蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠠᠷᠠᠳ ᠤᠨ ᠪᠠᠶᠢᠴᠠᠭᠠᠬᠤ ᠲᠡᠤᠬᠡ ᠶᠢᠨ ᠳᠡᠯᠭᠡᠨ ᠦᠵᠡᠭᠦᠯᠦᠯᠭᠡ ᠶᠢᠨ ᠤᠷᠳᠤᠨ ᠨᠡᠭᠡᠭᠡᠯᠲᠡ ᠪᠡᠨ ᠬᠢᠪᠠ

2017-08-22 11:24

    ᠬᠠᠩ ᠭᠦᠢ ᠯᠢᠨ᠂ ᠯᠢᠦ ᠰᠢᠨ ᠯᠸ᠂ ᠴᠠᠩ ᠬᠠᠢ᠂ ᠮᠠ ᠶᠦᠩ ᠱᠸᠩ ᠨᠡᠭᠡᠭᠡᠯᠲᠡ ᠶᠢᠨ ᠶᠤᠰᠤᠯᠠᠯ ᠳᠤ ᠤᠷᠤᠯᠴᠠᠪᠠ

    8 ᠰᠠᠷ᠎ᠠ ᠶᠢᠨ 21 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠦᠪᠦᠷ ᠮᠣᠩᠭᠣᠯ ᠤᠨ ᠠᠷᠠᠳ ᠤᠨ ᠪᠠᠶᠢᠴᠠᠭᠠᠬᠤ ᠲᠡᠤᠬᠡ ᠶᠢᠨ ᠳᠡᠯᠭᠡᠨ ᠦᠵᠡᠭᠦᠯᠦᠯᠭᠡ ᠶᠢᠨ ᠤᠷᠳᠤᠨ ᠤ ᠨᠡᠭᠡᠭᠡᠯᠲᠡ ᠵᠢᠴᠢ ᠪᠠᠶᠢᠴᠠᠭᠠᠬᠤ ᠪᠠᠶᠢᠭᠤᠯᠤᠯᠭ᠎ᠠ ᠶᠢᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠤᠷᠠᠨ ᠪᠢᠴᠢᠯᠭᠡ ᠤᠷᠠᠨ ᠵᠢᠷᠤᠭ ᠵᠢᠴᠢ ᠭᠡᠷᠡᠯ ᠵᠢᠷᠤᠭ ᠤᠨ ᠦᠵᠡᠰᠭᠦᠯᠡᠩ ᠤᠨ ᠤᠷᠳᠤᠨ ᠤ ᠨᠡᠭᠡᠭᠡᠯᠲᠡ ᠶᠢᠨ ᠶᠤᠰᠤᠯᠠᠯ ᠶᠠᠪᠤᠭᠳᠠᠪᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠳᠡᠳ᠋ ᠡᠷᠬᠢᠯᠡᠭᠴᠢ ᠬᠠᠩ ᠭᠦᠢ ᠯᠢᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠯᠢᠦ ᠰᠢᠨ ᠯᠸ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠠᠷᠢᠭᠦᠯᠡᠭᠴᠢ ᠴᠠᠩ ᠬᠠᠢ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠮᠠ ᠶᠦᠩ ᠱᠸᠩ ᠨᠡᠭᠡᠭᠡᠯᠲᠠ ᠶᠢᠨ ᠶᠤᠰᠤᠯᠠᠯ ᠳᠤ ᠤᠷᠤᠯᠴᠠᠵᠤ ᠫᠠᠶᠢᠰᠠ ᠰᠡᠭᠦᠪᠡ᠃

    ᠳᠡᠯᠭᠡᠨ ᠦᠵᠡᠭᠦᠯᠦᠯᠭᠡ ᠶᠢᠨ ᠤᠷᠳᠤᠨ ᠢ 2016 ᠤᠨ ᠤ 4 ᠰᠠᠷ᠎ᠠ ᠡᠴᠡ ᠡᠬᠢᠯᠡᠨ ᠪᠠᠶᠢᠭᠤᠯᠵᠤ᠂ 《 ᠦᠩᠭᠡᠷᠡᠭᠰᠡᠨ᠂ ᠤᠳᠤᠬᠢ᠂ ᠢᠷᠡᠭᠡᠳᠦᠢ》 ᠪᠡᠷ ᠭᠤᠤᠯ ᠱᠤᠭᠤᠮ ᠢᠶᠡᠨ ᠪᠤᠯᠭᠠᠵᠤ᠂ ᠴᠡᠭ᠌᠂ ᠱᠤᠭᠤᠮ᠂ ᠬᠠᠪᠲᠠᠭᠠᠢ ᠬᠠᠷᠢᠯᠴᠠᠨ ᠤᠶᠠᠯᠳᠤᠬᠤ ᠪᠠ᠂ ᠳᠠᠭᠤ᠂ ᠭᠡᠷᠡᠯ᠂ ᠴᠠᠬᠢᠯᠭᠠᠨ᠂ ᠵᠢᠷᠤᠭ ᠬᠠᠷᠢᠯᠴᠠᠨ ᠤᠶᠠᠯᠳᠤᠬᠤ ᠶᠢ ᠪᠠᠷᠢᠮᠲᠠᠯᠠᠨ ᠪᠠᠶᠢᠴᠠᠭᠠᠬᠤ ᠬᠦᠭ᠍ᠵᠢᠯᠲᠠ ᠶᠢᠨ ᠲᠡᠤᠬᠡ ᠶᠢ ᠰᠢᠰᠲ᠋ᠸᠮ ᠲᠠᠢ ᠡᠷᠭᠢᠴᠡᠭᠦᠯᠵᠤ᠂ ᠨᠠᠨᠳᠢᠨ ᠲᠤᠷᠰᠢᠯᠭ᠎ᠠ ᠪᠡᠨ ᠪᠦᠬᠦ ᠲᠠᠯ᠎ᠠ ᠪᠡᠷ ᠬᠤᠷᠢᠶᠠᠩᠭ᠋ᠤᠶᠢᠯᠠᠪᠠ᠃ ᠠᠵᠢᠯ ᠤᠨ ᠠᠮᠵᠢᠯᠲᠠ ᠪᠦᠲᠦᠭᠡᠯ ᠢ ᠲᠤᠪᠤᠶᠢᠯᠭᠠᠨ᠂ ᠰᠡᠭᠦᠯᠴᠢ ᠦᠶ᠎ᠠ ᠶᠢᠨ ᠬᠢᠨ ᠢ ᠰᠡᠩᠬᠡᠷᠡᠭᠦᠯᠦᠨ ᠵᠢᠯᠤᠭᠤᠳᠴᠤ᠂ ᠭᠤᠤᠯ ᠰᠡᠲᠦᠪᠲᠤ ᠠᠭᠤᠯᠭ᠎ᠠ ᠪᠡᠨ ᠪᠦᠬᠦ ᠲᠠᠯ᠎ᠠ ᠪᠡᠷ ᠳᠡᠯᠭᠡᠨ ᠦᠵᠡᠭᠦᠯᠦᠨ᠎ᠠ᠃ ᠲᠤᠰ ᠤᠷᠳᠤᠨ ᠤ ᠪᠠᠶᠢᠭᠤᠯᠤᠭᠳᠠᠭᠰᠠᠨ ᠨᠢ ᠤᠷᠤᠨ ᠳᠠᠶᠠᠭᠠᠷ ᠤᠨ ᠪᠠᠶᠢᠴᠠᠭᠠᠬᠤ ᠪᠠᠶᠢᠭᠤᠯᠤᠯᠭ᠎ᠠ ᠶᠢᠨ ᠰᠤᠶᠤᠯ ᠤᠨ ᠪᠦᠲᠦᠭᠡᠨ ᠪᠠᠶᠢᠭᠤᠯᠤᠯᠲᠠ ᠰᠢᠨ᠎ᠠ ᠬᠦᠭ᠍ᠵᠢᠯᠲᠠ ᠶᠢᠨ ᠱᠠᠲᠤᠨ ᠳᠤ ᠤᠷᠤᠭᠰᠠᠨ ᠤ ᠪᠡᠯᠭᠡ ᠲᠡᠮᠳᠡᠭ ᠶᠤᠮ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121522567