᠡᠬᠡ ᠡᠬᠡ ᠤᠯᠤᠰ᠂ ᠲᠤᠮᠲᠠᠲᠤ ᠶᠢᠨ ᠦᠨᠳᠦᠰᠦᠲᠡᠨ᠂ ᠲᠤᠮᠲᠠᠲᠤ ᠶᠢᠨ ᠰᠤᠶᠤᠯ᠂ ᠲᠤᠮᠲᠠᠲᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠵᠠᠮ ᠢ ᠮᠡᠲᠡᠷᠡᠵᠦ᠂ ᠡᠯ᠎ᠡ ᠦᠨᠳᠦᠰᠦᠲᠡᠨ ᠡᠵᠡᠨ ᠮᠡᠲᠡᠬᠦ ᠢᠲᠡᠪᠬᠢ ᠴᠢᠨᠠᠷ ᠢ ᠬᠦᠢᠴᠡᠳ ᠪᠠᠲᠠᠷᠠᠭᠤᠯᠪᠠᠯ ᠦᠪᠦᠷ ᠮᠤᠩᠭᠤᠯ ᠤᠨ ᠬᠦᠭᠵᠢᠯ ᠴᠡᠴᠡᠭᠯᠡᠯ ᠦᠨᠳᠦᠰᠦᠨ ᠪᠠᠲᠤᠯᠠᠭ᠎ᠠ ᠲᠠᠢ ᠲᠤᠲᠤᠭᠠᠲᠤ ᠠᠮᠢᠵᠢᠷᠠᠯ ᠤᠨ ᠬᠦᠴᠦᠨ ᠲᠠᠢ ᠪᠤᠯᠲᠠᠭ᠃

    ᠬᠦᠭ᠍ᠵᠢᠯᠲᠠ ᠪᠤᠯ ᠠᠯᠢᠪᠠ ᠠᠰᠠᠭᠤᠲᠠᠯ ᠢ ᠰᠢᠢᠳᠪᠦᠷᠢᠯᠡᠬᠦ ᠲᠦᠯᠬᠢᠭᠦᠷ ᠮᠦᠨ᠃ ᠤᠲᠤᠬᠠᠨ ᠳ᠋ᠤ ᠦᠪᠦᠷ ᠮᠤᠩᠭᠤᠯ ᠳ᠋ᠦ ᠬᠡᠯᠪᠡᠷᠢ ᠪᠡᠨ ᠬᠤᠪᠢᠷᠠᠭᠤᠯᠵᠤ ᠲᠡᠰ ᠲᠡᠪᠰᠢᠬᠦᠯᠬᠦ᠂ ᠶᠠᠲᠠᠭᠤ ᠡᠴᠡ ᠠᠩᠭᠢᠵᠢᠷᠠᠵᠤ ᠪᠤᠭᠤᠮᠲᠠ ᠰᠢᠪᠲᠤᠯᠬᠤ ᠵᠡᠷᠭᠡ ᠬᠦᠨᠳᠦ ᠬᠡᠴᠡᠬᠦᠦ ᠡᠭᠦᠷᠭᠡ ᠲᠤᠯᠭᠠᠷᠠᠵᠤ ᠪᠠᠶᠢᠬᠤ ᠪᠦᠭᠡᠳ 《ᠨᠢᠭᠡ ᠪᠦᠰᠡ ᠨᠢᠭᠡ ᠵᠠᠮ》 ᠤᠨ ᠪᠠᠶᠢᠭᠤᠯᠤᠯᠲᠠ᠂ ᠭᠠᠲᠠᠭᠠᠲᠤ ᠨᠡᠬᠡᠬᠡᠯᠲᠡ ᠪᠠᠨ ᠦᠷᠭᠡᠳᠬᠡᠬᠦ ᠵᠡᠷᠭᠡ ᠲᠤᠬᠢᠶᠠᠯ ᠢᠷᠡᠵᠦ ᠪᠤᠢ᠃ ᠢᠷᠡᠭᠡᠲᠦᠢ ᠪᠠᠨ ᠪᠠᠷᠠᠯᠠᠬᠤᠶ᠎ᠠ ᠬᠦᠭ᠍ᠵᠢᠯᠲᠠ ᠶᠢᠨ ᠰᠢᠨ᠎ᠡ ᠤᠶᠢᠯᠠᠭᠠᠬᠲᠠᠬᠤᠨ ᠢᠶᠡᠷ ᠬᠦᠲᠦᠴᠢ ᠪᠤᠯᠭᠠᠨ᠂ ᠠᠷᠠᠳ ᠲᠦᠮᠡᠨ ᠢᠶᠡᠷ ᠭᠤᠤᠯ ᠪᠤᠯᠭᠠᠭᠰᠠᠨ ᠬᠦᠭᠵᠢᠯᠲᠠ ᠶᠢᠨ ᠦᠵᠡᠯ ᠰᠠᠨᠠᠭ᠎ᠠ ᠶᠢ ᠦᠢᠯᠡᠳᠦᠯᠭᠡᠵᠢᠬᠦᠯᠵᠦ᠂ ᠡᠳ᠋ ᠤᠨ ᠵᠠᠰᠠᠭ ᠤᠨ ᠬᠦᠭ᠍ᠵᠢᠯᠲᠠ ᠪᠠᠨ ᠬᠤᠪᠢᠷᠠᠭᠤᠯᠬᠤ ᠳ᠋ᠤ ᠮᠠᠯ ᠲᠠᠷᠢᠶᠠᠯᠠᠩ ᠤᠨ ᠦᠢᠯᠡᠰ ᠪᠠ ᠮᠠᠯᠵᠢᠬᠤ ᠤᠷᠤᠨ ᠤ ᠠᠵᠢᠯ ᠢ ᠰᠠᠶᠢᠲᠦᠷ ᠠᠳᠬᠤᠵᠤ᠂ ᠢᠷᠭᠡᠳ ᠤᠨ ᠠᠮᠵᠢᠷᠠᠭ᠎ᠠ ᠶᠢ ᠪᠠᠲᠤᠯᠠᠬᠤ ᠪᠠ ᠰᠠᠶᠢᠵᠢᠷᠠᠭᠤᠯᠬᠤ ᠵᠡᠷᠭᠡ ᠲᠠᠯ᠎ᠠ ᠳ᠋ᠤ ᠬᠦᠴᠦ ᠤᠷᠤᠭᠤᠯᠵᠤ ᠬᠡᠯᠪᠡᠷᠢ ᠪᠠᠨ ᠬᠤᠪᠢᠷᠠᠭᠤᠯᠵᠤ ᠬᠦᠭᠵᠢᠬᠦ ᠶᠢ ᠠᠵᠤ ᠦᠢᠯᠡᠰ ᠤᠨ ᠪᠦᠲᠦᠴᠡ ᠪᠠᠨ ᠰᠢᠯᠢᠲᠡᠭᠵᠢᠬᠦᠯᠬᠦ᠂ ᠰᠢᠨ᠎ᠡ ᠬᠦᠲᠡᠯᠭᠡᠭᠴᠢ ᠬᠦᠴᠦᠨ ᠤ ᠬᠦᠭᠵᠢᠯᠲᠠ᠂ ᠦᠭᠡᠷᠡᠴᠢᠯᠡᠯᠲᠡ ᠶᠢ ᠪᠦᠬᠦ ᠲᠠᠯ᠎ᠠ ᠪᠡᠷ ᠬᠦᠨᠵᠡᠭᠡᠶᠢᠷᠡᠬᠦᠯᠬᠦ ᠵᠡᠷᠭᠡ ᠲᠠᠢ ᠬᠠᠷᠢᠯᠴᠠᠨ ᠤᠶᠠᠯᠲᠤᠭᠤᠯᠪᠠᠯ ᠰᠠᠶ᠊ᠢ ᠦᠪᠦᠷ ᠮᠤᠩᠭᠤᠯ ᠤᠨ ᠡᠳ᠋ ᠤᠨ ᠵᠠᠰᠠᠭ ᠨᠡᠶᠢᠭᠡᠮ ᠤᠨ ᠬᠦᠭ᠍ᠵᠢᠯᠲᠠ ᠡᠷᠡᠬᠦᠯ ᠲᠤᠭᠲᠠᠭᠤᠨ ᠢᠶᠡᠷ ᠦᠷᠬᠦᠯᠵᠢᠯᠡᠨ ᠬᠦᠭᠵᠢᠬᠦ ᠶᠢ ᠠᠬᠢᠭᠤᠯᠵᠤ ᠡᠯ᠎ᠡ ᠦᠨᠳᠦᠰᠦᠲᠡᠨ ᠤ ᠤᠯᠠᠨ ᠲᠦᠮᠡᠨ ᠢ ᠤᠯᠠᠮ ᠰᠡᠳᠬᠢᠯ ᠬᠠᠨᠤᠮᠵᠢᠲᠠᠢ ᠪᠤᠯᠭᠠᠨ᠎ᠠ᠃

    ᠡᠪ ᠨᠢᠭᠡᠲᠦᠯ ᠪᠤᠯ ᠡᠯ᠎ᠡ ᠦᠨᠳᠦᠰᠦᠲᠡᠨ ᠤ ᠠᠷᠠᠳ ᠲᠦᠮᠡᠨ ᠤ ᠠᠮᠢᠨ ᠰᠤᠲᠠᠰᠤ ᠮᠦᠨ᠃ ᠦᠨᠳᠦᠰᠦᠲᠡᠨ ᠤ ᠪᠦᠯᠬᠦᠮᠲᠡᠯ ᠲᠠᠪᠰᠢᠯᠲᠠ ᠶᠢᠨ ᠰᠤᠷᠭᠠᠨ ᠬᠦᠮᠦᠵᠢᠯ ᠢ ᠦᠷᠭᠡᠨ ᠢᠶᠡᠷ ᠦᠷᠨᠢᠬᠦᠯᠵᠦ᠂ ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠰᠤᠶᠤᠯ ᠢ ᠬᠠᠮᠭᠠᠯᠠᠬᠤ ᠶᠢ ᠠᠩᠬᠠᠷᠤᠨ ᠴᠢᠬᠤᠯᠠᠴᠢᠯᠠᠬᠤ ᠬᠡᠷᠡᠭᠲᠡᠢ᠃ ᠬᠢᠲᠠᠳ ᠦᠨᠳᠦᠰᠦᠲᠡᠨ ᠤ 28 ᠦᠨᠦᠴᠢᠨ ᠬᠡᠦᠬᠡᠳ ᠢ ᠦᠷᠡᠴᠢᠯᠡᠨ ᠲᠡᠵᠢᠭᠡᠭᠰᠡᠨ ᠲᠦᠭᠦᠢᠶᠮ᠎ᠡ ᠡᠵᠢ᠂ ᠠᠷᠠᠳ ᠤᠨ ᠢᠶᠡᠨ ᠲᠦᠯᠦᠭᠡ ᠠᠷᠠᠯ ᠤᠨ ᠱᠠᠷ ᠰᠢᠬ ᠵᠢᠳᠬᠦᠵᠦ ᠠᠵᠢᠯᠯᠠᠭᠰᠠᠨ ᠴᠦᠬᠡᠨ ᠲᠤᠭᠠᠲᠤ ᠦᠨᠳᠦᠰᠦᠲᠡᠨ ᠤ ᠺᠠᠳ᠋ᠷ ᠨᠢᠦᠢ ᠢᠦᠢ ᠿᠦ ᠁ 70 ᠵᠢᠯ ᠤᠨ ᠲᠤᠷᠰᠢ ᠡᠯ᠎ᠡ ᠦᠨᠳᠦᠰᠦᠲᠡᠨ ᠤ ᠠᠷᠠᠳ ᠲᠦᠮᠡᠨ ᠰᠡᠳᠬᠢᠯ ᠰᠡᠳᠬᠢᠯ ᠢᠶᠡᠨ ᠬᠤᠯᠪᠤᠯᠴᠠᠨ ᠦᠪᠦᠷ ᠮᠤᠩᠭᠤᠯ ᠤᠨ ᠬᠦᠭ᠍ᠵᠢᠯᠲᠠ ᠶᠢᠨ ᠬᠢᠯᠠᠯᠵᠠᠮ᠎ᠠ ᠠᠮᠵᠢᠯᠲᠠ ᠶᠢ ᠬᠠᠮᠲᠤ ᠪᠡᠷ ᠴᠤᠭᠴᠠᠯᠠᠵᠤ᠂ ᠦᠨᠳᠦᠰᠦᠲᠡᠨ ᠤ ᠪᠦᠯᠬᠦᠮᠲᠡᠯ᠂ ᠨᠡᠶᠢᠭᠡᠮ ᠤᠨ ᠡᠶ᠎ᠡ ᠨᠠᠶᠢᠷᠠᠮᠲᠠᠭᠤ ᠪᠤᠯ ᠦᠨᠳᠦᠰᠦᠲᠡᠨ ᠤ ᠤᠷᠤᠨ ᠤ ᠬᠦᠭᠵᠢᠯ ᠴᠡᠴᠡᠭᠯᠡᠯ ᠤᠨ ᠴᠢᠬᠤᠯᠠ ᠰᠠᠭᠤᠷᠢ ᠴᠢᠯᠠᠭᠤ ᠭᠡᠲᠡᠭ ᠢ ᠭᠦᠢᠴᠡᠳ ᠭᠡᠷᠡᠴᠢᠯᠡᠪᠡ᠃ ᠰᠢᠨ᠎ᠡ ᠪᠠᠶᠢᠲᠠᠯ ᠲᠤᠤᠷ᠎ᠠ᠂ ᠦᠨᠳᠦᠰᠦᠲᠡᠨ ᠤ ᠪᠦᠯᠬᠦᠮᠲᠡᠯ ᠤᠨ ᠲᠤᠭ ᠢ ᠨᠡᠩ ᠦᠨᠳᠦᠷ ᠮᠠᠨᠲᠤᠭᠤᠯᠵᠤ᠂ ᠦᠨᠳᠦᠰᠦᠲᠡᠨ ᠤ ᠬᠠᠷᠢᠯᠴᠠᠭ᠎ᠠ ᠰᠤᠯᠢᠯᠴᠠᠭ᠎ᠠ ᠠᠭᠤᠰᠤᠯᠴᠠᠭᠠᠨ ᠤ ᠲᠤᠮᠲᠠ ᠬᠠᠮᠲᠤ ᠪᠡᠷ ᠬᠦᠭᠵᠢᠬᠦ᠂ ᠬᠠᠮᠲᠤ ᠪᠡᠷ ᠲᠠᠪᠰᠢᠬᠤ ᠶᠢ ᠠᠬᠢᠭᠤᠯᠵᠤ᠂ ᠦᠨᠳᠦᠰᠦᠲᠡ ᠤ ᠪᠦᠯᠬᠦᠮᠲᠡᠯ ᠤᠨ ᠠᠮᠢᠨ ᠰᠤᠲᠠᠰᠤ ᠶᠢ ᠨᠡᠩ ᠭᠦᠨ ᠪᠠᠲᠤᠲᠠᠢ ᠪᠤᠯᠭᠠᠪᠠᠯ ᠰᠠᠶ᠊ᠢ ᠪᠦᠯᠬᠦᠮᠲᠡᠯ ᠤᠨ ᠴᠡᠴᠡᠭ ᠲᠠᠯ᠎ᠠ ᠨᠤᠲᠤᠭ ᠲᠤ ᠡᠭᠦᠷᠢᠲᠡ ᠲᠡᠯᠭᠡᠷᠡᠵᠦ᠂ ᠦᠨᠢ ᠡᠭᠦᠷᠢᠲᠡ ᠶᠢᠨ ᠠᠮᠤᠷ ᠲᠤᠭᠲᠠᠭᠤᠨ ᠤ ᠦᠨᠳᠦᠰᠦ ᠰᠠᠭᠤᠷᠢ ᠶᠢ ᠪᠠᠲᠤᠳᠬᠠᠬᠤ ᠪᠤᠯᠤᠨ᠎ᠠ᠃

    ᠲᠠᠯ᠎ᠠ ᠨᠤᠲᠤᠭ ᠤᠨ 2500 ᠲᠦᠮᠡᠨ ᠬᠦᠪᠡᠭᠦᠳ ᠦᠬᠢᠳ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳ᠋ᠤ ᠬᠠᠷᠢᠯᠴᠠᠨ ᠲᠡᠮᠨᠡᠯᠴᠡᠵᠦ ᠬᠠᠮᠲᠤ ᠪᠡᠷ ᠪᠦᠯᠬᠦᠮᠲᠡᠨ ᠲᠠᠪᠰᠢᠵᠤ᠂ ᠡᠬᠡ ᠤᠯᠤᠰ ᠤᠨ ᠤᠮᠠᠷᠠᠲᠤ ᠬᠢᠯᠢ ᠶᠢ ᠨᠡᠩ ᠭᠤᠶᠤ ᠦᠵᠡᠰᠬᠦᠯᠡᠩ᠂ ᠴᠡᠴᠡᠭᠯᠡᠯ ᠬᠦᠭᠵᠢᠯᠲᠠ ᠲᠠᠢ ᠪᠤᠯᠭᠠᠬᠤ ᠨᠢ ᠲᠠᠮᠵᠢᠭ ᠦᠬᠡᠢ ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121493679