蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠮᠠᠨᠵᠤᠤᠷ ᠠᠭᠠᠵᠢᠮ ᠢᠶᠡᠷ ᠤᠯᠠᠨ ᠤᠯᠤᠰ ᠤᠨ ᠠᠷᠠᠯᠵᠢᠶᠠᠨ ᠤ ᠲᠦᠪᠯᠡᠷᠡᠯ ᠤᠨ ᠭᠠᠵᠠᠷ ᠪᠤᠯᠵᠤ ᠪᠤᠢ

2017-08-22 15:47

    ᠰᠢᠨᠬᠤᠸᠠ ᠬᠤᠷᠢᠶ᠎ᠠ ᠬᠦᠬᠡᠬᠤᠳᠠ ᠶᠢᠨ 8 ᠰᠠᠷ᠎ᠠ ᠶᠢᠨ 21 ᠤ ᠡᠳᠤᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠲᠠᠷᠬᠠᠨ᠂ ᠽᠧᠤ ᠵᠢᠶᠠᠨ ᠫᠦ᠋ ᠵᠢᠶᠠᠩ ᠰᠢᠤᠸᠠᠢ ᠯᠠᠨ) ᠤᠯᠤᠰ ᠤᠨ ᠠᠩᠬᠠᠨ ᠤ ᠪᠦᠯᠦᠭ ᠨᠡᠬᠡᠬᠡᠨ ᠬᠦᠭ᠍ᠵᠢᠬᠦᠯᠬᠦ ᠲᠤᠷᠰᠢᠯᠳᠠ ᠶᠢᠨ ᠪᠦᠰᠡ ᠪᠤᠯᠤᠭᠰᠠᠨ ᠤ ᠬᠤᠪᠢ ᠳᠤ ᠦᠪᠦᠷ ᠮᠤᠩᠭ᠋ᠤᠯ ᠤᠨ ᠮᠠᠨᠵᠤᠤᠷ ᠶᠡᠷᠦᠩᠬᠡᠶᠢᠯᠡᠭᠰᠡᠨ ᠭᠠᠶᠢᠯᠢ ᠶᠢᠨ ᠴᠢᠯᠦᠬᠡᠳᠤ ᠪᠦᠰᠡ᠂ ᠠᠷᠠᠯᠵᠢᠶᠠᠨ ᠤ ᠪᠦᠰᠡ ᠶᠢᠨ ᠪᠠᠶᠢᠭᠤᠯᠤᠯᠳᠠ ᠵᠢᠴᠢ ᠲᠤᠮᠳᠠᠳᠤ ᠧᠦ᠋ᠷᠦᠫᠠ ᠶᠢᠨ ᠭᠠᠯᠳᠤ ᠶᠢᠨ ᠦᠳᠳᠡᠷ ᠬᠦᠭ᠍ᠵᠢᠯᠳᠡ ᠳᠤ ᠲᠦᠰᠢᠭᠯᠡᠨ ᠠᠭᠠᠵᠢᠮ ᠢᠶᠡᠷ ᠤᠯᠠᠨ ᠤᠯᠤᠰ ᠤᠨ ᠠᠷᠠᠯᠵᠢᠶᠠᠨ ᠤ ᠲᠦᠪᠯᠡᠷᠡᠯ ᠤᠨ ᠭᠠᠵᠠᠷ ᠪᠤᠯᠵᠤ ᠪᠠᠶᠢᠨ᠎ᠠ᠃

    ᠤᠶᠢᠷ᠎ᠠ ᠳᠤ᠂ ᠲᠤᠮᠳᠠᠳᠤ ᠤᠯᠤᠰ ᠤᠨ ᠤᠯᠠᠨ ᠤᠯᠤᠰ ᠤᠨ ᠬᠤᠳᠠᠯᠳᠤᠭᠠᠨ ᠤ ᠺᠤᠮᠢᠰ 《2017 ᠲᠤᠮᠳᠠᠳᠤ ᠤᠯᠤᠰ (ᠮᠠᠨᠵᠤᠤᠷ) ᠤᠯᠠᠨ ᠤᠯᠤᠰ ᠤᠨ ᠠᠷᠠᠯᠵᠢᠶ᠎ᠠ ᠪᠤᠯᠤᠨ ᠬᠦᠷᠦᠩᠬᠡ ᠤᠷᠤᠯᠠᠭᠤᠯᠤᠯᠳᠠ ᠶᠢᠨ ᠦᠵᠡᠰᠬᠦᠯᠡᠩ》 ᠢ᠋ ᠰᠠᠨᠠᠭᠠᠴᠢᠯᠠᠨ ᠡᠷᠬᠢᠯᠡᠭᠰᠡᠨ ᠨᠢ ᠡᠯ᠎ᠡ ᠤᠯᠤᠰ ᠤᠨ ᠬᠤᠳᠠᠯᠳᠤᠭᠠᠨ ᠤ ᠺᠤᠮᠢᠰ ᠪᠤᠯᠤᠨ ᠤᠯᠤᠰ ᠤᠨ ᠲᠤᠳᠤᠭᠠᠳᠤ ᠶᠢᠨ ᠡᠯ᠎ᠡ ᠺᠤᠮᠫᠠᠨᠢ ᠶᠢᠨ ᠬᠤᠭᠤᠷᠤᠨᠳᠤᠬᠢ ᠠᠷᠠᠯᠵᠢᠶᠠᠨ ᠤ ᠬᠠᠷᠢᠯᠴᠠᠭᠠᠨ ᠳᠤ ᠲᠤᠬᠢᠶᠠᠯ ᠬᠠᠩᠭ᠋ᠠᠭᠰᠠᠨ ᠪᠠᠶᠢᠨ᠎ᠠ᠃

    ᠲᠡᠮᠦᠷ ᠵᠠᠮ᠂ ᠵᠠᠰᠠᠮᠠᠯ ᠵᠠᠮ᠂ ᠠᠭᠠᠷ ᠠᠶᠠᠯᠠᠯ ᠨᠢᠬᠡ ᠴᠤᠭᠴᠠᠴᠢᠯᠠᠭᠰᠠᠨ ᠪᠤᠭᠤᠮᠳᠠ ᠶᠢᠨ ᠲᠡᠭᠡᠭᠡᠪᠦᠷᠢᠯᠡᠬᠦ ᠰᠢᠰᠲ᠋ᠧᠮ ᠲᠠᠢ ᠮᠠᠨᠵᠤᠤᠷ ᠬᠤᠳᠠ ᠤᠯᠤᠰ ᠲᠠᠶᠠᠭᠠᠷ ᠤᠨ ᠬᠢᠯᠢ ᠲᠠᠭᠠᠤ ᠪᠤᠭᠤᠮᠳᠠ ᠳᠤ 《 ᠭᠤᠷᠪᠠᠨ ᠨᠡᠪᠳᠡᠷᠡᠯᠴᠡᠭᠡ》 ᠪᠤᠭᠤᠮᠳᠠ ᠦᠩᠬᠡᠷᠡᠬᠦ ᠪᠤᠯᠤᠨ ᠤᠯᠠᠨ ᠤᠯᠤᠰ ᠤᠨ ᠠᠷᠠᠯᠵᠢᠶᠠᠨ ᠤ 《ᠲᠤᠰᠠᠭᠠᠷ ᠴᠤᠩᠬᠤ》 ᠪᠠᠶᠢᠭᠤᠯᠬᠤ ᠶᠢ ᠨᠡᠯᠢᠶᠡᠳ ᠡᠷᠳᠡ ᠪᠡᠶᠡᠯᠡᠬᠦᠯᠦᠭᠰᠡᠨ ᠶᠤᠮ᠃ ᠡᠬᠦᠨ ᠳᠤ ᠲᠡᠮᠦᠷ ᠵᠠᠮ ᠤᠨ ᠪᠤᠭᠤᠮᠳᠠ ᠶᠢᠨ ᠵᠢᠯ ᠳᠤ ᠲᠡᠭᠡᠭᠡᠪᠦᠷᠢᠯᠡᠬᠦ ᠴᠢᠳᠠᠮᠵᠢ ᠨᠢ 7000 ᠲᠦᠮᠡᠨ ᠲᠤᠨ ᠳᠤ ᠬᠦᠷᠴᠦ᠂ 《 ᠤᠷᠤᠰ ᠮᠠᠨᠵᠤᠤᠷ ᠧᠦ᠋ᠷᠦᠫᠠ 》 ᠵᠡᠷᠬᠡ ᠬᠢᠯᠢ ᠲᠠᠮᠨᠠᠭᠰᠠᠨ ᠴᠢᠩᠬᠡᠯᠢᠭ᠍ᠳᠤ ᠭᠠᠯᠳᠤ 34 ᠵᠤᠷᠪᠤᠰ ᠨᠡᠪᠳᠡᠷᠡᠭᠰᠡᠨ ᠪᠠᠶᠢᠨ᠎ᠠ᠃ ᠵᠠᠰᠠᠮᠠᠯ ᠵᠠᠮ ᠤᠨ ᠪᠤᠭᠤᠮᠳᠠ 24 ᠴᠠᠭ ᠨᠡᠪᠳᠡᠷᠡᠬᠦ ᠶᠢ ᠭᠡᠷᠡᠭᠵᠢᠬᠦᠯᠵᠤ᠂ ᠵᠢᠯ ᠤᠨ ᠨᠡᠪᠳᠡᠷᠡᠬᠦ ᠴᠢᠳᠠᠮᠵᠢ ᠨᠢ ᠲᠠᠪᠬᠤᠷᠳᠠᠭᠰᠠᠨ ᠲᠤᠭ᠎ᠠ ᠪᠡᠷ1200 ᠲᠦᠮᠡᠨ ᠠᠶᠠᠨᠴᠢᠨ᠂ ᠮᠠᠰᠢᠨ ᠲᠡᠷᠭᠡ 120 ᠲᠦᠮᠡ᠂ ᠪᠠᠷᠠᠭ᠎ᠠ ᠲᠠᠸᠠᠷ 1000 ᠲᠦᠮᠡᠨ ᠲᠤᠨ ᠳᠤ ᠬᠦᠷᠴᠤ᠂ ᠠᠭᠠᠷ ᠠᠶᠠᠯᠠᠯ ᠤᠨ ᠪᠤᠭᠤᠮᠳᠠ ᠶᠢᠨ ᠵᠢᠯ ᠳᠤ ᠲᠡᠭᠡᠭᠡᠪᠦᠷᠢᠯᠡᠬᠦ ᠴᠢᠳᠠᠮᠵᠢ ᠨᠢ ᠲᠠᠪᠬᠤᠷᠳᠠᠭᠰᠠᠨ ᠲᠤᠭ᠎ᠠ ᠪᠡᠷ 200 ᠲᠦᠮᠡᠨ ᠠᠶᠠᠨᠴᠢᠨ ᠳᠤ ᠬᠦᠷᠴᠡᠢ᠃

    《ᠬᠠᠭᠤᠴᠢᠨ ᠪᠧᠷᠨ᠋ᠳ᠋》 ᠤ᠋ᠨ ᠪᠤᠭᠤᠮᠳᠠ ᠪᠡᠷ ᠢᠶᠡᠨ ᠤᠷᠤᠰ ᠮᠤᠩᠭ᠋ᠤᠯ ᠤᠨ ᠠᠶᠠᠨᠴᠢᠨ ᠬᠤᠳᠠᠯᠳᠤᠭᠠᠴᠢᠨ ᠢ ᠲᠠᠳᠠᠬᠤ ᠪᠡᠷ ᠪᠠᠷᠠᠬᠤ ᠦᠭᠡᠢ 《 ᠨᠢᠬᠡ ᠪᠦᠰᠡ ᠨᠢᠬᠡ ᠵᠠᠮ》ᠱᠤᠭᠤᠮ ᠲᠠᠭᠠᠤ ᠬᠤᠳᠠ ᠪᠤᠯᠤᠭᠰᠠᠨ ᠤ ᠬᠤᠪᠢ ᠳᠤ ᠮᠠᠨᠵᠤᠤᠷ ᠤᠨ ᠪᠤᠰᠤᠳ ᠤᠯᠤᠰ ᠲᠡᠬᠢ ᠲᠠᠳᠠᠬᠤ ᠬᠦᠴᠦᠨ ᠮᠦᠨ ᠤᠯᠠᠮ ᠢᠶᠡᠷ ᠴᠢᠩᠭ᠋ᠠᠷᠠᠵᠤ ᠪᠤᠢ᠃

    ᠲᠤᠰ ᠤᠳᠠᠭᠠᠨ ᠤ ᠦᠵᠡᠰᠬᠦᠯᠡᠩ 《 ᠬᠤᠯᠪᠤᠭᠠᠯᠠᠨ ᠨᠡᠪᠳᠡᠷᠡᠯᠴᠡᠬᠦ᠂ ᠬᠠᠮᠳᠤ ᠪᠡᠷ ᠠᠰᠢᠭ ᠬᠦᠷᠳᠡᠬᠦ》 ᠭᠤᠤᠯ ᠰᠡᠳᠤᠪ ᠤᠨ ᠲᠤᠭᠤᠷᠢᠨ ᠳᠤ 3 ᠲᠦᠮᠡᠨ ᠺᠦᠸᠠᠳ᠋ ᠺᠢᠯᠤᠮᠧᠲ᠋ᠷ ᠤᠨ ᠦᠵᠡᠰᠬᠦᠯᠡᠩ ᠤᠨ ᠲᠠᠯᠠᠪᠠᠢ ᠳᠤ 600 ᠭᠠᠷᠤᠢ ᠪᠠᠷᠢᠮᠵᠢᠶ᠎ᠠ ᠦᠵᠡᠬᠦᠯᠦᠯᠬᠡ ᠶᠢᠨ ᠲᠠᠰᠤᠭ ᠲᠤᠬᠢᠷᠠᠭᠤᠯᠤᠨ᠂ ᠪᠡᠭᠡᠵᠢᠩ᠂ ᠱᠠᠩᠬᠠᠢ᠂ ᠱᠠᠨᠳᠦ᠋ᠩ ᠵᠡᠷᠬᠡ 10 ᠮᠤᠵᠢ ᠬᠤᠳᠠ ᠶᠢᠨ ᠺᠤᠮᠫᠠᠨᠢ᠂ ᠤᠷᠤᠰ᠂ ᠮᠤᠩᠭ᠋ᠤᠯ᠂ ᠨᠧᠫᠠᠯ ᠵᠡᠷᠬᠡ 22 ᠤᠯᠤᠰ ᠤᠨ ᠺᠤᠮᠫᠠᠨᠢ ᠪᠤᠯᠤᠨ ᠬᠤᠳᠠᠯᠳᠤᠭᠠᠴᠢᠳ ᠦᠵᠡᠰᠬᠦᠯᠡᠩ ᠳᠤ ᠤᠷᠤᠯᠴᠠᠵᠠᠢ᠃ 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121523718