蒙古文网站Logo
ᠰᠢᠨᠬᠤᠸᠠ ᠮᠤᠩᠭ᠋ᠤᠯ ᠨᠧᠲ

ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭ᠋ᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠲᠠᠸᠠᠷ ᠤᠨ ᠲᠡᠮᠳᠡᠭ ᠤᠨ ᠲᠦᠷᠦᠯ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠰᠠᠨᠠᠯ ᠵᠡᠷᠭᠡ ᠵᠦᠢᠯ ᠢ ᠰᠤᠳᠤᠯᠵᠠᠢ

2017-08-21 09:45

    8 ᠰᠠᠷ᠎ᠠ ᠶᠢᠨ 19 ᠤ᠋ ᠡᠳᠦᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭ᠋ᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠠᠸᠠᠷ ᠤᠨ ᠲᠡᠮᠳᠡᠭ ᠤᠨ ᠲᠦᠷᠦᠯ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠰᠠᠨᠠᠯ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠵᠤ ᠠᠬᠤᠢᠢᠯᠠᠯ ᠤᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠲᠦᠷᠢᠮ (ᠲᠦᠰᠦᠯ)᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠢᠮ (ᠵᠠᠰᠠᠪᠤᠷᠢ ᠤᠷᠤᠭᠤᠯᠤᠬᠰᠠᠨ ᠲᠦᠰᠦᠯ)ᠵᠡᠷᠭᠡ ᠵᠦᠢᠯ ᠢ ᠰᠤᠳᠤᠯᠪᠠ᠃       

    ᠬᠤᠷᠠᠯ ᠠᠴᠠ᠂ ᠲᠠᠸᠠᠷ ᠤᠨ ᠳᠡᠮᠳᠡᠭ ᠤᠨ ᠲᠦᠷᠦᠯ ᠲᠡᠮᠳᠡᠭ ᠪᠤᠯ ᠴᠢᠬᠤᠯᠠ ᠦᠯᠦ ᠦᠵᠡᠭᠳᠡᠬᠦ ᠬᠦᠷᠦᠩᠭᠡ ᠪᠣᠯᠣᠨ᠎ᠠ᠂ ᠠᠵᠤ ᠠᠬᠤᠢᠢᠯᠠᠯ ᠤᠨ ᠭᠤᠤᠯᠯᠡᠬᠴᠢ ᠦᠷᠢᠰᠦᠯᠳᠦᠭᠦ ᠬᠦᠴᠦᠨ ᠤ ᠨᠢᠭᠡ ᠪᠤᠯᠤᠨ᠎ᠠ᠃ ᠲᠠᠸᠠᠷ ᠤᠨ ᠲᠡᠮᠳᠡᠭ ᠤᠨ ᠲᠦᠷᠦᠯ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠨᠢ ᠠᠵᠤ ᠠᠬᠤᠢ ᠶᠢᠨ ᠬᠦᠭ᠍ᠵᠢᠯᠳᠡ ᠶᠢᠨ ᠠᠷᠭ᠎ᠠ ᠬᠡᠯᠪᠡᠷᠢ ᠶᠢ ᠲᠦᠷᠭᠡᠳᠭᠡᠨ ᠬᠤᠪᠢᠷᠠᠭᠤᠯᠬᠤ᠂ ᠰᠢᠨ᠎ᠠ ᠶᠢ ᠡᠭᠦᠳᠭᠦ ᠬᠡᠯᠪᠡᠷᠢ ᠶᠢᠨ ᠦᠪᠦᠷ ᠮᠤᠩᠭ᠋ᠤᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ᠂ ᠬᠠᠩᠭ᠋ᠯᠭ᠎ᠠ ᠶᠢᠨ ᠲᠠᠯ᠎ᠠ ᠶᠢᠨ ᠪᠦᠳᠦᠴᠡ ᠶᠢ ᠲᠡᠰ ᠲᠡᠪᠰᠢᠭᠦᠯᠬᠦ ᠶᠢ ᠠᠬᠢᠭᠤᠯᠬᠤ ᠳᠤ ᠴᠦᠮ ᠲᠦᠢᠯ ᠤᠨ ᠴᠢᠬᠤᠯᠠ ᠠᠴᠢ ᠬᠤᠯᠪᠤᠬᠳᠠᠯ ᠲᠠᠢ᠃ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠲᠠᠸᠠᠷ ᠤᠨ ᠲᠡᠮᠳᠡᠭ ᠤᠨ ᠲᠦᠷᠦᠯ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠲᠦᠷᠭᠡᠨ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠲᠦᠷᠦᠯ ᠲᠡᠮᠳᠡᠭ ᠢ ᠡᠭᠦᠳᠬᠦ ᠪᠠ ᠤᠬᠠᠭᠤᠯᠬᠤ ᠡᠷᠴᠢᠮ ᠢᠶᠠᠨ ᠴᠢᠩᠭ᠋ᠠᠷᠠᠭᠤᠯᠵᠤ᠂ ᠲᠠᠸᠠᠷ ᠤᠨ ᠲᠡᠮᠳᠡᠭ ᠤᠨ ᠲᠦᠷᠦᠯ ᠲᠡᠮᠳᠡᠭ ᠤᠨ ᠶᠡᠷᠦᠩᠬᠡᠢ ᠬᠡᠮᠵᠢᠶ᠎ᠠ ᠶᠢ ᠦᠷᠭᠡᠳᠭᠡᠵᠤ᠂ ᠲᠠᠸᠠᠷ ᠤᠨ ᠲᠡᠮᠳᠡᠭ ᠤᠨ ᠲᠦᠷᠦᠯ ᠲᠡᠮᠳᠡᠭ ᠤᠨ ᠶᠠᠰᠦ ᠴᠢᠨᠠᠷ ᠢ ᠲᠡᠭᠡᠭ᠍ᠰᠢᠯᠡᠭᠦᠯᠦᠨ᠂ ᠨᠢᠭᠡ ᠪᠦᠯᠦᠭ ᠨᠡᠯᠢᠶᠡᠳ ᠴᠢᠩᠭ᠋᠎ᠠ ᠵᠠᠬ᠎ᠠ ᠲᠡᠯᠭᠡᠭᠦᠷ ᠤᠨ ᠦᠷᠢᠰᠦᠯᠳᠦᠭᠦ ᠬᠦᠴᠦᠨ ᠪᠠ ᠨᠦᠯᠦᠭᠡᠯᠡᠭᠦ ᠬᠦᠴᠦᠨ ᠪᠦᠬᠦᠢ ᠲᠡᠸᠠᠷ ᠤᠨ ᠲᠡᠮᠳᠡᠭ ᠤᠨ ᠲᠦᠷᠦᠯ ᠲᠡᠮᠳᠡᠭ ᠢ ᠴᠢᠷᠮᠠᠶᠢᠨ ᠪᠦᠷᠢᠯᠳᠦᠭᠦᠯᠵᠤ᠂ ᠠᠵᠤ ᠠᠬᠤᠢ ᠶᠢᠨ ᠬᠦᠭ᠍ᠵᠢᠯᠳᠡ ᠶᠢᠨ ᠴᠢᠨᠠᠷ ᠴᠢᠨᠰᠠᠭ᠎ᠠ ᠦᠷ᠎ᠠ ᠠᠰᠢᠭ ᠢ ᠲᠡᠭᠡᠭ᠍ᠰᠢᠯᠡᠭᠦᠯᠭᠦ ᠬᠡᠷᠡᠭᠳᠡᠢ ᠬᠡᠵᠤ ᠵᠢᠭᠠᠵᠤ ᠭᠠᠷᠭᠠᠪᠠ᠃     

    ᠬᠤᠷᠠᠯ ᠠᠴᠠ᠂ ᠠᠵᠤ ᠠᠬᠤᠢᠢᠯᠠᠯ ᠤᠨ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢ ᠴᠢᠩᠭ᠋ᠠᠳᠬᠠᠬᠤ ᠶᠢᠨ ᠭᠤᠤᠯ  ᠨᠢ ᠤᠯᠤᠰ ᠤᠨ ᠦᠮᠴᠢᠯᠡᠯ ᠤᠨ ᠡᠳ᠋ ᠬᠦᠷᠦᠩᠬᠡ ᠶᠢᠨ ᠦᠷᠳᠡᠭ ᠢ ᠪᠠᠳᠣᠯᠠᠬᠤ ᠪᠠ ᠦᠷᠳᠡᠭ ᠨᠡᠮᠡᠭᠳᠡᠬᠦ ᠶᠢ ᠠᠬᠢᠭᠤᠯᠵᠤ᠂ ᠤᠯᠤᠰ ᠤᠨ ᠦᠮᠴᠢᠯᠡᠯ ᠤᠨ ᠠᠵᠤ ᠠᠬᠤᠢ ᠶᠢᠨ ᠪᠦᠳᠦᠴᠡ ᠶᠢ ᠰᠢᠯᠢᠳᠡᠭᠵᠢᠭᠦᠯᠭᠦ ᠳᠤ ᠪᠤᠢ᠃ ᠲᠦᠪ ᠤᠨ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠦᠭᠡᠷᠡᠴᠢᠯᠡᠯᠳᠡ ᠶᠢᠨ ᠲᠤᠬᠠᠢ ᠶᠡᠷᠦᠩᠬᠡᠢ ᠴᠢᠭᠯᠡᠯ ᠢ ᠵᠦᠪ ᠤᠨᠤᠪᠴᠢᠳᠠᠢ ᠡᠵᠡᠮᠰᠢᠵᠤ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢ ᠬᠠᠤᠯᠢ ᠶᠤᠰᠤᠭᠠᠷ ᠴᠢᠩᠭ᠋ᠠᠳᠬᠠᠵᠤ᠂ ᠬᠠᠮᠢᠶᠠᠷᠤᠯᠳᠠ ᠶᠢᠨ ᠲᠦᠷᠢᠮ ᠢ ᠪᠦᠷᠢᠨᠰᠢᠭᠦᠯᠦᠨ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠤᠳᠤᠷᠬᠠᠢᠢᠯᠠᠵᠤ᠂ ᠬᠢᠨᠠᠨ ᠬᠠᠮᠢᠶᠠᠷᠬᠤ ᠪᠠᠶᠢᠭᠤᠯᠤᠮᠵᠢ ᠶᠢ ᠲᠡᠭᠦᠯᠳᠡᠷᠵᠢᠭᠦᠯᠦᠨ᠂ ᠤᠯᠤᠰ ᠤᠨ ᠦᠮᠴᠢᠯᠡᠯ ᠤᠨ ᠠᠵᠤ ᠠᠬᠤᠢ ᠶᠢᠨ ᠬᠦᠭ᠍ᠵᠢᠯᠳᠡ ᠶᠢᠨ ᠠᠮᠢᠵᠢᠷᠠᠯ ᠤᠨ ᠬᠦᠴᠦᠨ ᠪᠠ ᠬᠦᠳᠡᠯᠭᠡᠭᠦ ᠬᠦᠴᠦᠨ ᠢ ᠴᠢᠨᠠᠬᠰᠢᠳᠠ ᠴᠢᠩᠭ᠋ᠠᠷᠠᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃       

    ᠬᠤᠷᠠᠯ ᠠᠴᠠ᠂ ᠠᠳᠠᠯ ᠠᠬᠤᠢ ᠶᠢᠨ ᠬᠠᠮᠢᠶᠠᠷᠤᠯᠳᠠ ᠤᠯᠠᠨ ᠲᠦᠮᠡᠨ ᠤ ᠠᠮᠤᠷ ᠵᠢᠷᠭᠠᠨ ᠠᠵᠤ ᠲᠦᠷᠦᠭᠦ ᠲᠠᠢ ᠬᠤᠯᠪᠤᠬᠳᠠᠵᠣ᠂ ᠨᠡᠶᠢᠭᠡᠮ ᠤᠨ ᠤᠯᠠᠨ ᠲᠠᠯ᠎ᠠ ᠶᠢ ᠬᠠᠮᠤᠷᠴᠤ᠂ ᠬᠤᠳᠠ ᠶᠢᠨ ᠲᠦᠷᠢ ᠲᠦᠷᠭᠦ ᠪᠠ ᠤᠷᠤᠰᠢᠨ ᠰᠠᠭᠤᠬᠤ ᠤᠷᠴᠢᠨ ᠲᠤᠭᠤᠷᠢᠨ ᠢ ᠭᠤᠶᠤᠵᠢᠭᠤᠯᠬᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠡᠭᠡᠭ᠍ᠰᠢᠯᠡᠭᠦᠯᠭᠦ ᠳᠤ ᠴᠦᠮ ᠴᠢᠬᠤᠯᠠ ᠠᠴᠢ ᠬᠤᠯᠪᠤᠬᠳᠠᠯ ᠲᠠᠢ᠃ ᠠᠷᠠᠳ ᠤᠯᠠᠨ ᠤ ᠲᠠᠰᠤᠷᠠᠯᠳᠠ ᠦᠭᠡᠢ ᠨᠡᠮᠡᠭᠳᠡᠵᠦ ᠪᠠᠶᠢᠭ᠎ᠠ ᠠᠳᠠᠯ ᠠᠬᠤᠢ ᠶᠢᠨ ᠦᠢᠯᠡᠴᠢᠯᠡᠭᠡᠨ ᠤ ᠬᠡᠷᠡᠭᠴᠡᠭᠡ ᠳᠤ ᠨᠡᠶᠢᠴᠡᠭᠦᠯᠵᠤ᠂ ᠠᠳᠠᠯ ᠠᠬᠤᠢ ᠶᠢᠨ ᠬᠠᠮᠢᠶᠠᠷᠤᠯᠳᠠ ᠲᠤᠮᠳᠠ ᠢᠯᠡᠷᠡᠭᠰᠡᠨ ᠰᠢᠨ᠎ᠠ ᠪᠠᠶᠢᠳᠠᠯ ᠰᠢᠨ᠎ᠠ ᠠᠰᠠᠭᠤᠳᠠᠯ ᠢ ᠴᠢᠨᠠᠬᠰᠢᠳᠠ ᠵᠢᠷᠤᠮᠵᠢᠭᠤᠯᠵᠤ᠂ ᠠᠳᠠᠯ ᠠᠬᠤᠢ ᠶᠢᠨ ᠬᠠᠮᠢᠶᠠᠷᠤᠯᠳᠠ ᠶᠢᠨ ᠲᠦᠪᠰᠢᠨ ᠢ ᠲᠠᠰᠤᠷᠠᠯᠳᠠ ᠦᠭᠡᠢ ᠲᠡᠭᠡᠭ᠍ᠰᠢᠯᠡᠭᠦᠯᠦᠨ᠂ ᠦᠮᠴᠢᠳᠡᠨ ᠪᠤᠯᠤᠨ ᠠᠳᠠᠯ ᠠᠬᠤᠢ ᠶᠢᠨ ᠦᠢᠯᠡᠴᠢᠯᠡᠭᠡ ᠶᠢᠨ ᠠᠵᠤ ᠠᠬᠤᠢᠢᠯᠠᠯ ᠤᠨ ᠬᠠᠤᠯᠢ ᠶᠤᠰᠤᠨ ᠤ ᠡᠷᠭᠡ ᠠᠰᠢᠭ ᠢ ᠨᠡᠩ ᠰᠠᠶᠢᠳᠤᠷ ᠬᠠᠮᠠᠭᠠᠯᠠᠬᠤ ᠬᠡᠷᠡᠭᠳᠡᠢ ᠬᠡᠵᠤ ᠵᠢᠭᠠᠵᠤ ᠭᠠᠷᠭᠠᠵᠠᠢ᠃        

    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121514417