蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠬᠤᠷᠢᠨ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ

2017-08-21 09:42

    8 ᠰᠠᠷ᠎ᠠ ᠶᠢᠨ 18 ᠤ᠋ ᠡᠳᠦᠷ᠂ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠬᠤᠷᠢᠨ ᠵᠢᠷᠭᠤᠳᠤᠭᠠᠷ ᠤᠳᠠᠭ᠎ᠠ ᠶᠢᠨ ᠬᠤᠷᠠᠯ ᠬᠢᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶ᠎ᠠ ᠶᠢᠨ ᠡᠷᠬᠢᠯᠡᠭᠴᠢ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠲᠠᠷᠤᠭ᠎ᠠ ᠯᠢ ᠵᠢᠢ ᠾᠧᠩ ᠬᠤᠷᠠᠯ ᠡᠷᠬᠢᠯᠡᠭᠦ ᠶᠢᠨ ᠬᠠᠮᠳᠤ ᠶᠠᠷᠢᠶ᠎ᠠ ᠲᠠᠯᠪᠢᠪᠠ᠃ ᠲᠡᠷᠡ᠂ ᠨᠠᠮ ᠪᠤᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠭᠦ ᠠᠴᠠ ᠭᠠᠷᠳᠠᠨ ᠦᠭᠡᠷᠡᠴᠢᠯᠡᠯᠳᠡ ᠶᠢ ᠠᠬᠢᠭᠤᠯᠬᠤ ᠶᠢ ᠪᠠᠷᠢᠮᠳᠠᠯᠠᠵᠤ᠂ ᠵᠤᠬᠰᠤᠴᠠ ᠪᠠᠨ ᠲᠡᠭᠡᠭ᠍ᠰᠢᠯᠡᠭᠦᠯᠦᠨ᠂ ᠡᠭᠦᠷᠭᠡᠯᠡᠯ ᠢᠶᠠᠨ ᠴᠢᠩᠭ᠋ᠠᠷᠠᠭᠤᠯᠵᠤ᠂ ᠴᠢᠳᠠᠮᠠᠭᠠᠢ ᠪᠠᠷ ᠲᠦᠯᠦᠪᠵᠢᠭᠦᠯᠦᠨ ᠪᠤᠳᠠᠳᠠᠢ ᠠᠵᠢᠯᠯᠠᠵᠤ᠂ ᠡᠯ᠎ᠠ ᠵᠦᠢᠯ ᠤᠨ ᠦᠭᠡᠷᠡᠴᠢᠯᠡᠯᠳᠡ ᠶᠢ ᠪᠤᠳᠠᠳᠠᠢ ᠳᠤ ᠨᠡᠶᠢᠳᠡᠪᠦᠷᠢᠵᠢᠭᠤᠯᠤᠨ ᠪᠤᠳᠠᠳᠤ ᠦᠷ᠎ᠠ ᠪᠦᠳᠦᠮᠵᠢ ᠣᠯᠬᠤ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠲᠡᠳ᠋ ᠲᠠᠷᠤᠭ᠎ᠠ ᠪᠦ᠋ ᠰᠢᠶᠤᠤ ᠯᠢᠨ᠂ ᠯᠢ ᠵᠢᠶᠠ ᠬᠤᠷᠠᠯ ᠳᠤ ᠤᠷᠤᠯᠴᠠᠵᠠᠢ᠃ ᠬᠤᠷᠠᠯ ᠠᠴᠠᠵᠠᠰᠠᠭ ᠤᠨ ᠶᠠᠪᠤᠳᠠᠯ ᠤᠨ ᠦᠨᠡᠨᠴᠢ ᠢᠳᠡᠭᠡᠮᠵᠢ ᠶᠢᠨ ᠪᠠᠶᠢᠭᠤᠯᠤᠯᠳᠠ ᠶᠢ ᠴᠢᠩᠭ᠋ᠠᠳᠬᠠᠬᠤ ᠲᠤᠬᠠᠢ ᠬᠡᠷᠡᠭᠵᠢᠭᠦᠯᠭᠦ ᠲᠦᠰᠦᠯᠲᠤᠮᠳᠠᠳᠤ ᠶᠢᠨ ᠰᠤᠶᠤᠯ ᠢ ᠭᠠᠳᠠᠬᠰᠢ ᠭᠠᠷᠭᠠᠬᠤ ᠶᠢ ᠴᠢᠨᠠᠬᠰᠢᠳᠠ ᠴᠢᠩᠭ᠋ᠠᠳᠬᠠᠨ ᠰᠠᠶᠢᠵᠢᠷᠠᠭᠤᠯᠬᠤ ᠠᠵᠢᠯ ᠤᠨ ᠲᠤᠬᠠᠢ ᠬᠡᠷᠡᠭᠵᠢᠭᠦᠯᠭᠦ ᠰᠠᠨᠠᠯᠭᠠᠮᠰᠢᠭ ᠢ ᠰᠡᠷᠬᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠡ ᠶᠢ ᠠᠬᠢᠭᠤᠯᠬᠤ ᠲᠤᠬᠠᠢ ᠬᠡᠷᠡᠭᠵᠢᠭᠦᠯᠭᠦ ᠰᠠᠨᠠᠯᠡᠮ ᠤᠨ ᠵᠦᠢᠯᠡᠰ ᠤᠨ ᠦᠢᠯᠡᠳᠪᠦᠷᠢᠯᠡᠯ ᠬᠦᠢᠯᠭᠡᠭᠡ ᠬᠡᠷᠡᠭᠯᠡᠭᠡ ᠶᠢᠨ ᠲᠦᠷᠦ ᠶᠢᠨ ᠪᠤᠳᠤᠯᠭ᠎ᠠ ᠶᠢ ᠴᠢᠨᠠᠬᠰᠢᠳᠠ ᠦᠭᠡᠷᠡᠴᠢᠯᠡᠨ ᠲᠡᠭᠦᠯᠳᠡᠷᠵᠢᠭᠦᠯᠭᠦ ᠲᠤᠬᠠᠢ ᠬᠡᠷᠡᠭᠵᠢᠭᠦᠯᠭᠦ ᠰᠠᠨᠠᠯᠮᠡᠷᠭᠡᠵᠢᠯ ᠤᠨ ᠴᠤᠯᠠ ᠶᠢᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ ᠲᠤᠬᠠᠢ ᠬᠡᠷᠡᠭᠵᠢᠭᠦᠯᠭᠦ ᠰᠠᠨᠠᠯᠶᠡᠭᠡ ᠲᠡᠭᠡᠳᠦ ᠰᠤᠷᠭᠠᠭᠤᠯᠢ ᠲᠡᠭᠦᠰᠦᠭᠰᠡᠨ ᠤᠶᠤᠳᠠᠳ ᠤᠨ ᠦᠨᠳᠦᠰᠦᠨ ᠱᠠᠳᠤᠨ ᠳᠤ ᠠᠵᠢᠯᠯᠠᠬᠤ ᠶᠢ ᠴᠢᠨᠠᠬᠰᠢᠳᠠ ᠬᠦᠳᠦᠯᠦᠨ ᠵᠢᠯᠤᠭᠤᠳᠴᠤ ᠵᠤᠷᠢᠬᠵᠢᠭᠤᠯᠬᠤ ᠲᠤᠬᠠᠢ ᠬᠡᠷᠡᠭᠵᠢᠭᠦᠯᠭᠦ ᠰᠠᠨᠠᠯᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠤᠭᠤ ᠭᠠᠵᠠᠷ ᠢ ᠬᠠᠮᠠᠭᠠᠯᠠᠵᠣ ᠰᠡᠷᠭᠦᠭᠡᠬᠦ ᠲᠦᠷᠢᠮ ᠢ ᠬᠡᠷᠡᠭᠵᠢᠭᠦᠯᠭᠦ ᠲᠦᠰᠦᠯᠢ᠋ ᠬᠢᠨᠠᠨ ᠵᠦᠪᠯᠡᠵᠤ ᠪᠠᠳᠤᠯᠠᠪᠠ᠃

    ᠬᠤᠷᠠᠯ ᠠᠴᠠ᠂ ᠭᠤᠤᠯᠳᠠᠯᠭ᠎ᠠ ᠲᠠᠢ ᠬᠦᠷᠢᠶᠡᠨ ᠳᠠᠬᠢ ᠦᠨᠡᠨᠴᠢ ᠢᠳᠡᠭᠡᠮᠵᠢ ᠶᠢᠨ ᠪᠠᠶᠢᠭᠤᠯᠤᠯᠳᠠ ᠶᠢ ᠴᠢᠩᠭ᠋ᠠᠳᠬᠠᠵᠤ᠂ ᠵᠠᠰᠠᠭ ᠤᠨ ᠶᠠᠪᠤᠳᠠᠯ ᠤᠨ ᠢᠳᠡᠭᠡᠯ ᠠᠯᠳᠠᠬᠤ ᠠᠵᠢᠯᠯᠠᠭ᠎ᠠ ᠶᠢ ᠶᠡᠭᠡᠪᠡᠷ ᠴᠡᠭᠴᠡᠯᠡᠵᠤ᠂ ᠢᠳᠡᠭᠡᠮᠵᠢ ᠶᠢᠨ ᠱᠠᠩᠨᠠᠨ ᠲᠤᠷᠭᠠᠬᠤ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠂ ᠵᠠᠰᠠᠭ ᠤᠨ ᠤᠷᠳᠤᠨ ᠤ ᠢᠳᠡᠭᠡᠭᠦᠯᠭᠦ ᠬᠦᠴᠦᠨ ᠢ ᠴᠢᠩᠭ᠋ᠠᠷᠠᠭᠤᠯᠬᠤ ᠬᠡᠷᠡᠭᠳᠡᠢ᠃ ᠠᠭᠤᠯᠭ᠎ᠠ ᠬᠡᠯᠪᠡᠷᠢ ᠪᠠᠨ ᠪᠠᠶᠠᠯᠢᠬᠵᠢᠭᠤᠯᠵᠤ᠂ ᠠᠷᠭ᠎ᠠ ᠵᠠᠮ ᠲᠠᠪᠴᠠᠩ ᠢᠶᠠᠨ ᠦᠷᠭᠡᠳᠭᠡᠨ᠂ ᠠᠷᠭ᠎ᠠ ᠬᠡᠮᠵᠢᠶ᠎ᠠ ᠠᠷᠭ᠎ᠠ ᠪᠠᠷᠢᠯ ᠤᠨ ᠰᠢᠨ᠎ᠡ ᠶᠢ ᠡᠭᠦᠳᠴᠤ᠂ ᠲᠤᠮᠳᠠᠳᠤ ᠶᠢᠨ ᠰᠤᠶᠤᠯ ᠤᠨ ᠭᠠᠳᠠᠬᠰᠢ ᠭᠠᠷᠬᠤ ᠶᠢ ᠠᠬᠢᠭᠤᠯᠵᠤ᠂ ᠲᠤᠮᠳᠠᠳᠤ ᠤᠯᠤᠰ ᠤᠨ ᠦᠯᠢᠭᠡᠷ᠂ ᠦᠪᠦᠷ ᠮᠤᠩᠭ᠋ᠤᠯ ᠤᠨ ᠦᠯᠢᠭᠡᠷ ᠢ ᠲᠡᠯᠡᠬᠡᠢ ᠳ᠋ᠠᠬᠢᠨ ᠳᠤ ᠰᠠᠶᠢᠳᠤᠷ ᠶᠠᠷᠢᠬᠤ ᠬᠡᠷᠡᠭᠳᠡᠢ᠃ ᠭᠠᠮᠰᠢᠭ ᠢ ᠰᠡᠷᠬᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠤ᠂ ᠭᠠᠮᠰᠢᠭ ᠤᠨ ᠲᠠᠷᠠᠭ᠎ᠠ ᠠᠪᠤᠷᠠᠨ ᠲᠤᠰᠠᠯᠠᠬᠤ ᠶᠢ ᠬᠦᠨᠳᠦᠳᠭᠡᠵᠦ ᠪᠠᠶᠢᠬᠰᠠᠨ ᠠᠴᠠ ᠪᠠᠨ ᠭᠠᠮᠰᠢᠭ ᠠᠴᠠ ᠡᠮᠦᠨ᠎ᠠ ᠤᠷᠢᠳᠴᠢᠯᠡᠨ ᠰᠡᠷᠬᠡᠶᠢᠯᠡᠭᠦ ᠶᠢ ᠬᠦᠨᠳᠦᠳᠭᠡᠭᠦ ᠲᠡᠰᠢ ᠬᠤᠪᠢᠷᠠᠭᠤᠯᠬᠤ᠂ ᠲᠠᠩ ᠴᠤᠯᠭᠤᠢ ᠭᠠᠮᠰᠢᠭ ᠤᠨ ᠲᠦᠷᠦᠯ ᠢ ᠠᠷᠭᠠᠴᠠᠵᠤ ᠪᠠᠶᠢᠬᠰᠠᠨ ᠠᠴᠠ ᠪᠠᠨ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠲᠡᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠵᠤ ᠪᠠᠶᠢᠬᠰᠠᠨ ᠠᠴᠠ ᠪᠠᠨ ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠠᠬᠬᠤ ᠲᠡᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠭᠦ ᠬᠡᠷᠡᠭᠳᠡᠢ᠃ ᠡᠮ ᠤᠨ ᠵᠦᠢᠯᠡᠰ ᠤᠨ ᠶᠠᠰᠦ ᠴᠢᠨᠠᠷ ᠡᠮᠴᠢᠯᠡᠭᠡᠨ ᠤ ᠦᠷ᠎ᠠ ᠪᠦᠳᠦᠮᠵᠢ ᠶᠢ ᠲᠡᠭᠡᠭ᠍ᠰᠢᠯᠡᠭᠦᠯᠵᠤ᠂ ᠬᠦᠢᠯᠭᠡᠭᠡᠨ ᠤ ᠵᠠᠬ᠎ᠠ ᠲᠡᠯᠭᠡᠭᠦᠷ ᠤᠨ ᠡᠮᠬᠢ ᠵᠢᠷᠤᠮ ᠢ ᠴᠡᠭᠴᠡᠯᠡᠵᠤ᠂ ᠡᠮᠴᠢᠯᠡᠭᠡ ᠪᠠ ᠡᠮ ᠬᠡᠷᠡᠭᠯᠡᠭᠦ ᠠᠵᠢᠯᠯᠠᠭ᠎ᠠ ᠶᠢ ᠵᠢᠷᠤᠮᠵᠢᠭᠤᠯᠦᠨ᠂ ᠠᠷᠠᠳ ᠤᠯᠠᠨ ᠤ ᠪᠡᠶ᠎ᠠ ᠮᠠᠬᠠᠪᠤᠳ ᠤᠨ ᠡᠷᠡᠭᠦᠯ ᠴᠢᠬᠢᠷᠠᠭ ᠪᠠ ᠠᠮᠢ ᠨᠠᠰᠤᠨ ᠤ ᠠᠮᠤᠷ ᠲᠦᠪᠰᠢᠨ ᠢ ᠨᠡᠩ ᠰᠠᠶᠢᠳᠤᠷ ᠪᠠᠳᠤᠯᠠᠬᠤ ᠬᠡᠷᠡᠭᠳᠡᠢ᠃ ᠰᠢᠨᠵᠢᠯᠡᠭᠦ ᠤᠬᠠᠭᠠᠨᠴᠢ ᠪᠠᠷ ᠦᠨᠡᠯᠡᠭᠦ ᠪᠠᠷ ᠭᠤᠤᠯ ᠪᠤᠯᠭᠠᠨ᠂ ᠴᠢᠳᠠᠪᠤᠷᠢᠳᠠᠨ ᠢ ᠨᠡᠭᠡᠭᠡᠨ ᠬᠦᠭ᠍ᠵᠢᠭᠦᠯᠵᠦ ᠬᠡᠷᠡᠭᠯᠡᠭᠦ ᠶᠢ ᠠᠬᠢᠭᠤᠯᠬᠤ ᠪᠠᠷ ᠬᠠᠷᠠᠯᠳᠠ ᠪᠤᠯᠭᠠᠵᠤ᠂ ᠶᠤᠰᠤ ᠰᠤᠷᠳᠠᠬᠤᠨ᠂ ᠴᠢᠳᠠᠪᠤᠷᠢ᠂ ᠠᠵᠢᠯ ᠤᠨ ᠪᠦᠳᠦᠮᠵᠢ ᠶᠢᠨ ᠤᠳᠤᠷᠢᠳᠤᠮᠵᠢ ᠶᠢ ᠲᠤᠪᠤᠶᠢᠯᠭᠠᠵᠤ᠂ ᠪᠠᠶᠢᠷᠢᠯᠠᠭᠤᠯᠤᠯᠳᠠ ᠵᠦᠢ ᠵᠤᠬᠢᠰᠳᠠᠢ᠂ ᠦᠨᠡᠯᠡᠯᠳᠡ ᠰᠢᠨᠵᠢᠯᠡᠭᠦ ᠤᠬᠠᠭᠠᠨᠴᠢ᠂ ᠬᠠᠮᠢᠶᠠᠷᠤᠯᠳᠠ ᠵᠢᠷᠤᠮᠵᠢᠯ ᠲᠠᠢ᠂ ᠡᠷᠬᠢᠯᠳᠡ ᠡᠶ᠎ᠡ ᠵᠤᠬᠢᠴᠠᠯ ᠲᠠᠢ᠂ ᠦᠢᠯᠡᠴᠢᠯᠡᠭᠡ ᠨᠢ ᠪᠦᠬᠦ ᠳᠠᠯ᠎ᠠ ᠶᠢᠨ ᠮᠡᠷᠭᠡᠵᠢᠯ ᠤᠨ ᠴᠤᠯᠠ ᠶᠢᠨ ᠲᠦᠷᠢᠮ ᠢ ᠪᠠᠶᠢᠭᠤᠯᠬᠤ ᠬᠡᠷᠡᠭᠳᠡᠢ᠃ ᠤᠯᠠᠨ ᠠᠷᠭ᠎ᠠ ᠵᠠᠮ ᠢᠶᠠᠷ ᠦᠨᠳᠦᠰᠦᠨ ᠱᠠᠳᠤᠨ ᠤ ᠠᠵᠢᠯ ᠤᠨ ᠪᠠᠶᠢᠷᠢ ᠶᠢ ᠨᠡᠭᠡᠭᠡᠵᠤ᠂ ᠦᠨᠳᠦᠰᠦᠨ ᠱᠠᠳᠤᠨ ᠤ ᠦᠢᠯᠡᠴᠢᠯᠡᠭᠡ ᠶᠢᠨ ᠲᠦᠷᠦᠯ ᠵᠦᠢᠯ ᠢ ᠪᠠᠶᠠᠯᠢᠬᠵᠢᠭᠤᠯᠤᠨ᠂ ᠪᠠᠳᠤᠯᠠᠪᠣᠷᠢ ᠶᠢᠨ ᠠᠷᠭ᠎ᠠ ᠬᠡᠮᠵᠢᠶ᠎ᠠ ᠶᠢ ᠪᠦᠷᠢᠨᠰᠢᠭᠦᠯᠵᠤ᠂ ᠬᠦᠢᠯᠭᠡᠭᠡᠨ ᠤ ᠠᠷᠭ᠎ᠠ ᠵᠠᠮ ᠢ ᠰᠢᠯᠤᠭᠤᠳᠬᠠᠵᠤ᠂ ᠶᠡᠭᠡ ᠲᠡᠭᠡᠳᠦ ᠰᠤᠷᠭᠠᠭᠤᠯᠢ ᠲᠡᠭᠦᠰᠦᠭᠰᠡᠨ ᠤᠶᠤᠳᠠᠳ ᠤᠨ ᠦᠨᠳᠦᠰᠦᠨ ᠱᠠᠳᠤᠨ ᠳᠤ ᠠᠵᠢᠯᠯᠠᠬᠤᠪᠠᠭᠤᠵᠤ ᠲᠡᠶᠢᠯᠭᠦ᠂ ᠦᠯᠡᠳᠡᠵᠤ ᠲᠡᠶᠢᠯᠭᠦ᠂ ᠰᠠᠶᠢᠳᠤᠷ ᠠᠵᠢᠯᠯᠠᠬᠤ᠂ ᠬᠦᠳᠡᠯᠵᠤ ᠲᠡᠶᠢᠯᠭᠦᠤᠷᠳᠤ ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠪᠠᠶᠢᠭᠤᠯᠬᠤ ᠬᠡᠷᠡᠭᠳᠡᠢ᠃ ᠨᠤᠭᠤ ᠭᠠᠵᠠᠷ ᠢ ᠲᠡᠰ ᠬᠤᠪᠢᠶᠠᠨ ᠬᠠᠮᠢᠶᠠᠷᠬᠤ ᠰᠢᠰᠲ᠋ᠧᠮ ᠢ ᠪᠠᠶᠢᠭᠤᠯᠵᠤ᠂ ᠨᠤᠭᠤ ᠭᠠᠵᠠᠷ ᠤᠨ ᠬᠡᠷᠡᠭᠯᠡᠭᠡ ᠶᠢ ᠬᠢᠨᠠᠨ ᠬᠠᠮᠢᠶᠠᠷᠬᠤ ᠲᠤᠬᠳᠠᠴᠠ ᠶᠢ ᠪᠦᠷᠢᠨᠰᠢᠭᠦᠯᠦᠨ᠂ ᠨᠤᠭᠤ ᠭᠠᠵᠠᠷ ᠢ ᠠᠰᠢᠬᠯᠠᠬᠤ ᠠᠵᠢᠯᠯᠠᠭ᠎ᠠ ᠶᠢ ᠵᠢᠷᠤᠮᠵᠢᠭᠤᠯᠵᠤ᠂ ᠨᠤᠭᠤ ᠭᠠᠵᠠᠷ ᠢ ᠬᠠᠮᠠᠭᠠᠯᠠᠬᠤ ᠴᠢᠳᠠᠪᠤᠷᠢ ᠪᠤᠯᠤᠨ ᠲᠦᠪᠰᠢᠨ ᠢᠶᠠᠨ ᠪᠦᠬᠦ ᠲᠠᠯ᠎ᠠ ᠪᠠᠷ ᠲᠡᠭᠡᠭ᠍ᠰᠢᠯᠡᠭᠦᠯᠭᠦ ᠬᠡᠷᠡᠭᠳᠡᠢ ᠬᠡᠵᠤ ᠴᠢᠬᠤᠯᠠᠴᠢᠯᠠᠪᠠ᠃

    ᠬᠤᠷᠠᠯ ᠠᠴᠠ᠂ ᠤᠳᠤᠬᠠᠨ ᠤ ᠪᠠ ᠬᠤᠶᠢᠰᠢᠳᠡ ᠶᠢᠨ ᠨᠢᠭᠡ ᠬᠡᠰᠡᠭ ᠬᠤᠭᠤᠴᠠᠭᠠᠨ ᠤ ᠦᠭᠡᠷᠡᠴᠢᠯᠡᠯᠳᠡ ᠶᠢᠨ ᠠᠵᠢᠯ ᠢ ᠰᠠᠶᠢᠳᠤᠷ ᠬᠢᠭᠦ ᠳᠤ᠂ᠲᠦᠷᠪᠡᠨ ᠤᠬᠠᠮᠰᠠᠷ᠋ ᠶᠢᠡᠨ ᠪᠠᠳᠤ ᠪᠤᠢ ᠪᠤᠯᠭᠠᠵᠤ᠂ ᠦᠵᠡᠯ ᠰᠠᠨᠠᠭ᠎ᠠ ᠲᠠᠨᠢᠯᠳᠠ᠂ ᠡᠭᠦᠷᠭᠡ ᠠᠷᠭ᠎ᠠ ᠬᠡᠮᠵᠢᠶ᠎ᠠ᠂ ᠠᠯᠬᠤᠮ ᠦᠢᠯᠡ ᠠᠵᠢᠯᠯᠠᠭ᠎ᠠ᠂ ᠤᠶᠤᠨ ᠰᠠᠨᠠᠭᠠᠨ ᠤ ᠳᠦᠷᠰᠦ ᠪᠠᠶᠢᠳᠠᠯ ᠵᠡᠷᠭᠡ ᠲᠠᠯ᠎ᠠ ᠪᠠᠷ ᠴᠠᠭ ᠢᠮᠠᠬᠳᠠ ᠨᠠᠮ ᠤᠨ ᠲᠦᠪ ᠬᠤᠷᠢᠶ᠎ᠠ ᠲᠠᠢ ᠬᠠᠷᠢᠴᠠᠭᠤᠯᠵᠤ᠂ ᠪᠤᠳᠠᠳᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠬᠠᠮᠠᠭᠠᠯᠠᠬᠤ ᠬᠡᠷᠡᠭᠳᠡᠢ᠃ ᠵᠦᠪ ᠤᠨᠤᠪᠴᠢᠳᠠᠢ ᠦᠭᠡᠷᠡᠴᠢᠯᠡᠯᠳᠡ ᠶᠢᠨ ᠠᠷᠭ᠎ᠠ ᠶᠢᠨ ᠤᠨᠤᠯ ᠢ ᠪᠠᠷᠢᠮᠳᠠᠯᠠᠵᠤ᠂ ᠦᠨᠡᠨ ᠠᠴᠠ ᠵᠦᠪ ᠢ ᠡᠷᠢᠵᠤ ᠪᠤᠳᠠᠳᠠᠢ ᠶᠢ ᠡᠷᠬᠢᠮᠯᠡᠭᠦ ᠶᠢ ᠪᠠᠷᠢᠮᠳᠠᠯᠠᠵᠤ᠂ᠵᠠᠩᠬᠢᠯᠠᠭ᠎ᠠ ᠶᠢᠨ ᠴᠦᠭᠡᠨ ᠲᠤᠭᠠᠳᠠᠨᠤ᠋ ᠵᠠᠩᠬᠢᠯᠠᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠦᠭᠡᠷᠡᠴᠢᠯᠡᠯᠳᠡ ᠶᠢᠨ ᠴᠢᠩᠭ᠋᠎ᠠ ᠬᠦᠴᠦᠨ ᠪᠦᠬᠦᠢ ᠡᠮᠬᠢ ᠵᠢᠷᠤᠮ ᠲᠠᠢ ᠤᠷᠤᠬᠰᠢ ᠠᠬᠢᠬᠤ ᠶᠢ ᠦᠨᠡᠨᠬᠦ ᠪᠠᠳᠤᠯᠠᠬᠤ ᠬᠡᠷᠡᠭᠳᠡᠢ᠃ ᠤᠷᠮᠠᠰᠢᠭᠤᠯᠤᠨ ᠵᠤᠷᠢᠬᠵᠢᠭᠤᠯᠬᠤ ᠤᠳᠤᠷᠢᠳᠤᠮᠵᠢ ᠶᠢ ᠴᠢᠩᠭ᠋ᠠᠷᠠᠭᠤᠯᠵᠤ᠂ ᠺᠠᠳ᠋ᠷᠴᠤᠳ ᠤᠨ ᠦᠭᠡᠷᠡᠴᠢᠯᠡᠯᠳᠡ ᠬᠢᠬᠦ ᠢᠳᠡᠪᠬᠢᠵᠢᠯ ᠰᠠᠨᠠᠭᠠᠴᠢᠯᠠᠭᠠᠳᠦ ᠴᠢᠨᠠᠷ ᠪᠠ ᠪᠦᠳᠦᠭᠡᠯᠴᠢ ᠴᠢᠨᠠᠷ ᠢ ᠰᠠᠶᠢᠳᠤᠷ ᠲᠠᠶᠢᠴᠢᠯᠠᠬᠤ ᠬᠡᠷᠡᠭᠳᠡᠢ ᠬᠡᠵᠤ ᠴᠢᠬᠤᠯᠠᠴᠢᠯᠠᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ᠨᠠᠷ ᠬᠤᠷᠠᠯ ᠳᠤ ᠤᠷᠤᠯᠴᠠᠵᠤ᠂ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠵᠠᠢ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121514638